ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ ᠵᠢᠨ ᠫᠢᠩ ᠰᠦᠷᠢᠨᠠᠮ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ ᠰᠢᠮᠧᠩᠰ᠎ᠲᠦ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶ᠋ᠢᠲᠡᠯᠡᠭᠰᠡᠨ ᠴᠠᠭ᠄ 2025-07-14

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 13᠎ᠦ ᠴᠠᠬᠢᠯᠭᠠᠨ ᠮᠡᠳᠡᠭᠡ  7 ᠰᠠᠷ᠎ᠠ᠎ᠶᠢᠨ 11᠎ᠦ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠰᠢᠮᠧᠩᠰ᠎ᠲᠦ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠦᠭᠦᠳᠡ ᠨᠠᠢᠷᠠᠮᠳᠠᠬᠤ ᠰᠦᠷᠢᠨᠠᠮ ᠤᠯᠤᠰ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

ᠰᠢ ᠵᠢᠨ ᠫᠢᠩ᠂ ᠰᠦᠷᠢᠨᠠᠮ ᠪᠣᠯ ᠺᠠᠷᠢᠪᠸ ᠣᠷᠣᠨ᠎ᠳᠠᠬᠢ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 49 ᠵᠢᠯ᠎ᠦᠨ ᠲᠤᠷᠰᠢ᠂ ᠬᠣᠶᠠᠷ ᠲᠠᠯ᠎ᠠ᠎ᠶᠢᠨ ᠬᠠᠮᠲᠤ᠎ᠶᠢᠨ ᠴᠢᠷᠮᠠᠢᠯᠭ᠎ᠠ᠎ᠪᠠᠷ᠂ ᠳᠤᠮᠳᠠᠳᠤ ᠰᠦᠷᠢᠨᠠᠮ᠎ᠤᠨ ᠬᠠᠷᠢᠯᠴᠠᠭ᠎ᠠ ᠡᠷᠡᠭᠦᠯ ᠪᠥᠭᠡᠳ ᠲᠣᠭᠲᠠᠭᠤᠨ᠎ᠢᠶᠠᠷ ᠬᠥᠭᠵᠢᠵᠦ᠂ ᠡᠯ᠎ᠡ ᠬᠦᠷᠢᠶᠡᠨ᠎ᠳᠡᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠣᠯᠠᠨ ᠲᠠᠯ᠎ᠠ᠎ᠶᠢᠨ ᠬᠡᠷᠡᠭ ᠶᠠᠪᠤᠳᠠᠯ ᠳᠤᠮᠳᠠ ᠨᠢᠭ᠍ᠲᠠ ᠵᠣᠬᠢᠴᠠᠭᠤᠯᠭ᠎ᠠ᠎ᠪᠠᠨ ᠪᠠᠲᠤᠯᠠᠪᠠ᠃ ᠪᠢ ᠳᠤᠮᠳᠠᠳᠤ ᠰᠦᠷᠢᠨᠠᠮ᠎ᠤᠨ ᠬᠠᠷᠢᠯᠴᠠᠭ᠎ᠠ᠎ᠶᠢᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭᠴᠢ ᠰᠢᠮᠧᠩᠰ ᠲᠡᠢ ᠬᠠᠮᠲᠤ᠎ᠪᠠᠷ ᠴᠢᠷᠮᠠᠢᠵᠤ ᠬᠠᠷᠢᠯᠴᠠᠨ ᠠᠰᠢᠭ᠍ᠲᠠᠢ ᠨᠥᠬᠥᠷᠰᠡᠭ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠨᠡᠩ ᠶᠡᠬᠡ ᠬᠥᠭᠵᠢᠯᠲᠡ ᠲᠡᠢ ᠪᠣᠯᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ