(2026 ᠣᠨ᠎ᠤ 1 ᠰᠠᠷ᠎ᠠ᠎ᠶ᠋ᠢᠨ 14 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ 2026 ᠣᠨ᠎ᠤ 1 ᠰᠠᠷ᠎ᠠ᠎ᠶ᠋ᠢᠨ 12᠎ᠡᠴᠡ 14 ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠡᠨᠡ ᠤᠳᠠᠭ᠎ᠠ᠎ᠶ᠋ᠢᠨ ᠪᠦᠭᠦᠳᠡ ᠬᠤᠷᠠᠯ᠎ᠳᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠭᠡᠱᠢᠭᠦᠨ 120 ᠬᠥᠮᠦᠨ ᠣᠷᠣᠯᠴᠠᠵᠤ᠂ 265 ᠬᠥᠮᠦᠨ ᠰᠤᠯᠠ ᠣᠷᠣᠯᠴᠠᠪᠠ᠃
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠡᠣᠯᠣᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠪᠦᠭᠦᠳᠡ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠠᠶ᠃ ᠯᠢ ᠴᠢᠶᠠᠩ᠂ ᠵᠤᠤ ᠯᠸ ᠵᠶ᠋ᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠱᠢᠶᠠᠩ᠂ ᠯᠢ ᠰᠢ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠬᠥᠮᠦᠰ ᠬᠤᠷᠠᠯ᠎ᠳᠤ ᠣᠷᠣᠯᠴᠠᠪᠠ᠃
ᠪᠦᠬᠦᠳᠡ ᠬᠤᠷᠠᠯ᠎ᠢ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ ᠡᠷᠬᠢᠯᠡᠪᠡ᠃ ᠪᠥᠬᠥᠳᠡ ᠬᠤᠷᠠᠯ᠎ᠡᠴᠡ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 2025 ᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠳ᠋ᠦᠩᠨᠡᠵᠦ᠍᠂ 2026 ᠣᠨ᠎ᠤ ᠡᠭᠦᠷᠭᠡ᠎ᠶ᠋ᠢ ᠪᠠᠢᠷᠢᠯᠠᠭᠤᠯᠵᠤ᠂ ᠯᠢ ᠰᠢ ᠨᠥᠬᠥᠷ᠎ᠦᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠵᠢᠨ ᠡᠮᠦᠨ᠎ᠠ᠎ᠠᠴᠠ ᠬᠢᠭ᠌ᠰᠡᠨ 《ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 〈ᠠᠷᠪᠠᠨ ᠲᠠᠪᠤᠳᠤᠭᠠᠷ ᠲᠠᠪᠤᠨ ᠵᠢᠯ〉᠎ᠦᠨ ᠬᠤᠭᠤᠴᠠᠭᠠᠨ᠎ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠰᠤᠭᠠᠢ》 ᠭᠡᠬᠦ᠌ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠪᠠᠲᠤᠯᠠᠪᠠ᠃
ᠪᠥᠬᠥᠳᠡ ᠬᠤᠷᠠᠯ᠎ᠡᠴᠡ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ ᠭᠦᠨᠵᠡᠭᠡᠶ ᠣᠢᠯᠠᠭᠠᠪᠠ᠃ ᠤᠯᠠᠨ᠎ᠢᠶᠠᠷ᠎ᠢᠶᠠᠨ᠂ ᠶᠠᠷᠢᠶ᠎ᠠ ᠨᠢ ᠥᠩᠭᠡᠷᠡᠭ᠌ᠰᠡᠨ ᠨᠢᠭᠡ ᠵᠢᠯ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠣᠯᠤᠭ᠍ᠰᠠᠨ ᠢᠯᠡᠷᠬᠡᠢ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ᠎ᠠᠴᠠ ᠪᠤᠳᠤᠯᠬᠢᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ᠎ᠤᠨ ᠡᠩᠨᠡᠭᠡ᠎ᠳᠦ ᠴᠢᠩ ᠰᠡᠳᠭᠢᠯ᠎ᠦᠨ ᠬᠦᠰᠡᠯ ᠡᠷᠡᠮᠡᠯᠵᠡᠯ ᠲᠠᠯᠪᠢᠵᠠᠢ᠃ ᠶᠠᠷᠢᠶ᠎ᠠ ᠨᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠬᠠᠷᠠᠭᠠᠰᠤ ᠦᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭ᠍ᠳᠠᠬᠤᠨ ᠪᠠᠶᠠᠯᠢᠭ ᠪᠠᠢᠵᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠣᠳᠭᠤ ᠴᠢᠨᠠᠷᠲᠠᠶ ᠪᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ ᠭᠡᠵᠤ ᠰᠠᠨᠠᠯ ᠨᠢᠭᠡᠳᠠᠢ ᠦᠵᠡᠪᠡ᠃ ᠤᠯᠠᠨ᠎ᠢᠶᠠᠷ᠎ᠢᠶᠠᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠬᠠᠷᠢᠭᠤᠴᠠᠯᠭᠠᠳᠤ ᠤᠬᠠᠮᠰᠠᠷ ᠪᠠ ᠲᠡᠮᠡᠴᠡᠯ᠎ᠦᠨ ᠵᠣᠷᠢᠭ᠎ᠢᠶᠠᠨ ᠴᠢᠩᠭᠠᠳᠭᠠᠵᠤ᠂ ᠡᠭᠦᠷᠭᠡ ᠲᠤᠱᠢᠶᠠᠯ᠎ᠢᠶᠠᠨ ᠰᠢᠳᠤᠷᠭᠤ᠎ᠪᠡᠷ ᠭᠦᠢᠴᠡᠳᠭᠡᠵᠦ᠍᠂ ᠬᠠᠷᠢᠭᠤᠴᠠᠯᠭ᠎ᠠ᠎ᠪᠠᠨ ᠦᠨᠡᠨᠴᠢ᠎ᠪᠡᠷ ᠪᠡᠶᠡᠯᠡᠭᠦᠯᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠶ᠋ᠢ ᠪᠡᠶᠡᠯᠡᠭᠦᠯᠬᠦ᠌᠎ᠶᠢᠨ ᠲᠤᠭᠤᠷᠢᠨ᠎ᠳᠤ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠴᠦᠬᠦᠷᠡᠰᠢ ᠦᠭᠡᠢ ᠴᠢᠩᠭᠠᠳᠭᠠᠵᠤ᠂ ᠡᠷᠡᠰ ᠭᠤᠢᠪᠢᠰᠢ ᠦᠭᠡᠢ᠎ᠪᠡᠷ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠨ᠂ ᠢᠮᠠᠭ᠍ᠲᠠ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠡᠶᠡᠯᠡᠭᠦᠯᠵᠦ᠍᠂ ᠵᠣᠷᠢᠭ᠍ᠲᠠᠢ ᠪᠥᠭᠡᠳ ᠴᠢᠳᠠᠮᠠᠭᠠᠢ᠎ᠪᠠᠷ ᠲᠡᠮᠡᠴᠡᠯ ᠬᠢᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠲᠣᠭ᠍ᠲᠠᠭ᠍ᠰᠠᠨ ᠬᠤᠭᠤᠴᠠᠭᠠᠨ᠎ᠳᠤ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠵᠡᠭᠡᠪᠡ᠃
ᠪᠦᠬᠦᠳᠡ ᠬᠤᠷᠠᠯ᠎ᠡᠴᠡ᠂ 2025 ᠣᠨ᠎ᠳᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠴᠥᠬᠥᠷᠡᠰᠢ ᠦᠭᠡᠢ ᠠᠬᠢᠭᠤᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠲᠡᠮᠡᠴᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠠᠢ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠣᠯᠤᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠭ᠍ᠰᠢᠯᠠᠵᠤ᠂ 《ᠬᠣᠶᠠᠷ᠎ᠢ ᠲᠣᠭ᠍ᠲᠠᠭᠠᠭᠰᠠᠨ》᠎ᠢ ᠨᠠᠩ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠦ᠍᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ᠎ᠶ᠋ᠢᠨ ᠲᠥᠯᠥᠭᠡ ᠨᠠᠩ ᠡᠷᠡᠰ ᠪᠠᠲᠤ ᠲᠡᠮᠡᠴᠡᠵᠤ᠂ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠬᠠᠮᠠᠭᠠᠯᠠᠬᠤ᠎ᠶ᠋ᠢᠨ ᠲᠥᠯᠥᠭᠡ ᠲᠠᠮᠡᠴᠡᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠦᠨ ᠱᠢᠨ᠎ᠡ ᠦᠷ᠎ᠡ ᠪᠦᠲᠦᠮᠵᠢ᠎ᠪᠡᠷ ᠨᠠᠮ ᠪᠣᠯᠤᠨ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠬᠦᠴᠦᠲᠡᠶ ᠪᠠᠲᠤᠯᠠᠭ᠎ᠠ ᠬᠠᠩᠭᠠᠪᠠ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ 《ᠰᠢ᠎ᠵᠢᠨ᠎ᠫᠢᠩ ᠲᠥᠷᠥ᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠣᠲᠢ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ ᠲᠤᠬᠠᠶ ᠴᠢᠬᠤᠯᠠ ᠦᠵᠡᠯ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠬᠤ᠎ᠶ᠋ᠢ ᠴᠢᠩᠭᠠᠳᠭᠠᠵᠤ᠂ ᠪᠥᠬᠥ᠌ ᠱᠢᠰᠲ᠋ᠧᠮ᠎ᠦᠨ ᠬᠢᠨ᠎ᠦ ᠦᠵᠡᠯ ᠰᠠᠨᠠᠭ᠎ᠠ᠎ᠶ᠋ᠢ ᠰᠤᠷᠤᠯᠴᠠᠬᠤ᠂ ᠦᠨᠡᠨ ᠶᠣᠰᠣ᠎ᠶ᠋ᠢ ᠣᠢᠯᠠᠭᠠᠬᠤ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢ ᠳᠠᠢᠴᠢᠯᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠢᠮᠠᠭ᠍ᠲᠠ ᠵᠥᠪ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃ 《ᠬᠣᠶᠠᠷ᠎ᠢ ᠬᠠᠮᠠᠭᠠᠯᠠᠬᠤ》 ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢᠨ ᠲᠣᠭᠣᠷᠢᠨ᠎ᠳᠤ ᠤᠯᠤᠰ ᠲᠥᠷᠥ᠎ᠶ᠋ᠢᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠤᠯᠤᠰ ᠲᠥᠷᠥ᠎ᠶ᠋ᠢᠨ ᠲᠣᠭᠣᠷᠢᠨ ᠪᠠᠢᠴᠠᠭᠠᠯᠲᠠ᠎ᠶ᠋ᠢ ᠭᠦᠨᠵᠡᠭᠡᠢᠷᠡᠭᠦᠯᠵᠦ᠍᠂ ᠮᠤᠵᠢ ᠣᠷᠣᠨ ᠬᠣᠲᠠ᠎ᠳ᠋ᠤ ᠲᠤᠭᠤᠷᠢᠨ ᠪᠠᠢᠴᠠᠭᠠᠯᠳᠠ ᠬᠢᠬᠦ᠎ᠶᠢ ᠪᠦᠬᠦᠨ᠎ᠢ ᠪᠦᠷᠬᠦᠬᠦᠯᠬᠦ᠎ᠶᠢ ᠴᠢᠨᠠᠷ ᠰᠠᠢᠲᠠᠶ ᠪᠡᠶᠡᠯᠡᠭᠦᠯᠵᠦ᠍᠂ ᠨᠠᠮ᠎ᠤᠨ ᠲᠥᠪ ᠬᠣᠷᠢᠶ᠎ᠠ᠎ᠶᠢᠨ ᠦᠨᠳᠦᠰᠦᠨ ᠪᠣᠳᠣᠯᠭ᠎ᠠ ᠴᠢᠭ᠌ᠯᠡᠯᠲᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠬᠦᠴᠦᠲᠡᠶ ᠪᠠᠲᠤᠯᠠᠪᠠ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ 《ᠲᠦᠷᠪᠡᠨ ᠰᠤᠷᠲᠠᠯ》᠎ᠤᠨ ᠠᠷᠬᠠᠭ ᠭᠡᠮ᠎ᠢ ᠴᠢᠩᠭ᠎ᠠ ᠬᠦᠴᠦᠳᠡᠢ ᠵᠠᠯᠠᠷᠠᠭᠤᠯᠤᠨ ᠵᠠᠰᠠᠵᠤ᠂ ᠲᠣᠭ᠍ᠲᠠᠭᠠᠯ᠎ᠢ ᠵᠥᠷᠢᠴᠡᠨ ᠢᠳᠡᠵᠦ᠍ ᠤᠤᠭᠤᠭ᠍ᠰᠠᠨ ᠵᠡᠷᠭᠡ ᠨᠡᠢᠲᠡᠯᠢᠭ ᠬᠡᠷᠡᠭ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠢᠯᠡ ᠵᠠᠷᠯᠠᠨ ᠨᠡᠢᠲᠡᠯᠡᠵᠦ᠍᠂ ᠪᠦᠬᠦ᠌ ᠨᠠᠮ᠎ᠢᠶᠠᠷ᠎ᠢᠶᠠᠨ ᠤᠯᠠᠮ ᠨᠢᠭᠡ ᠠᠯᠬᠤᠮ ᠰᠤᠷᠲᠠᠯ᠎ᠢᠶᠠᠨ ᠰᠠᠢᠵᠢᠷᠠᠭᠤᠯᠵᠤ ᠱᠢᠨ᠎ᠡ ᠬᠡᠪ ᠰᠤᠷᠲᠠᠯ᠎ᠢ ᠪᠤᠢ ᠪᠣᠯᠭᠠᠬᠤ᠎ᠶ᠋ᠢ ᠠᠬᠢᠭᠤᠯᠪᠠ᠃ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠮᠥᠩᠭᠥᠨ ᠭᠦᠢᠯᠭᠡᠭᠡᠨ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠨᠧᠷᠭᠢ᠂ ᠭᠠᠯᠰᠡᠷᠭᠡᠢᠯᠡᠵᠤ ᠭᠠᠯ ᠤᠨᠲᠠᠷᠠᠭᠠᠬᠤ᠂ ᠨᠠᠪᠴᠢᠨ ᠲᠠᠮᠠᠬᠢ᠂ ᠡᠮ ᠡᠮᠨᠡᠯᠭᠡ᠂ ᠶᠡᠬᠡ ᠳᠡᠭᠡᠳᠦ ᠰᠤᠷᠭᠠᠭᠤᠯᠢ᠂ ᠪᠡᠶ᠎ᠡ᠎ᠶ᠋ᠢᠨ ᠲᠠᠮᠢᠷ᠂ ᠨᠡᠭᠡᠭᠡᠯᠳᠠ᠎ᠶᠢᠨ ᠲᠤᠭᠤᠷᠢᠭ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶᠢᠨ ᠦᠢᠯᠡᠰ᠂ ᠠᠶᠤᠯᠭᠦᠢ ᠦᠢᠯᠡᠳᠪᠦᠷᠢᠯᠡᠯ᠂ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠱᠢᠨ᠎ᠡ ᠬᠡᠯᠪᠡᠷᠢ᠎ᠶᠢᠨ ᠢᠯᠵᠢᠷᠠᠯ ᠪᠠ ᠲᠠᠯᠳᠠ ᠢᠯᠵᠢᠷᠠᠯ᠎ᠤᠨ ᠠᠰᠠᠭᠤᠳᠠᠯ᠎ᠢ ᠪᠠᠢᠴᠠᠭᠠᠬᠤ ᠭᠡᠷᠡᠴᠢ ᠪᠠᠷᠢᠮᠲᠠ᠎ᠶ᠋ᠢᠨ ᠵᠢᠯᠤᠭᠤᠳᠤᠮᠵᠢ᠎ᠶ᠋ᠢ ᠨᠡᠢᠲᠡᠯᠡᠵᠦ᠍᠂ ᠰᠤᠷᠲᠠᠯ᠎ᠤᠨ ᠠᠰᠠᠭᠤᠳᠠᠯᠢᠯᠵᠢᠷᠡᠯᠢ ᠵᠡᠷᠬᠡ᠎ᠳᠤᠨᠢ ᠪᠠᠢᠴᠠᠭᠠᠵᠤ ᠵᠡᠷᠬᠡ᠎ᠳᠤᠨᠢ ᠵᠠᠰᠠᠬᠤ ᠠᠵᠢᠯ᠎ᠢ ᠭᠦᠨᠵᠡᠭᠡᠢᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠢ ᠪᠠ ᠨᠥᠬᠥᠴᠡᠯ᠎ᠢ ᠬᠦᠴᠦᠯᠡᠨ ᠠᠷᠢᠯᠭᠠᠪᠠ᠃ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ 《ᠵᠢᠵᠢᠭ᠎ᠢᠶᠠᠷ ᠱᠠᠮᠰᠢᠵᠤ ᠪᠠᠭ᠎ᠠ᠎ᠪᠠᠷ ᠢᠯᠵᠢᠷᠠᠬᠦ》᠎ᠶᠢ ᠬᠦᠴᠦᠲᠡᠶ ᠵᠠᠯᠬᠠᠭᠠᠨ ᠱᠢᠢᠳᠭᠡᠵᠦ᠍᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠣᠯᠠᠨ ᠲᠦᠮᠡᠨ᠎ᠢ ᠨᠠᠩ ᠤᠯᠠᠨ ᠬᠦᠷᠳᠡᠮᠵᠢ᠎ᠶᠢᠨ ᠲᠥᠷᠥᠭ᠌ᠳᠡᠯ᠎ᠲᠡᠶ ᠪᠣᠯᠭᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠲᠥᠪ᠎ᠡᠴᠡ ᠬᠠᠮᠢᠶᠠᠷᠴᠤ᠌ ᠪᠠᠢᠭ᠎ᠠ ᠠᠵᠤ ᠠᠬᠤᠢᠯᠠᠯ᠎ᠳᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠢ ᠪᠥᠬᠥ᠌ ᠲᠠᠯ᠎ᠠ᠎ᠪᠠᠷ ᠲᠣᠮᠢᠯᠠᠨ ᠰᠠᠭᠤᠯᠭᠠᠬᠤ᠎ᠶ᠋ᠢ ᠪᠡᠶᠡᠯᠡᠭᠦᠯᠵᠦ᠍᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠤᠯᠢ ᠲᠣᠭ᠍ᠲᠠᠭᠠᠯ ᠲᠦᠷᠢᠮ ᠪᠠ ᠬᠢᠨᠠᠨ ᠪᠠᠢᠴᠠᠭᠠᠬᠤ ᠬᠠᠤᠯᠢ᠎ᠶ᠋ᠢᠨ ᠢᠵᠢ ᠪᠥᠷᠢᠳᠦᠭ᠌ᠰᠡᠨ ᠲᠦᠷᠢᠮ᠎ᠢ ᠠᠬᠢᠭᠤᠯᠤᠨ ᠲᠡᠭᠦᠯᠳᠡᠷᠵᠢᠭᠦᠯᠵᠦ᠍᠂ ᠲᠦᠷᠢᠮ᠎ᠦᠨ ᠳᠠᠪᠠᠭᠤᠯᠢᠭ᠎ᠢ ᠵᠠᠰᠠᠯᠲᠠ᠎ᠶ᠋ᠢᠨ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ᠎ᠶ᠋ᠢ ᠨᠠᠩ ᠰᠠᠢᠲᠤᠷ ᠠᠬᠢᠭᠤᠯᠪᠠ᠃ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢᠨ ᠣᠨ》᠎ᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠲᠣᠰ ᠪᠡᠶ᠎ᠡ᠎ᠶ᠋ᠢᠨ ᠪᠠᠢᠭᠤᠯᠤᠯᠲᠠ᠎ᠶ᠋ᠢᠨ 《ᠬᠠᠮ ᠠᠷᠭ᠎ᠠ ᠬᠡᠮᠵᠢᠶ᠎ᠡ》᠎ᠶᠢ ᠪᠤᠢ ᠪᠤᠯᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠲᠡᠮᠦᠷ ᠴᠡᠷᠢᠭ᠎ᠤᠨ ᠪᠠᠢᠭᠤᠯᠤᠯᠲᠠ ᠳᠠᠬᠢᠨ ᠱᠢᠨ᠎ᠡ ᠳᠡᠭ᠌ᠲᠡᠷ᠎ᠲᠦ ᠭᠠᠷᠪᠠ᠃ ᠠᠮᠵᠢᠯᠲᠠ᠎ᠪᠠᠨ ᠨᠤᠲᠠᠯᠠᠬᠤ᠎ᠶ᠋ᠢᠨ ᠵᠡᠷᠭᠡ᠎ᠪᠠᠷ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠪᠠ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠦᠨᠡᠨ᠎ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠦᠨᠡᠨ ᠬᠦ᠌ ᠱᠢᠢᠳᠪᠦᠷᠢᠯᠡᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠪᠦᠬᠦᠳᠡ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠱᠢᠨ᠎ᠡ ᠪᠠᠢᠳᠠᠯ ᠪᠠ ᠡᠭᠦᠷᠭᠡ ᠲᠤᠯᠭᠠᠷᠠᠵᠤ ᠪᠠᠢᠨ᠎ᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ᠎ᠵᠢᠨ᠎ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ᠎ᠶᠢᠨ ᠪᠠᠢᠳᠠᠯ᠎ᠤᠨ ᠲᠤᠬᠠᠢ ᠵᠦᠪ ᠣᠨᠣᠪᠴᠢᠲᠠᠢ ᠮᠠᠭᠠᠳᠯᠠᠯᠲᠠ᠂ ᠡᠭᠦᠷᠭᠡ᠎ᠶ᠋ᠢᠨ ᠲᠤᠬᠠᠢ ᠱᠢᠨᠵᠢᠯᠡᠬᠦ᠌ ᠤᠬᠠᠭᠠᠨᠴᠢ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ ᠲᠠᠯ᠎ᠠ᠎ᠪᠠᠷ ᠳᠤᠷᠠᠳᠤᠭ᠍ᠰᠠᠨ ᠨᠡᠩ ᠥᠨᠳᠥᠷ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠪᠦᠬᠦ᠌ ᠨᠠᠮ᠎ᠢᠶᠠᠷ᠎ᠢᠶᠠᠨ 《ᠬᠣᠶᠠᠷ᠎ᠢ ᠲᠣᠭ᠍ᠲᠠᠭᠠᠬᠰᠡᠨ》᠎ᠢ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠬᠦ᠌᠎ᠶ᠋ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ; 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ᠳ᠋ᠤ ᠡᠷᠬᠡ᠎ᠶ᠋ᠢ ᠲᠦᠷᠢᠮ᠎ᠦᠨ ᠱᠢᠩᠭᠡᠯᠢᠭ᠎ᠲᠦ ᠬᠣᠷᠢᠬᠤᠲᠤᠬᠠᠢ ᠳᠤᠷᠠᠳᠤᠭ᠍ᠰᠠᠨ ᠨᠡᠩ ᠥᠨᠳᠥᠷ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠲᠦᠷᠢᠮ᠎ᠢᠶᠡᠷ ᠡᠷᠬᠡ᠎ᠶ᠋ᠢ ᠵᠠᠰᠠᠬᠤ᠂ ᠲᠣᠭ᠍ᠲᠠᠭᠠᠯ ᠶᠣᠰᠣᠭᠠᠷ ᠡᠷᠬᠡ᠎ᠶ᠋ᠢ ᠬᠡᠷᠡᠭ᠌ᠯᠡᠬᠦ᠌᠎ᠶ᠋ᠢ ᠡᠷᠡᠰ ᠭᠤᠢᠪᠢᠰᠢ ᠦᠭᠡᠢ ᠴᠢᠩᠭᠠᠳᠭᠠᠬᠤ ᠭᠡᠷᠡᠭᠳᠠᠢ; 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ᠳ᠋ᠤ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠪᠠᠲᠤᠯᠠᠬᠤᠲᠤᠬᠠᠢ ᠳᠤᠷᠠᠳᠤᠭ᠍ᠰᠠᠨ ᠨᠡᠩ ᠥᠨᠳᠥᠷ ᠱᠠᠭᠠᠷᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠢᠯᠵᠢᠷᠠᠯ᠎ᠢ ᠡᠰᠡᠷᠭᠦᠴᠡᠬᠦ᠌ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠬᠤ ᠬᠡᠷᠡᠭ᠌ᠲᠡᠢ; 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳ᠋ᠡᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠤᠷᠮᠠᠱᠢᠭᠤᠯᠬᠤᠲᠤᠬᠠᠢ ᠳᠤᠷᠠᠳᠤᠭ᠍ᠰᠠᠨ ᠨᠠᠩ ᠥᠨᠳᠥᠷ ᠱᠠᠭᠠᠷᠳᠠᠯᠭ᠎ᠠ᠎ᠶ᠋ᠢ ᠭᠦᠨᠵᠡᠭᠡᠶ ᠡᠵᠡᠮᠳᠡᠵᠦ᠍᠂ ᠨᠠᠮ᠎ᠤᠨ ᠭᠡᠱᠢᠭᠦᠨ ᠺᠠᠳ᠋ᠷ᠎ᠤᠨ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠳᠤᠮᠳᠠ ᠠᠵᠢᠯ ᠬᠢᠵᠦ᠍ ᠦᠶ᠋ᠯᠡᠰ ᠪᠦᠳᠤᠭᠡᠬᠦ᠎ᠶᠢ ᠡᠷᠡᠰ ᠭᠤᠢᠪᠢᠰᠢ ᠥᠬᠡᠶ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠪᠦᠬᠦᠳᠡ ᠬᠤᠷᠠᠯ᠎ᠡᠴᠡ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠪᠠᠰᠠ ᠴᠤ᠌ ᠮᠠᠨ᠎ᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ ᠪᠣᠯᠤᠨ᠎ᠠ᠃ ᠡᠨᠡ ᠵᠢᠯ᠎ᠦᠨ ᠠᠵᠢᠯ᠎ᠢ ᠰᠠᠢᠲᠤᠷ ᠬᠢᠬᠦ᠎ᠳᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠢᠯᠵᠢᠷᠠᠬᠦ᠎ᠡᠴᠡ ᠵᠢᠷᠦᠬᠡᠱᠢᠶᠡᠬᠦ᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠵᠢ ᠪᠤᠳᠤᠬᠤ ᠦᠭᠡᠢ ᠪᠠᠢᠬᠤ᠎ᠶᠢ ᠨᠢᠭᠡ ᠴᠣᠭ᠍ᠴᠠᠵᠢᠭᠤᠯᠤᠨ ᠠᠬᠢᠭᠤᠯᠬᠤ ᠡᠷᠴᠢᠮ᠎ᠢ ᠴᠢᠨᠭᠭᠠᠷᠠᠭᠤᠯᠵᠤ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠶ ᠪᠠ ᠨᠥᠬᠥᠴᠡᠯ᠎ᠢ ᠨᠠᠩ ᠬᠦᠴᠦᠲᠡᠶ ᠪᠥᠭᠡᠳ ᠪᠦᠲᠦᠮᠵᠢᠲᠡᠶ᠎ᠪᠡᠷ ᠠᠷᠢᠯᠭᠠᠨ᠂ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ ᠪᠠᠢᠭᠤᠯᠤᠯᠲᠠ᠎ᠶ᠋ᠢᠨ ᠣᠨ》᠎ᠤ᠋ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠂ ᠱᠢᠨ᠎ᠡ ᠴᠠᠭ ᠦᠶ᠎ᠡ ᠱᠢᠨ᠎ᠡ ᠠᠶᠠᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃
ᠨᠢᠭᠡᠳᠦᠭᠡᠷ᠎ᠲᠦ᠂ ᠤᠯᠤᠰ ᠲᠦᠷᠦ᠍᠎ᠶ᠋ᠢᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠪᠦᠬᠦ᠌ ᠨᠠᠮ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭᠲᠡᠢ᠃ ᠨᠠᠮ᠎ᠤᠨ ᠱᠢᠨ᠎ᠡ ᠡᠭᠦᠳᠦᠯᠲᠡ᠎ᠶᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠬᠤ᠎ᠶ᠋ᠢ ᠠᠬᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠬᠠᠷᠢᠭᠤᠴᠠᠯᠭᠠᠳᠤ ᠤᠬᠠᠮᠰᠠᠷ᠎ᠢᠶᠠᠨ ᠴᠢᠩᠭᠠᠳᠭᠠᠬᠤ᠎ᠶ᠋ᠢ ᠬᠦᠳᠦᠯᠦᠨ ᠵᠢᠯᠣᠭᠣᠳᠴᠤ᠌᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠪᠡᠶ᠎ᠡ᠎ᠪᠡᠨ ᠴᠢᠩᠭ᠎ᠠ ᠱᠠᠭᠠᠷᠳᠠᠬᠤ᠎ᠶ᠋ᠢ ᠪᠡᠶᠡᠯᠡᠭᠦᠯᠬᠦ ᠬᠡᠷᠡᠭᠲᠡᠢ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠠᠬᠢᠭᠤᠯᠵᠤ᠂ ᠤᠬᠠᠮᠰᠠᠷ᠎ᠡᠴᠡ᠎ᠪᠠᠨ ᠵᠢᠮ᠎ᠡ ᠶᠣᠰᠣ᠎ᠪᠠᠷ ᠠᠵᠢᠯ ᠶᠠᠪᠤᠳᠠᠯ ᠬᠦᠢᠴᠡᠳᠬᠡᠵᠤ᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠰᠠᠬᠢᠯᠭ᠎ᠠ ᠪᠠᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠤᠨᠳᠤᠤ ᠰᠡᠳᠬᠢᠯ ᠬᠣᠶᠠᠷ ᠰᠠᠨᠠᠭ᠎ᠠ ᠡᠪᠦᠷᠯᠡᠭ᠌ᠰᠡᠨ᠂ ᠦᠭᠡ ᠶᠠᠷᠢᠶ᠎ᠠ ᠦᠢᠯᠡ ᠠᠵᠢᠯᠯᠠᠭ᠎ᠠ ᠨᠢ ᠨᠢᠭᠡᠳᠦᠯ ᠦᠭᠡᠢ 《ᠬᠣᠶᠠᠷ ᠨᠢᠭᠤᠷᠳᠠᠨ》᠎ᠢ ᠡᠷᠡᠰ ᠠᠷᠢᠯᠭᠠᠵᠤ᠂ 《ᠲᠤᠯᠤᠭᠠᠨ ᠡᠢᠮᠦ ᠪᠠᠢᠳᠠᠯ ᠪᠠᠢᠬᠤ》 ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠦᠵᠡᠯ ᠰᠠᠨᠠᠭᠠᠨ᠎ᠤ ᠲᠠᠯ᠎ᠠ᠎ᠪᠠᠷ ᠬᠢ ᠳᠤᠷ᠎ᠠ ᠵᠣᠷᠢᠭ᠎ᠤᠨ ᠦᠵᠡᠯ᠂ ᠤᠯᠤᠰ ᠲᠦᠷᠦ᠍᠎ᠶ᠋ᠢᠨ ᠲᠠᠯ᠎ᠠ᠎ᠪᠠᠷ ᠬᠢ ᠵᠠᠪᠱᠢᠬᠤ ᠦᠵᠡᠯ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠠᠢᠮᠠᠭ᠍ᠴᠢᠯᠠᠬᠤ ᠦᠵᠡᠯ᠂ ᠠᠵᠢᠯ᠎ᠤᠨ ᠲᠠᠯ᠎ᠠ᠎ᠪᠠᠷ ᠬᠢ ᠥᠪᠡᠷᠮᠡᠲᠡᠭᠡᠢ ᠦᠵᠡᠯ᠂ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠬᠢ ᠰᠠᠢᠮᠰᠤᠷᠠᠬᠤ ᠦᠵᠡᠯ᠎ᠢ ᠴᠢᠩᠭ᠎ᠠ ᠵᠠᠯᠠᠷᠠᠭᠤᠯᠤᠨ ᠵᠠᠰᠠᠵᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠪᠴᠢᠯᠡᠨ ᠪᠠᠢᠭᠤᠯᠬᠤ ᠵᠡᠷᠭᠡ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠤᠷᠤᠨ᠎ᠤ ᠪᠠᠢᠳᠠᠯ ᠳ᠋ᠠᠭᠠᠨ ᠲᠣᠬᠢᠷᠠᠭᠣᠯᠣᠨ ᠬᠥᠭ᠌ᠵᠢᠭᠦᠯᠬᠦ᠌᠂ ᠪᠥᠬᠥ᠌ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠥᠳᠥᠭᠡᠨ ᠪᠠᠢᠭᠤᠯᠬᠤ᠂ ᠥᠨᠳᠥᠷ ᠲᠦᠪᠱᠢᠨ ᠪᠥᠬᠥᠢ ᠭᠠᠳᠠᠭ᠍ᠰᠢ ᠨᠡᠭᠡᠭᠡᠯᠳᠡ᠎ᠶ᠋ᠢ ᠥᠷᠭᠡᠳᠭᠡᠬᠦ᠌᠂ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ᠎ᠢᠶᠠᠷ ᠠᠬᠢᠭᠤᠯᠬᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ᠎ᠶ᠋ᠢ ᠪᠠᠢᠩᠭᠤᠵᠢᠭᠤᠯᠤᠨ ᠰᠡᠷᠭᠡᠢᠯᠡᠬᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠴᠢᠨᠠᠷᠲᠠᠢ ᠥᠷᠢ ᠥᠭ᠌ᠴᠡᠭᠡ᠎ᠶ᠋ᠢ ᠠᠷᠢᠯᠭᠠᠬᠤ᠂ ᠠᠮᠢ ᠠᠬᠤᠢ᠎ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ ᠵᠡᠷᠭᠡ ᠡᠭᠦᠷᠭᠡ᠎ᠶᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠠᠭ ᠲᠤᠬᠠᠢᠳᠤᠨᠢ ᠮᠥᠷᠳᠡᠨ ᠬᠢᠨᠠᠯᠲᠠ ᠲᠠᠯᠪᠢᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠤᠷᠤᠭ᠍ᠰᠢᠲᠠᠢ ᠡᠬᠢᠯᠡᠬᠦ᠌᠎ᠶ᠋ᠢ ᠪᠠᠲᠤᠯᠠᠬᠤ ᠬᠡᠷᠡᠭᠲᠡᠢ᠃
ᠬᠣᠶᠠᠳᠤᠭᠠᠷ᠎ᠲᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠴᠢᠩᠭᠠᠳᠭᠠᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠬᠡᠷᠡᠭ᠌ᠲᠡᠢ᠃ ᠵᠢᠷᠭᠠᠨ ᠴᠡᠩᠭᠡᠬᠦ᠌ ᠦᠵᠡᠯ᠂ ᠱᠠᠯᠢᠨ ᠪᠦᠷᠢᠯᠭᠡᠬᠦ᠌ ᠰᠤᠷᠲᠠᠯ᠎ᠢ ᠦᠷᠭᠦᠯᠵᠢᠯᠡᠨ ᠴᠢᠩᠭ᠎ᠠ ᠬᠣᠷᠢᠭ᠍ᠯᠠᠵᠤ᠂ ᠲᠣᠭ᠍ᠲᠠᠭᠠᠯ᠎ᠡᠴᠡ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠭᠥᠯᠢᠶᠡᠨ ᠠᠪᠴᠤ᠌ ᠬᠦᠷᠭᠡᠬᠦ᠌ ᠵᠡᠷᠭᠡ ᠠᠮᠠᠷᠬᠠᠨ ᠡᠭᠦᠰᠭᠦ ᠣᠯᠠᠨ ᠡᠭᠦᠰᠭᠦ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠬᠤ ᠬᠡᠷᠡᠭᠳᠡᠢ; ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ᠂ ᠨᠠᠮ᠎ᠤᠨ ᠪᠠᠢᠭᠤᠯᠤᠯᠲᠠ᠎ᠶ᠋ᠢᠨ ᠠᠵᠢᠯᠯᠠᠭ᠎ᠠ ᠥᠷᠨᠢᠭᠦᠯᠬᠦ᠌᠂ ᠪᠣᠯᠪᠠᠰᠤᠷᠡᠯ ᠬᠢᠬᠦ᠌ ᠨᠡᠷ᠎ᠡ᠎ᠪᠡᠷ ᠠᠯᠪᠠᠨ᠎ᠤ ᠵᠣᠭᠣᠰ᠎ᠢᠶᠠᠷ ᠵᠢᠭᠤᠯᠴᠢᠯᠠᠭ᠍ᠰᠠᠨ᠂ ᠬᠡᠯᠪᠡᠷᠢ᠎ᠶ᠋ᠢ ᠨᠢ ᠥᠭᠡᠷᠡᠲᠦᠭᠦᠯᠦᠨ ᠠᠯᠪᠠᠨ᠎ᠤ ᠵᠣᠭᠣᠰ᠎ᠢᠶᠠᠷ ᠤᠯᠤᠰ (ᠬᠢᠯᠢ)᠎ᠠᠴᠠ ᠭᠠᠷᠴᠤ᠌ ᠵᠢᠭᠤᠯᠴᠢᠯᠠᠭ᠍ᠰᠠᠨ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠬᠦ ᠬᠡᠷᠡᠭᠳᠡᠢ; ᠠᠷᠠᠳ᠎ᠤᠨ ᠠᠮᠢᠳᠤᠷᠠᠯ᠎ᠤᠨ ᠲᠥᠷᠥᠯ ᠵᠦᠶ᠋ᠯ᠎ᠦᠨ ᠲᠣᠭ᠍ᠲᠠᠭᠠᠯ᠎ᠡᠴᠡ ᠵᠥᠷᠢᠴᠡᠨ ᠠᠰᠠᠷ ᠲᠠᠩᠬᠢᠮ ᠣᠷᠳᠣᠨ ᠪᠠᠭᠤᠳᠠᠯ ᠪᠠᠢᠭᠤᠯᠤᠭ᠍ᠰᠠᠨ ᠵᠡᠷᠭᠡ ᠱᠢᠨ᠎ᠡ ᠬᠥᠳᠡᠯᠦᠯ ᠪᠠᠢᠳᠠᠯ᠎ᠢ ᠨᠢᠭ᠍ᠲᠠ ᠠᠩᠬᠠᠷᠬᠤ᠎ᠶ᠋ᠢᠨ ᠬᠠᠮᠲᠤ ᠵᠠᠯᠠᠷᠠᠭᠤᠯᠤᠨ ᠵᠠᠰᠠᠬᠤ ᠬᠡᠷᠡᠭ᠌ᠲᠡᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠬᠤᠭᠤᠴᠠᠭ᠎ᠠ ᠰᠣᠯᠢᠬᠤ ᠴᠠᠭ ᠤᠢᠷᠠᠳᠤᠬᠤ ᠦᠶᠡᠰ ᠬᠦᠯᠢᠭᠡᠯᠵᠡᠨ ᠪᠠᠢᠳᠠᠯ᠎ᠢ ᠬᠠᠷᠠᠵᠤ ᠠᠵᠢᠯ᠎ᠢᠶᠡᠨ ᠦᠯᠦ᠍ ᠬᠢᠬᠦ᠌᠂ ᠬᠤᠭᠤᠴᠠᠭ᠎ᠠ ᠰᠣᠯᠢᠭ᠍ᠰᠠᠨᠤ ᠳᠠᠷᠠᠭ᠎ᠠ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠨ 《ᠳᠤᠷᠠᠪᠡᠷ ᠨᠢ ᠳᠡᠨᠭᠰᠡᠯᠭᠡᠬᠦ》᠂ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》 ᠬᠢᠬᠦ ᠵᠡᠷᠭᠡ ᠳᠤᠪᠤᠢ᠌ᠮ᠎ᠠ ᠠᠰᠠᠭᠤᠳᠠᠯ᠎ᠢ ᠡᠷᠡᠰ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠢᠯᠭᠠᠬᠤ ᠲᠤᠬᠠᠢ ᠰᠠᠨᠠᠯ᠎ᠢ ᠭᠦᠨᠵᠡᠭᠡᠢ ᠲᠤᠭᠤᠰᠢᠯᠠᠭᠤᠯᠵᠤ᠂ ᠪᠠᠢᠩᠭᠤ᠎ᠶ᠋ᠢᠨ ᠴᠢᠨᠠᠷᠲᠠᠢ ᠰᠤᠷᠤᠯᠴᠠᠯᠭ᠎ᠠ ᠬᠥᠮᠦᠵᠢᠯ᠎ᠢᠶᠡᠷ ᠰᠠᠭᠤᠷᠢ ᠪᠣᠯᠭᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠎ᠪᠠᠷ ᠵᠠᠩᠭᠢᠯᠠᠭ᠎ᠠ ᠪᠣᠯᠭᠠᠵᠤ᠂ ᠰᠤᠷᠲᠠᠯ᠎ᠤᠨ ᠠᠰᠠᠭᠤᠳᠠᠯ ᠢᠯᠵᠢᠷᠡᠯ᠎ᠢ ᠵᠡᠷᠬᠡ᠎ᠳᠤᠨᠢ ᠪᠠᠢᠴᠠᠭᠠᠵᠤ ᠵᠡᠷᠬᠡ᠎ᠳᠤᠨᠢ ᠵᠠᠰᠠᠬᠤ᠎ᠪᠠᠷ ᠭᠠᠷᠳᠡᠴᠡ ᠪᠣᠯᠭᠠᠵᠤ᠂ ᠰᠤᠷᠲᠠᠯ᠎ᠤᠨ ᠪᠠᠢᠭᠤᠯᠤᠯᠲᠠ᠎ᠶ᠋ᠢᠨ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠡᠴᠡ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ᠃
ᠭᠤᠷᠪᠠᠳᠤᠭᠠᠷ᠎ᠲᠤ᠂ ᠦᠩᠬᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠎ᠶ᠋ᠢ ᠴᠢᠩᠭᠠᠳᠭᠠᠵᠤ᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠬᠡᠢ᠂ ᠢᠯᠵᠢᠷᠡᠬᠦ᠎ᠶ᠋ᠢ ᠪᠤᠳᠤᠬᠤ ᠦᠬᠡᠢ ᠪᠠᠢᠬᠤ᠎ᠶᠢ ᠨᠢᠭᠡ ᠴᠤᠬ᠍ᠴᠠᠵᠢᠭᠤᠯᠤᠨ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠭᠠᠷᠳᠡᠴᠡ᠎ᠶᠢ ᠰᠠᠢᠲᠤᠷ ᠬᠡᠷᠡᠭ᠌ᠯᠡᠬᠦ᠌ ᠬᠡᠷᠡᠭ᠌ᠲᠡᠢ᠃ ᠰᠦᠷ ᠬᠦᠴᠦᠳᠦ ᠪᠠᠢᠳᠠᠯ᠎ᠢ ᠪᠠᠳᠤᠯᠠᠵᠤ ᠢᠯᠵᠢᠷᠠᠬᠦ᠎ᠡᠴᠡ ᠵᠢᠷᠦᠬᠡᠱᠢᠶᠡᠬᠦ᠌᠎ᠶ᠋ᠢ ᠴᠢᠩᠭᠠᠳᠬᠠᠵᠤ᠂ ᠳᠣᠭ᠍ᠰᠢᠨ ᠡᠮ᠎ᠢᠶᠡᠷ ᠠᠷᠬᠠᠭ᠎ᠢ ᠠᠷᠢᠯᠭᠠᠬᠤ᠂ ᠬᠦᠨᠳᠦ ᠰᠢᠢᠳᠬᠡᠯ᠎ᠢᠶᠡᠷ ᠰᠠᠮᠠᠭᠤᠷᠠᠯ᠎ᠢ ᠵᠠᠰᠠᠬᠤ᠎ᠶ᠋ᠢ ᠪᠠᠷᠢᠮᠲᠠᠯᠠᠵᠤ᠂ ᠦᠷᠭᠦᠯᠵᠢᠯᠡᠨ ᠲᠤᠢᠯᠪᠤᠷᠢᠲᠠᠢ ᠠᠷᠢᠯᠭᠠᠵᠤ᠂ ᠮᠥᠩᠭᠥᠨ ᠭᠦᠶ᠋ᠯᠭᠡᠭᠡᠨ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠡᠨᠧᠷᠭᠢ᠂ ᠰᠤᠷᠭᠠᠨ ᠬᠥᠮᠦᠵᠢᠯ᠂ ᠰᠤᠳᠤᠯᠭᠠᠨ᠎ᠤ ᠨᠡᠢᠬᠡᠮᠯᠢᠭ ᠪᠠ ᠨᠡᠢᠭᠡᠮᠯᠢᠭ᠂ ᠨᠡᠭᠡᠭᠡᠯᠳᠡ᠎ᠶᠢᠨ ᠲᠤᠭᠤᠷᠢᠭ ᠪᠤᠯᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠠᠯ᠎ᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠵᠦ᠍᠂ ᠵᠠᠰᠠᠭ᠎ᠤᠨ ᠣᠷᠳᠣᠨ ᠪᠠ ᠬᠤᠳᠠᠯᠳᠤᠭᠠᠴᠢᠨ ᠰᠦᠯᠪᠡᠭᠡᠯᠡᠬᠦ᠌᠂ ᠡᠷᠬᠡ ᠨᠢ ᠬᠥᠷᠥᠩᠭᠡ᠎ᠳᠦ ᠬᠠᠮᠠᠭᠠᠯᠠᠯᠲᠠ ᠬᠠᠩᠭᠠᠬᠤ᠂ ᠬᠥᠷᠥᠩᠭᠡ ᠨᠢ ᠤᠯᠤᠰ ᠲᠥᠷᠥ᠎ᠶ᠋ᠢᠨ ᠬᠦᠷᠢᠶᠡᠨ᠎ᠳᠦ ᠨᠡᠪᠴᠢᠬᠦ᠌ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠵᠤ᠂ ᠵᠢᠱ᠌ᠢᠭ᠌ᠰᠡᠨ ᠠᠱᠢᠭ ᠣᠷᠣᠯᠭ᠎ᠠ᠂ ᠪᠣᠯᠵᠣᠵᠤ ᠪᠤᠰᠤᠳ᠎ᠢ ᠤᠷᠤᠯᠠᠨ ᠡᠳ᠋ ᠬᠦᠷᠦᠩᠬᠡ᠎ᠶᠢ ᠦᠮᠴᠢᠯᠡᠬᠦ᠂ ᠵᠠᠰᠠᠭᠪᠠ ᠬᠤᠳᠠᠯᠳᠤᠭᠠᠴᠢᠨ᠎ᠤ 《ᠡᠷᠭᠢᠯᠳᠦᠭᠡ ᠡᠭᠦᠳᠡ》 ᠮᠠᠶᠢᠭ᠎ᠤᠨ ᠬᠠᠷᠢᠯᠴᠠᠨ ᠪᠠᠢᠷᠢ ᠰᠤᠯᠢᠯᠴᠠᠬᠤ ᠵᠡᠷᠭᠡ ᠱᠢᠨ᠎ᠡ ᠮᠠᠶᠢᠭ᠎ᠤᠨ ᠢᠯᠵᠢᠷᠠᠯ ᠪᠠ ᠳᠠᠯᠳᠠ ᠢᠯᠵᠢᠷᠠᠯ᠎ᠢ ᠭᠦᠨ ᠮᠠᠯᠲᠠᠵᠤ ᠨᠠᠷᠢᠨ ᠪᠠᠢᠴᠠᠭᠠᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠂ ᠵᠠᠯᠠᠭᠤ ᠺᠠᠳ᠋ᠷ᠎ᠤᠨ ᠢᠯᠵᠢᠷᠠᠯ᠎ᠢ ᠭᠤᠤᠯᠳᠠᠯᠭ᠎ᠠ᠎ᠲᠠᠶ ᠪᠠᠢᠴᠠᠭᠠᠨ ᠱᠢᠶ᠋ᠳᠪᠦᠷᠢᠯᠡᠵᠦ᠂ ᠬᠡᠭᠡᠯᠢ ᠢᠳᠡᠵᠦ᠍ ᠬᠠᠬᠤᠤᠯᠢ ᠲᠦᠯᠬᠢᠭ᠌ᠰᠡᠨ ᠬᠡᠷᠡᠭ᠎ᠢ ᠬᠠᠮᠲᠤᠳᠤᠨᠢ ᠪᠠᠢᠴᠠᠭᠠᠬᠤ ᠠᠵᠢᠯ᠎ᠢ ᠭᠦᠨᠵᠡᠭᠡᠢᠷᠡᠭᠦᠯᠵᠦ᠂ ᠬᠢᠯᠢ ᠠᠯᠤᠰᠯᠠᠭ᠍ᠰᠠᠨ ᠢᠯᠵᠢᠷᠠᠯ᠎ᠤᠨ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠶᠢᠨ ᠬᠢᠯᠢ ᠠᠯᠤᠰᠯᠠᠭ᠍ᠰᠠᠨ ᠢᠯᠵᠢᠷᠠᠯ᠎ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠬᠤ᠎ᠳᠦ ᠬᠠᠮᠵᠢᠯᠴᠠᠬᠤ ᠬᠡᠷᠡᠭᠳᠡᠢ᠃ ᠢᠯᠵᠢᠷᠠᠯ᠎ᠢ ᠡᠰᠡᠷᠭᠦᠴᠡᠬᠦ᠌᠎ᠶ᠋ᠢᠨ ᠨᠡᠪᠲᠡᠯᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠡᠯ᠎ᠡ ᠲᠦᠷᠦᠯ᠎ᠦᠨ ᠢᠯᠵᠢᠷᠠᠯ᠎ᠤᠨ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠍᠂ ᠣᠨᠣᠪᠴᠢᠲᠠᠢ ᠢᠯᠭᠠᠨ ᠲᠠᠨᠢᠵᠤ᠂ ᠪᠦᠲᠦᠮᠵᠢᠲᠡᠢ ᠵᠠᠰᠠᠬᠤ ᠬᠡᠷᠡᠭ᠌ᠲᠡᠢ᠃ ᠬᠢᠨᠠᠯᠲᠠ ᠲᠠᠯᠪᠢᠵᠤ ᠬᠢᠵᠠᠭᠠᠷᠯᠠᠬᠤ᠎ᠵᠢ ᠴᠢᠩᠭᠠᠳᠭᠠᠬᠤ᠎ᠪᠠᠷ ᠢᠯᠵᠢᠷᠡᠵᠤ ᠪᠤᠯᠬᠤ ᠦᠭᠡᠢ ᠪᠠᠢᠬᠤ᠎ᠶᠢ ᠴᠢᠨᠭᠭᠠᠳᠬᠠᠵᠤ᠂ ᠡᠷᠬᠡ ᠣᠯᠭᠣᠬᠤ ᠡᠷᠬᠡ᠎ᠶᠢ ᠬᠡᠷᠡᠭ᠌ᠯᠡᠬᠦ᠌ ᠡᠷᠬᠡ᠎ᠶᠢ ᠬᠢᠵᠠᠭᠠᠷᠯᠠᠬᠤ᠎ᠶᠢ ᠨᠢᠭᠡᠳᠦᠯᠲᠡᠢ ᠪᠠᠢᠯᠭᠠᠬᠤ᠂ ᠢᠯᠡ ᠲᠣᠳᠣ ᠮᠥᠷᠳᠡᠵᠦ᠍ ᠪᠣᠯᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠵᠦ᠂ ᠨᠠᠮ᠎ᠤᠨ ᠲᠥᠪ ᠬᠣᠷᠢᠢ᠎ᠠ᠎ᠶᠢᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠬᠤ ᠳᠦᠷᠢᠮ》᠎ᠳᠦ ᠵᠠᠰᠠᠪᠤᠷᠢ ᠣᠷᠣᠭᠤᠯᠬᠤ᠎ᠳᠦ ᠬᠠᠮᠵᠢᠯᠴᠠᠵᠤ᠂ 《ᠨᠢᠭᠡᠳᠦᠭᠡᠷ ᠭᠠᠷ》 ᠪᠣᠯᠤᠨ ᠤᠳᠤᠷᠢᠳᠭᠤ ᠪᠠᠭᠲᠤ᠌ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠢ ᠰᠠᠨᠠᠯ᠎ᠢ ᠭᠦᠨᠵᠡᠭᠡᠢ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠡᠷᠬᠡ ᠣᠯᠭᠣᠬᠤ᠂ ᠡᠷᠬᠡ᠎ᠶ᠋ᠢ ᠵᠥᠪ ᠬᠡᠷᠡᠭ᠌ᠯᠡᠬᠦ᠌᠂ ᠡᠷᠬᠡ᠎ᠶ᠋ᠢ ᠪᠦᠲᠦᠮᠵᠢᠲᠡᠢ ᠬᠢᠵᠠᠭᠠᠷᠯᠠᠬᠤ᠎ᠶᠢ ᠠᠬᠢᠭᠤᠯᠬᠤ ᠬᠡᠷᠡᠭᠳᠡᠢ᠃ ᠠᠷᠢᠭᠤᠨ ᠴᠢᠬᠡᠴᠢ᠎ᠶ᠋ᠢᠨ ᠬᠥᠮᠦᠵᠢᠯ᠎ᠢ ᠭᠦᠨᠵᠡᠭᠡᠢᠷᠡᠭᠦᠯᠬᠦ᠌᠎ᠪᠡᠷ ᠢᠯᠵᠢᠷᠠᠬᠦ᠎ᠶᠢ ᠪᠤᠳᠤᠬᠤ ᠦᠭᠡᠢ ᠪᠠᠢᠬᠤ᠎ᠶᠢ ᠴᠢᠨᠭᠭᠠᠳᠬᠠᠵᠤ᠂ ᠱᠢᠨ᠎ᠡ ᠴᠠᠭ ᠦᠶ᠎ᠡ᠎ᠶ᠋ᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠠᠷᠢᠭᠤᠨ ᠴᠢᠬᠡᠴᠢ᠎ᠶ᠋ᠢᠨ ᠲᠤᠬᠠᠢ ᠤᠬᠠᠭᠤᠯᠭ᠎ᠠ ᠬᠥᠮᠦᠵᠢᠯ᠎ᠦᠨ ᠬᠠᠨᠳᠤᠯᠭᠠᠲᠤ ᠴᠢᠨᠠᠷ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠵᠦ᠍᠂ ᠠᠷᠢᠭᠤᠨ ᠴᠢᠬᠡᠴᠢ ᠦᠵᠡᠯ ᠰᠠᠨᠠᠭ᠎ᠠ ᠵᠠᠩ ᠰᠤᠷᠲᠠᠯ᠂ ᠠᠷᠢᠭᠤᠨ ᠴᠢᠬᠡᠴᠢ᠎ᠪᠡᠷ ᠠᠯᠪᠠᠨ᠎ᠳᠤ ᠦᠢᠯᠡᠴᠢᠯᠡᠬᠦ᠌ ᠤᠯᠤᠰ ᠲᠦᠷᠦ᠎ᠶᠢᠨ ᠮᠣᠷᠠᠯ ᠪᠣᠯᠪᠠᠰᠤᠷᠠᠯ᠂ ᠠᠷᠢᠭᠤᠨ ᠴᠢᠬᠡᠴᠢ᠎ᠪᠡᠷ ᠦᠪᠡᠷ᠎ᠢ᠎ᠪᠠᠨ ᠱᠠᠭᠠᠷᠳᠠᠬᠤ ᠶᠣᠰᠣ ᠰᠤᠷᠳᠠᠬᠤᠨ ᠵᠠᠩ ᠮᠣᠷᠠᠯ᠂ ᠠᠷᠢᠭᠤᠨ ᠴᠢᠬᠡᠴᠢ᠎ᠶ᠋ᠢ ᠡᠷᠬᠢᠮᠯᠡᠨ ᠢᠯᠵᠢᠷᠠᠯ᠎ᠢ ᠡᠰᠡᠷᠭᠦᠴᠡᠬᠦ᠌ ᠨᠡᠢᠭᠡᠮ᠎ᠦᠨ ᠬᠡᠪ ᠰᠤᠷᠲᠠᠯ᠎ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠳᠡᠢ᠃ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠪᠡᠷ ᠨᠢᠭᠡ ᠴᠤᠬ᠍ᠴᠠᠵᠢᠭᠤᠯᠤᠨ ᠠᠬᠢᠭᠤᠯᠵᠤ᠂ ᠨᠠᠮ᠎ᠤᠨ ᠬᠤᠷᠢᠶ᠎ᠠ᠎ᠶᠢᠨ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠢᠯᠵᠢᠷᠠᠯ᠎ᠢ ᠡᠰᠡᠷᠭᠦᠴᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠦ᠂ ᠢᠯᠵᠢᠷᠠᠯ᠎ᠢ ᠡᠰᠡᠷᠭᠦᠴᠡᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠡᠷᠡᠭ᠎ᠢᠶᠡᠷ ᠴᠡᠭᠴᠡᠯᠨᠨ ᠰᠠᠢᠵᠢᠷᠠᠭᠤᠯᠬᠤ᠎ᠶ᠋ᠢ ᠠᠬᠢᠭᠤᠯᠬᠤ ᠵᠠᠰᠠᠯᠲᠠ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶ᠋ᠢ ᠴᠢᠬᠤᠯᠠᠴᠢᠯᠠᠵᠤ᠂ ᠲᠣᠭᠠᠴᠢᠯᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠡᠷᠡᠭ᠌ᠯᠨᠬᠦ ᠬᠡᠷᠡᠭᠳᠡᠢ᠃
ᠳᠥᠷᠪᠡᠳᠦᠭᠡᠷ᠎ᠲᠦ᠂ ᠠᠷᠠᠳ᠎ᠤᠨ ᠲᠥᠯᠥᠭᠡ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠶ᠋ᠢ ᠴᠢᠩᠭᠠᠳᠭᠠᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ ᠬᠡᠷᠡᠭ᠌ᠲᠡᠢ᠃ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌ ᠡᠳ᠋ ᠬᠥᠷᠥᠩᠭᠡ ᠡᠬᠢ ᠪᠠᠶᠠᠯᠢᠭ》᠎ᠤᠨ ᠬᠠᠮᠢᠶᠠᠷᠤᠯᠲᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠡᠷᠭᠡ ᠪᠥᠬᠥ᠌ ᠤᠯᠤᠰ᠎ᠤᠨ ᠴᠢᠨᠠᠷᠲᠠᠶ ᠴᠡᠭ᠌ᠴᠡᠯᠡᠨ ᠵᠠᠰᠠᠬᠤ ᠲᠥᠷᠥᠯ ᠵᠦᠶ᠋ᠯ᠎ᠢ ᠭᠦᠨᠵᠡᠭᠡᠢᠷᠡᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠢ ᠪᠠᠢᠷᠢᠯᠠᠭᠤᠯᠤᠨ ᠥᠷᠨᠢᠭᠦᠯᠵᠦ᠍᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠴᠡᠭ᠌ᠴᠡᠯᠡᠨ ᠵᠠᠰᠠᠬᠤ ᠪᠣᠯᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠳᠤᠷ ᠠᠳᠬᠤᠬᠤ᠎ᠶ᠋ᠢ ᠵᠢᠯᠣᠭᠣᠳᠴᠤ᠌᠂ ᠲᠣᠭ᠍ᠲᠠᠭᠠᠯ᠎ᠡᠴᠡ ᠵᠥᠷᠢᠴᠡᠨ ᠤᠨᠳᠤᠤ ᠭᠠᠵᠠᠷ᠎ᠲᠤ ᠬᠠᠤᠯᠢ ᠬᠡᠷᠡᠭ᠌ᠵᠢᠭᠦᠯᠬᠦ᠌᠂ ᠠᠱᠢᠭ ᠬᠠᠷᠠᠬᠤ ᠴᠢᠨᠠᠷᠲᠠᠶ ᠬᠠᠤᠯᠢ ᠬᠡᠷᠡᠭ᠌ᠵᠢᠭᠦᠯᠦᠯᠲᠡ᠎ᠶ᠋ᠢ ᠭᠦᠨᠵᠡᠭᠡᠶ ᠴᠡᠭ᠌ᠴᠡᠯᠡᠨ ᠵᠠᠰᠠᠬᠤ ᠬᠡᠷᠡᠭᠳᠡᠢ᠃ ᠴᠡᠭ᠌ᠴᠡᠯᠡᠨ ᠵᠠᠰᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠬᠦ᠌ ᠰᠠᠨᠠᠯ᠎ᠢ ᠰᠤᠳᠤᠯᠤᠨ ᠲᠣᠭ᠍ᠲᠠᠭᠠᠵᠤ᠂ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠯᠳᠦᠬᠦᠯᠬᠦ ᠬᠡᠷᠡᠭ᠌ᠲᠡᠶ᠃ ᠱᠢᠶᠠᠨ᠎ᠤ ᠱᠠᠲᠤᠨ᠎ᠤ ᠭᠤᠤᠯ ᠲᠡᠢᠨ᠎ᠦ ᠲᠠᠯᠠᠪᠤᠷ᠎ᠤᠨ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠣᠯᠠᠨ ᠲᠦᠮᠡᠨ᠎ᠦ ᠬᠢᠨᠠᠯᠲᠠ ᠲᠠᠯᠪᠢᠬᠤ ᠦᠶ᠋ᠯᠡᠳᠦᠯ᠎ᠢ ᠪᠠᠳᠠᠷᠠᠭᠤᠯᠵᠤ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠳᠡᠢ᠃
ᠲᠠᠪᠤᠳᠤᠭᠠᠷ᠎ᠲᠤ᠂ ᠤᠯᠤᠰ ᠲᠦᠷᠦ᠍᠎ᠶ᠋ᠢᠨ ᠲᠣᠭᠣᠷᠢᠨ ᠪᠠᠢᠴᠠᠭᠠᠯᠲᠠ᠎ᠶ᠋ᠢ ᠴᠢᠩᠭᠠᠳᠭᠠᠵᠤ᠂ ᠲᠣᠭᠣᠷᠢᠨ ᠪᠠᠢᠴᠠᠭᠠᠵᠤ ᠬᠢᠨᠠᠯᠲᠠ ᠲᠠᠯᠪᠢᠬᠤ᠎ᠶ᠋ᠢᠨ ᠰᠦᠷᠳᠡᠭᠦᠯᠬᠦ᠌ ᠬᠦᠴᠦᠨ᠂ ᠨᠡᠪᠲᠡᠯᠬᠦ᠌ ᠬᠦᠴᠦᠨ᠂ ᠠᠬᠢᠭᠤᠯᠬᠤ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠲᠣᠭᠣᠷᠢᠨ ᠪᠠᠢᠴᠠᠭᠠᠬᠤ ᠠᠵᠢᠯ᠎ᠤᠨ ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠣᠯᠣᠳᠤᠭᠠᠷ᠂ ᠨᠠᠢ᠍ᠮᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠤ ᠥᠷᠨᠢᠭᠦᠯᠬᠦ ᠬᠡᠷᠡᠭᠳᠡᠢ᠃ ᠲᠣᠭᠣᠷᠢᠨ ᠦᠵᠡᠵᠤ ᠲᠤᠭᠤᠷᠢᠨ ᠪᠠᠢᠴᠠᠭᠠᠬᠤ᠎ᠶᠢᠨ ᠲᠡᠭᠡᠷ᠎ᠠ ᠲᠤᠤᠷ᠎ᠠ ᠱᠠᠳᠤ᠎ᠪᠠᠷ᠎ᠢᠶᠡᠨ ᠬᠤᠯᠪᠤᠭᠠᠯᠡᠨ ᠬᠦᠳᠡᠯᠦᠯᠴᠡᠬᠦ᠎ᠶᠢ ᠭᠦᠨᠵᠡᠭᠡᠢᠷᠡᠭᠦᠯᠵᠦ᠍᠂ ᠮᠤᠵᠢ ᠣᠷᠣᠨ ᠬᠤᠳᠠ᠎ᠶᠢ ᠲᠣᠭᠣᠷᠢᠨ ᠪᠠᠢᠴᠠᠭᠠᠬᠤ᠂ ᠲᠥᠪ᠎ᠦᠨ ᠨᠢᠭᠡᠴᠢ᠎ᠶ᠋ᠢᠨ ᠳᠣᠲᠣᠭᠠᠳᠤ᠎ᠶ᠋ᠢᠨ ᠲᠣᠭᠣᠷᠢᠨ ᠪᠠᠢᠴᠠᠭᠠᠬᠤ᠂ ᠲᠣᠰᠭᠣᠨ᠎ᠢ ᠲᠣᠭᠣᠷᠢᠨ ᠪᠠᠢᠴᠠᠭᠠᠬᠤ ᠠᠵᠢᠯ᠎ᠢ ᠵᠢᠭᠠᠨ ᠵᠢᠯᠣᠭᠣᠳᠴᠤ᠌ ᠬᠢᠨᠠᠨ ᠵᠢᠯᠣᠭᠣᠳᠭᠤ᠎ᠶ᠋ᠢ ᠴᠢᠩᠭᠠᠳᠭᠠᠬᠤ ᠬᠡᠷᠡᠭᠳᠡᠢ᠃ ᠲᠣᠭᠣᠷᠢᠨ ᠪᠠᠢᠴᠠᠭᠠᠭ᠍ᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠥᠪ᠎ᠦᠨ ᠲᠣᠭᠣᠷᠢᠨ ᠪᠠᠢᠴᠠᠭᠠᠵᠤ ᠢᠯᠡᠷᠡᠬᠦᠯᠦᠭᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠭᠤᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠵᠤ᠂ ᠴᠡᠭ᠌ᠴᠡᠯᠡᠨ ᠰᠠᠢᠵᠢᠷᠠᠭᠤᠯᠤᠬᠰᠠᠨ ᠪᠠᠢᠳᠠᠯ᠎ᠢ ᠦᠨᠡᠯᠡᠬᠦ᠌ ᠪᠠ ᠬᠠᠷᠢᠭᠤᠴᠠᠯᠭ᠎ᠠ ᠲᠤᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠬᠦ᠌᠎ᠶ᠋ᠢ ᠠᠬᠢᠭᠤᠯᠬᠤ ᠬᠡᠷᠡᠭᠳᠡᠢ᠃
ᠵᠢᠷᠭᠤᠳᠤᠭᠠᠷ᠎ᠲᠤ᠂ ᠲᠡᠮᠤᠷ ᠴᠡᠷᠢᠭ᠎ᠦᠨ ᠤᠬᠠᠮᠰᠠᠷ᠎ᠢᠶᠠᠨ ᠴᠢᠩᠭᠠᠳᠭᠠᠵᠤ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠢᠷᠤᠮᠵᠢᠯᠲᠠ ᠬᠠᠤᠯᠢᠵᠢᠯᠲᠠ ᠵᠢᠩᠬᠢᠨᠢᠵᠢᠯᠲᠡᠶ᠋ᠢᠨ ᠬᠢᠷᠢ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢᠵᠢᠭᠤᠯᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢᠨ ᠣᠨ》᠎ᠤ᠋ ᠠᠵᠢᠯᠯᠠᠭ᠎ᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠳᠠᠬᠢᠨ ᠬᠣᠶᠠᠷ ᠵᠢᠯ ᠲᠥᠪᠯᠡᠷᠡᠭᠦᠯᠦᠨ ᠠᠳᠭᠤᠵᠤ᠂ ᠨᠠᠩ ᠶᠡᠬᠡ ᠦᠷ᠎ᠡ ᠪᠦᠲᠦᠮᠵᠢ ᠣᠯᠬᠤ᠎ᠪᠠᠷ ᠴᠢᠷᠮᠠᠢᠬᠤ ᠬᠡᠷᠡᠭᠳᠡᠢ᠃ ᠬᠠᠷᠢᠴᠠᠯᠠᠰᠢᠬᠦᠢ ᠦᠨᠡᠨᠴᠢ ᠱᠢᠳᠤᠷᠭᠤ ᠪᠠᠢᠬᠤ᠎ᠶ᠋ᠢ ᠪᠠᠲᠤ ᠴᠤᠬᠴᠠᠯᠠᠵᠤ᠂ ᠤᠯᠤᠰ ᠲᠥᠷᠥ᠎ᠶ᠋ᠢᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ᠎ᠢ ᠳᠣᠪᠣᠢᠯᠭᠠᠵᠤ᠂ ᠤᠯᠤᠰ ᠲᠥᠷᠥ᠎ᠶ᠋ᠢᠨ ᠲᠠᠯ᠎ᠠ᠎ᠪᠠᠷ ᠪᠠᠲᠤ ᠴᠢᠩᠭ᠎ᠠ ᠪᠠᠢᠬᠤ᠎ᠶᠢ ᠪᠡᠶᠡᠯᠡᠬᠦᠯᠬᠦ ᠬᠡᠷᠡᠭ᠌ᠲᠡᠶ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠪᠦᠬᠦ᠌ ᠠᠵᠢᠯᠳᠠᠨ᠎ᠤ ᠪᠣᠯᠪᠠᠰᠤᠷᠠᠯ᠎ᠢ ᠱᠠᠳᠤ ᠬᠤᠪᠢᠶᠠᠨ ᠲᠦᠷᠦᠯ ᠬᠤᠪᠢᠶᠠᠨ ᠥᠷᠨᠢᠭᠦᠯᠵᠦ᠍᠂ ᠵᠢᠩᠬᠢᠨᠢ ᠪᠠᠢᠯᠳᠤᠭᠠᠨ᠎ᠤ ᠰᠤᠷᠢᠯᠳᠠ ᠪᠣᠯᠪᠠᠰᠤᠷᠠᠯ᠎ᠢ ᠴᠢᠩᠭᠠᠳᠭᠠᠵᠤ᠂ ᠠᠵᠢᠯ ᠬᠢᠬᠦ᠌᠎ᠪᠡᠷ ᠪᠣᠯᠪᠠᠰᠤᠷᠠᠯ᠎ᠢ ᠴᠢᠩᠭᠠᠳᠬᠠᠵᠤ᠂ ᠡᠷᠳᠡᠮ ᠴᠢᠳᠠᠪᠤᠷᠢ ᠴᠠᠭᠠᠷᠠᠭ᠍ᠰᠠᠨ ᠪᠠᠢᠬᠤ ᠬᠡᠷᠡᠭ᠌ᠲᠡᠢ᠃ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌᠎ᠳᠦ ᠬᠢᠨᠠᠯᠲᠠ ᠲᠠᠯᠪᠢᠬᠤ ᠪᠠᠷᠢᠮᠵᠢᠶᠠᠵᠢᠭᠤᠯᠤᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠲᠥᠪ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠬᠡᠷᠡᠭ᠌ᠵᠢᠭᠦᠯᠬᠦ᠌᠎ᠳᠦ ᠬᠢᠨᠠᠯᠲᠠ ᠲᠠᠯᠪᠢᠬᠤ ᠠᠵᠢᠯ᠎ᠤᠨ ᠲᠦᠷᠢᠮ》᠎ᠳ᠋ᠦ᠍ ᠵᠠᠰᠠᠪᠤᠷᠢ ᠣᠷᠣᠭᠤᠯᠬᠤ᠎ᠳᠦ ᠬᠠᠮᠵᠢᠯᠴᠠᠵᠤ᠂ ᠬᠠᠤᠯᠢ᠎ᠪᠠᠷ ᠵᠠᠰᠠᠬᠤ ᠤᠬᠠᠮᠰᠠᠷ᠂ ᠶᠤᠰᠤ ᠵᠢᠷᠤᠮ᠎ᠤᠨ ᠤᠬᠠᠮᠰᠠᠷ᠂ ᠭᠡᠷᠡᠴᠢ ᠪᠠᠷᠢᠮᠲᠠ᠎ᠶ᠋ᠢᠨ ᠤᠬᠠᠮᠰᠠᠷ᠎ᠢᠶᠡᠨ ᠴᠢᠩᠭᠠᠳᠭᠠᠵᠤ᠂ ᠰᠤᠷᠲᠠᠯ ᠪᠠᠲᠤ ᠴᠢᠩᠭ᠎ᠠ ᠪᠠᠢᠬᠤ᠎ᠶ᠋ᠢ ᠪᠡᠶᠡᠯᠡᠭᠦᠯᠬᠦ ᠬᠡᠷᠡᠭᠳᠡᠢ᠃ ᠪᠢᠱᠢᠷᠡᠨ ᠵᠢᠷᠦᠬᠡᠱᠢᠶᠡᠬᠦ᠌ ᠰᠡᠳᠭᠢᠯ᠎ᠢᠶᠡᠨ ᠡᠭᠦᠷᠢᠳᠡ ᠬᠠᠳᠠᠭᠠᠯᠠᠵᠤ᠂ ᠳᠣᠲᠣᠭᠠᠳᠤ᠎ᠶ᠋ᠢᠨ ᠡᠷᠬᠡ᠎ᠶ᠋ᠢ ᠬᠢᠵᠠᠭᠠᠷᠯᠠᠬᠤ ᠲᠣᠭ᠍ᠲᠠᠴᠠ ᠪᠣᠯᠤᠨ ᠬᠠᠮᠢᠶᠠᠷᠴᠤ᠌ ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠳᠤ ᠲᠤᠰᠭᠠᠢ ᠠᠵᠢᠯ᠎ᠢᠶᠠᠨ ᠮᠡᠳᠡᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠬᠢᠨᠠᠯᠲᠠ᠎ᠶ᠋ᠢ ᠬᠦᠯᠢᠶᠡᠵᠦ᠍᠂ 《ᠲᠡᠷᠭᠡᠳᠡᠬᠢ ᠠᠰᠠᠭᠤᠳᠠᠯ᠎ᠢᠶᠠᠨ ᠤᠯᠵᠤ ᠬᠠᠷᠠᠬᠤ ᠦᠭᠡᠢ》 ᠪᠠᠢᠬᠤ᠎ᠶᠢ ᠡᠷᠡᠰ ᠰᠡᠷᠭᠡᠢᠯᠡᠨ ᠵᠠᠰᠠᠵᠤ᠂ ᠠᠷᠢᠭᠤᠨ ᠴᠢᠬᠡᠴᠢ᠎ᠶᠢᠨ ᠲᠠᠯ᠎ᠠ᠎ᠪᠠᠷ ᠪᠠᠳᠤ ᠴᠢᠩᠭ᠎ᠠ ᠪᠠᠢᠬᠤ᠎ᠶᠢ ᠪᠡᠶᠡᠯᠡᠭᠦᠯᠬᠦ ᠬᠡᠷᠡᠭ᠌ᠲᠡᠢ᠃
ᠪᠥᠬᠥᠳᠡ ᠬᠤᠷᠠᠯ᠎ᠡᠴᠡ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠡᠷᠡᠯᠬᠡᠭ᠌ᠯᠡᠨ ᠲᠡᠮᠡᠴᠡᠵᠦ᠍᠂ ᠵᠤᠷᠢᠭᠳᠠᠢ᠎ᠪᠠᠷ ᠤᠷᠤᠬᠰᠢᠯᠠᠨ ᠲᠠᠪᠰᠢᠵᠤ᠂ ᠱᠢᠨ᠎ᠡ ᠴᠠᠭ ᠦᠶ᠎ᠡ ᠱᠢᠨ᠎ᠡ ᠠᠶᠠᠨ ᠳ᠋ᠡᠬᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠭᠡᠵᠦ᠍ ᠤᠷᠢᠶᠠᠯᠠᠪᠠ᠃