ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠪᠠ ᠰᠢ ᠵᠢᠨ ᠫᠢᠩ ᠬᠤᠷᠠᠯᠳᠤᠭ᠋ᠠᠨ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-06-30

   ᠰᠢᠨᠬᠤᠸᠠ ᠬᠣᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ 6 ᠳ᠋ᠤᠭ᠋ᠠᠷ ᠰᠠᠷ᠎ᠠ ᠵᠢᠨ 30᠎ᠤ ᠡᠳᠦᠷ ᠬᠤᠷᠠᠯᠳᠤᠭ᠋ᠠᠨ ᠬᠤᠷᠠᠯᠳᠤᠭᠤᠯᠵᠤ᠂ 《ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠠᠵᠢᠯ᠎ᠤᠨ ᠳᠦᠷᠢᠮ》᠎ᠢ ᠬᠢᠨᠠᠨ ᠶᠠᠷᠢᠯᠴᠠᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠲᠣᠰ ᠬᠤᠷᠠᠯᠳᠤᠭ᠋ᠠᠨ᠎ᠢ ᠡᠷᠬᠢᠯᠡᠪᠡ᠃

   ᠬᠤᠷᠠᠯᠳᠤᠭ᠋ᠠᠨ ᠵᠶ᠋ᠠᠷ ᠵᠢᠭ᠋ᠠᠵᠤ ᠭᠠᠷᠭ᠋ᠠᠬᠤ᠎ᠳᠤ᠎ᠪᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢ ᠪᠠᠶ᠋ᠢᠭᠤᠯᠬᠤ ᠪᠣᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠦᠷᠢᠨᠰᠢᠭᠦᠯᠬᠦ᠂ ᠴᠢᠬᠤᠯᠠ ᠶᠡᠬᠡ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠳᠦᠷᠢᠮ᠎ᠤᠨ ᠴᠢᠬᠤᠯᠠ ᠲᠣᠬᠢᠷᠠᠭᠤᠯᠤᠯᠲᠠ ᠪᠣᠯᠣᠨ᠎ᠠ᠃ 《ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠠᠵᠢᠯ᠎ᠤᠨ ᠳᠦᠷᠢᠮ》᠎ᠢ ᠲᠣᠭᠲᠠᠭ᠋ᠠᠨ ᠨᠡᠢ᠌ᠲᠡᠯᠡᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠲᠣᠬᠢᠷᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠬᠤ᠎ᠨᠢ ᠴᠢᠬᠤᠯᠠ ᠶᠡᠬᠡ ᠠᠵᠢᠯ᠎ᠳᠠᠬᠢ ᠦᠵᠦ ᠲᠥᠯᠥᠪᠯᠡᠭᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠡᠭᠦᠷᠭᠡ ᠴᠢᠳᠠᠪᠬᠢ ᠵᠢ ᠰᠢᠮᠳᠠᠭᠤᠯᠤᠨ ᠨᠠᠢ᠌ᠳᠠᠪᠤᠷᠢᠵᠢᠭᠤᠯᠬᠤ ᠦᠢ᠍ᠯᠡᠳᠦᠯ᠎ᠢ᠎ᠨᠢ ᠰᠠᠢ᠌ᠲᠤᠷ ᠪᠠᠳᠠᠷᠠᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠡᠢ᠃

   ᠬᠤᠷᠠᠯᠳᠤᠭ᠋ᠠᠨ ᠵᠶ᠋ᠠᠷ ᠴᠢᠬᠤᠯᠠᠴᠢᠯᠠᠬᠤ᠎ᠳᠤ᠎ᠪᠠᠨ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ᠎ᠨᠢ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠣᠨᠣᠪᠴᠢᠲᠠᠢ ᠡᠵᠡᠮᠳᠡᠵᠦ᠂ ᠶᠡᠬᠡ ᠶᠠᠪᠤᠳᠠᠯ᠎ᠢ ᠲᠥᠯᠥᠪᠯᠡᠬᠦ᠂ ᠶᠡᠬᠡ ᠶᠠᠪᠤᠳᠠᠯ᠎ᠢ ᠵᠥᠪᠯᠡᠬᠦ᠂ ᠶᠡᠬᠡ ᠶᠠᠪᠤᠳᠠᠯ᠎ᠢ ᠠᠳᠬᠤᠬᠤ ᠵᠢ ᠪᠠᠷᠢᠮᠲᠠᠯᠠᠵᠤ᠂ ᠴᠢᠬᠤᠯᠠ ᠶᠡᠬᠡ ᠠᠵᠢᠯ᠎ᠳᠤ ᠨᠡᠩ ᠪᠦᠲᠦᠮᠵᠢᠲᠡᠢ ᠶᠡᠷᠦᠩᠬᠡᠢ᠌ᠯᠡᠭᠰᠡᠨ ᠵᠢᠯᠣᠭᠣᠳᠤᠯᠭ᠎ᠠ ᠪᠠ ᠵᠣᠬᠢᠴᠠᠭᠤᠯᠭ᠎ᠠ ᠵᠢ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠬᠦ᠎ᠠᠴᠠ ᠪᠢᠰᠢ ᠲᠡᠭᠦᠨ᠎ᠢ ᠣᠷᠣᠯᠠᠨ ᠪᠡᠶᠡᠯᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠠᠴᠠ ᠪᠢᠰᠢ ᠡᠷᠬᠡ ᠳᠠᠪᠠᠭᠤᠯᠤᠨ ᠬᠡᠷᠡᠭᠵᠢᠭᠦᠯᠬᠦ ᠪᠢᠰᠢ ᠪᠠᠢ᠌ᠬᠤ ᠬᠡᠷᠡᠭᠲᠡᠢ᠃ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠨ ᠬᠡᠷᠡᠭ ᠵᠥᠪᠯᠡᠬᠦ ᠵᠢᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠳᠠᠲᠠᠢ᠎ᠲᠠᠢ ᠨᠡᠢ᠌ᠴᠡᠭᠰᠡᠨ᠂ ᠪᠦᠲᠦᠮᠵᠢᠲᠡᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ ᠭᠡᠵᠡᠢ᠃

   ᠬᠤᠷᠠᠯᠳᠤᠭ᠋ᠠᠨ ᠵᠶ᠋ᠠᠷ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠰᠢᠨᠬᠤᠸᠠ ᠬᠣᠷᠢᠶ᠎ᠠ