ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
《ᠦᠨᠡᠨ》 ᠰᠡᠳᠬᠦᠯ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠣᠬᠢᠶᠠᠯ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2026-01-16

《ᠦᠨᠡᠨ》 ᠰᠡᠳᠬᠦᠯ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠣᠬᠢᠶᠠᠯ᠎ᠢ ᠨᠡᠢ᠌ᠲᠡᠯᠡᠪᠡ

ᠲᠥᠪ᠎ᠦᠨ ᠬᠣᠳᠠ᠎ᠶᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ

1 ᠰᠠᠷ᠎ᠠ᠎ᠶ᠋ᠢᠨ 16᠎ᠤ᠋ ᠡᠳᠦᠷ ᠬᠡᠪᠯᠡᠭ᠌ᠳᠡᠬᠦ᠌ 2 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠲᠤᠮᠳᠠᠳᠤ ᠤᠯᠤᠰ᠎ᠦᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ᠎ᠦᠨ 《ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ》 ᠭᠡᠬᠦ ᠴᠢᠬᠤᠯᠠ ᠵᠤᠬᠢᠶᠠᠯ᠎ᠢ ᠨᠡᠢᠲᠡᠯᠡᠪᠡ᠃

ᠵᠣᠬᠢᠶᠠᠯ᠎ᠳᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠱᠢᠨ᠎ᠡ ᠪᠠᠢᠳᠠᠯ ᠳᠣᠣᠷᠠᠬᠢ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍᠂ ᠬᠤᠳᠠ᠎ᠶ᠋ᠢᠨ ᠠᠵᠢᠯ᠎ᠳᠠᠬᠢ ᠨᠠᠮ᠎ᠦᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠬᠤᠳᠠ᠎ᠶ᠋ᠢ ᠠᠷᠠᠳ ᠲᠦᠮᠡᠨ ᠪᠦᠳᠦᠭᠡᠨ ᠪᠠᠢᠭᠤᠯᠬᠤ᠂ ᠠᠷᠠᠳ ᠲᠦᠮᠡᠨ᠎ᠤ ᠬᠤᠳᠠ ᠨᠢ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠬᠤᠳᠠ᠎ᠶ᠋ᠢ ᠣᠷᠭᠠᠨᠢᠭ ᠠᠮᠢ ᠨᠠᠰᠤᠨ᠎ᠤ ᠴᠣᠭ᠍ᠴᠠ᠎ᠪᠡᠷ ᠦᠵᠡᠵᠤ ᠱᠢᠰᠲ᠋ᠧᠮ᠎ᠲᠡᠶ ᠤᠬᠠᠭᠠᠯᠠᠨ ᠲᠦᠯᠦᠪᠯᠡᠬᠦ᠎ᠶᠢ ᠪᠠᠷᠢᠮᠲᠠᠯᠠᠵᠤ᠂ ᠬᠤᠳᠠ᠎ᠶ᠋ᠢᠨ ᠬᠥᠭ᠌ᠵᠢᠯᠲᠡ᠎ᠶ᠋ᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠵᠤ᠂ ᠮᠠᠨ᠎ᠤ ᠤᠯᠤᠰ᠎ᠤᠨ ᠱᠢᠨ᠎ᠡ ᠮᠠᠶᠢᠭ᠎ᠦᠨ ᠬᠤᠳᠠ ᠪᠠᠯᠭᠠᠰᠤᠵᠢᠯᠳᠠ᠎ᠶᠢᠨ ᠲᠦᠪᠱᠢᠨ ᠪᠣᠯᠤᠨ ᠬᠤᠳᠠ᠎ᠶ᠋ᠢᠨ ᠬᠥᠭ᠌ᠵᠢᠯᠲᠡ᠎ᠶ᠋ᠢᠨ ᠴᠢᠳᠠᠪᠬᠢ ᠲᠡᠰ᠂ ᠬᠤᠳᠠ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠵᠠᠰᠠᠯᠲᠠ᠎ᠶ᠋ᠢᠨ ᠲᠦᠪᠱᠢᠨ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ ᠲᠦᠪᠱᠢᠨ᠂ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠬᠤ ᠲᠦᠪᠱᠢᠨ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠶᠡᠬᠡ᠎ᠪᠡᠷ ᠳᠡᠭᠡᠭ᠌ᠰᠢᠯᠡᠪᠡ᠃ ᠡᠭᠦᠨ᠎ᠦ ᠵᠡᠷᠭᠡ᠎ᠪᠠᠷ ᠮᠠᠨ᠎ᠤ ᠤᠯᠤᠰ᠎ᠤᠨ ᠬᠣᠲᠠ᠎ᠶ᠋ᠢᠨ ᠬᠥᠭ᠌ᠵᠢᠯᠲᠡ᠎ᠳᠦ ᠪᠠᠰᠠ ᠵᠠᠷᠢᠮ ᠱᠢᠨ᠎ᠡ ᠪᠠᠢᠳᠠᠯ ᠱᠢᠨ᠎ᠡ ᠠᠰᠠᠭᠤᠳᠠᠯ ᠲᠤᠯᠭᠠᠷᠠᠵᠤ ᠪᠠᠢᠨ᠎ᠠ᠃ ᠶᠡᠷᠦᠩᠬᠡᠢ᠎ᠳᠦᠨᠢ ᠠᠪᠴᠤ᠌ ᠦᠵᠡᠪᠡᠯ᠂ ᠮᠠᠨ᠎ᠤ ᠤᠯᠤᠰ᠎ᠤᠨ ᠬᠣᠳᠠ ᠪᠠᠯᠭᠠᠰᠣᠵᠢᠯᠳᠡ ᠶᠠᠭ ᠲᠦᠷᠭᠡᠨ ᠨᠡᠮᠡᠭ᠌ᠳᠡᠯ᠎ᠦᠨ ᠬᠤᠭᠤᠴᠠᠭ᠎ᠠ᠎ᠡᠴᠡ ᠲᠣᠭ᠍ᠲᠠᠭᠤᠨ᠎ᠢᠶᠠᠷ ᠬᠥᠭ᠌ᠵᠢᠬᠦ᠌ ᠬᠤᠭᠤᠴᠠᠭ᠎ᠠ ᠲᠡᠢᠰᠢ ᠱᠢᠯᠵᠢᠵᠦ᠍᠂ ᠬᠣᠳᠠ᠎ᠶ᠋ᠢᠨ ᠬᠥᠭ᠌ᠵᠢᠯᠲᠡ ᠶᠠᠭ ᠶᠡᠬᠡ ᠬᠡᠪᠴᠢᠶᠡᠨ᠎ᠦ ᠨᠡᠮᠡᠭ᠌ᠳᠡᠯ᠎ᠢ ᠦᠷᠭᠡᠳᠭᠡᠬᠦ ᠱᠠᠲᠤᠨ᠎ᠡᠴᠡ ᠬᠠᠳᠠᠭᠠᠯᠠᠯᠲᠠ᠎ᠶ᠋ᠢᠨ ᠬᠡᠮᠵᠢᠶᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠣᠣᠯ ᠪᠣᠯᠭᠠᠬᠤ ᠱᠠᠳᠣ ᠦᠶ᠎ᠡ ᠲᠡᠢᠰᠢ ᠱᠢᠯᠵᠢᠵᠦ᠍ ᠪᠠᠢᠨ᠎ᠠ ᠭᠡᠵᠤ ᠵᠢᠭᠠᠵᠤ ᠭᠠᠷᠭᠠᠪᠠ᠃

ᠵᠣᠬᠢᠶᠠᠯ᠎ᠳᠤ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠬᠣᠲᠠ᠎ᠶ᠋ᠢᠨ ᠠᠵᠢᠯ᠎ᠤᠨ ᠶᠡᠷᠦᠩᠬᠡᠶ ᠱᠠᠭᠠᠷᠳᠠᠯᠭ᠎ᠠ᠎ᠶ᠋ᠢ ᠳᠤᠷᠠᠳᠪᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠬᠦᠨᠵᠡᠭᠡᠢ ᠲᠤᠭᠤᠰᠢᠯᠠᠭᠤᠯᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠠᠷᠠᠳ ᠲᠦᠮᠡᠨ᠎ᠤ ᠬᠣᠲᠠ᠎ᠶ᠋ᠢᠨ ᠣᠢᠯᠠᠭᠠᠭ᠍ᠳᠠᠬᠤᠨ᠎ᠢ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠵᠤ᠂ ᠲᠣᠭ᠍ᠲᠠᠭᠤᠨ᠎ᠤ ᠳᠤᠮᠳᠠ ᠠᠬᠢᠯᠳᠠ ᠲᠠᠢ ᠪᠠᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠭᠤ᠎ᠶᠢ ᠪᠠᠷᠢᠮᠳᠠᠯᠠᠵᠤ᠂ ᠱᠢᠨ᠎ᠡ᠎ᠶ᠋ᠢ ᠡᠭᠦᠳᠬᠦ᠂ ᠤᠷᠤᠰᠢᠨ ᠰᠠᠭᠤᠬᠤ᠎ᠳᠤ ᠲᠣᠬᠢᠷᠠᠮᠵᠢᠲᠠᠶ᠂ ᠦᠵᠡᠰᠬᠦᠯᠡᠨᠭᠳᠤ ᠰᠠᠢᠬᠠᠨ᠂ ᠤᠶᠠᠨ ᠬᠠᠳᠠᠨ ᠴᠢᠨᠠᠷᠳᠠᠢ᠂ ᠪᠣᠯᠪᠠᠰᠤᠨ᠂ ᠣᠶᠤᠨᠴᠢ ᠣᠳᠣᠬᠢᠴᠢᠯᠠᠭ᠍ᠰᠠᠨ ᠠᠷᠠᠳ ᠲᠦᠮᠡᠨ᠎ᠤ ᠬᠣᠲᠠ᠎ᠵᠢ ᠪᠦᠳᠦᠭᠡᠨ ᠪᠠᠢᠭᠤᠯᠬᠤ᠎ᠪᠡᠷ ᠬᠠᠷᠠᠯᠲᠠ ᠪᠣᠯᠭᠠᠵᠤ᠂ ᠬᠣᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠬᠣᠲᠠ᠎ᠶ᠋ᠢᠨ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠪᠠᠷᠢᠮᠲᠠᠯᠠᠬᠤ᠎ᠪᠠᠷ ᠭᠤᠤᠯ ᠱᠢᠵᠢᠮ ᠪᠣᠯᠭᠠᠵᠤ᠂ ᠬᠣᠲᠠ᠎ᠶ᠋ᠢ ᠱᠢᠨᠡᠳᠬᠡᠬᠦ᠎ᠶ᠋ᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭᠠᠵᠤ᠂ ᠬᠣᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠬᠦ᠌᠂ ᠬᠥᠳᠡᠯᠭᠡᠬᠦ᠌ ᠡᠨᠧᠷᠭᠢ᠎ᠶᠢ ᠰᠣᠯᠢᠭ᠍ᠳᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠬᠦᠯᠬᠦ᠂ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠂ ᠰᠣᠶᠣᠯ᠎ᠤᠨ ᠤᠳᠤᠮᠰᠢᠯ᠎ᠢ ᠵᠠᠯᠭᠠᠮᠵᠢᠯᠠᠬᠤ᠂ ᠵᠠᠰᠠᠯᠲᠠ ᠦᠷ᠎ᠡ ᠠᠱᠢᠭ᠎ᠢ ᠨᠡᠮᠡᠭ᠌ᠳᠡᠭᠦᠯᠬᠦ᠎ᠶᠢ ᠶᠡᠭᠡ᠎ᠪᠡᠷ ᠠᠬᠢᠭᠤᠯᠵᠤ᠂ ᠬᠤᠳᠠ᠎ᠶ᠋ᠢᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠳᠤᠮᠳᠠᠳᠤ ᠤᠯᠤᠰ᠎ᠤᠨ ᠣᠨᠴᠠᠯᠢᠭ᠋ ᠲᠠᠢ ᠬᠤᠳᠠ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢᠶᠠᠷ ᠵᠠᠮᠨᠠᠬᠤ ᠬᠡᠷᠡᠭᠲᠡᠢ ᠭᠡᠵᠤ ᠴᠢᠬᠤᠯᠠᠴᠢᠯᠠᠪᠠ᠃

ᠵᠣᠬᠢᠶᠠᠯ᠎ᠳᠤ᠂ ᠡᠨᠡ ᠬᠦ᠌ ᠶᠡᠷᠦᠩᠬᠡᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠵᠠᠩᠭᠢᠯᠠᠭ᠎ᠠ ᠨᠢ ᠬᠤᠳᠠ᠎ᠶ᠋ᠢᠨ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠪᠠᠷᠢᠮᠲᠠᠯᠠᠵᠤ᠂ ᠬᠡᠳᠦᠨ ᠴᠢᠬᠤᠯᠠ ᠵᠠᠷᠴᠢᠮ᠎ᠢ ᠦᠨᠡᠨ ᠬᠦ᠌ ᠰᠠᠢᠲᠤᠷ ᠡᠵᠡᠮᠳᠡᠬᠦ᠌᠎ᠳᠦ ᠪᠤᠢ᠃ ᠨᠢᠭᠡ᠎ᠳᠦ᠂ ᠬᠣᠲᠠ᠎ᠶ᠋ᠢᠨ ᠬᠥᠭ᠌ᠵᠢᠯᠲᠡ᠎ᠶ᠋ᠢᠨ ᠲᠤᠬᠠᠢ ᠣᠢᠯᠠᠭᠠᠭ᠍ᠳᠠᠬᠤᠨ᠎ᠢᠶᠡᠨ ᠬᠤᠪᠢᠷᠠᠭᠤᠯᠵᠤ᠂ ᠬᠥᠮᠦᠨ᠎ᠢᠶᠡᠷ ᠦᠨᠳᠦᠰᠦ ᠪᠣᠯᠭᠠᠬᠤ᠎ᠶ᠋ᠢ ᠨᠡᠩ ᠴᠢᠬᠤᠯᠠᠴᠢᠯᠠᠬᠤ ᠬᠡᠷᠡᠭᠲᠡᠢ᠃ ᠬᠣᠶᠠᠷ᠎ᠲᠤ᠂ ᠬᠤᠳᠠ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠵᠤ᠂ ᠡᠷᠴᠢᠮᠵᠢᠭᠰᠡᠨ ᠥᠨᠳᠥᠷ ᠪᠦᠲᠦᠮᠵᠢᠲᠡᠢ ᠪᠠᠢᠬᠤ᠎ᠶ᠋ᠢ ᠨᠡᠩ ᠴᠢᠬᠤᠯᠠᠴᠢᠯᠠᠬᠤ ᠬᠡᠷᠡᠭᠲᠡᠢ᠃ ᠭᠤᠷᠪᠠ᠎ᠳᠤ᠂ ᠬᠣᠲᠠ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠬᠤᠪᠢᠷᠠᠭᠤᠯᠵᠤ᠂ ᠣᠨᠴᠠᠯᠢᠭ᠍ᠲᠤ ᠬᠥᠭ᠌ᠵᠢᠯᠲᠡ᠎ᠶ᠋ᠢ ᠨᠠᠩ ᠴᠢᠬᠤᠯᠠᠴᠢᠯᠠᠬᠤ ᠬᠡᠷᠡᠭᠲᠡᠢ᠃ ᠳᠥᠷᠪᠡ᠎ᠳᠦ᠂ ᠬᠣᠲᠠ᠎ᠶ᠋ᠢᠨ ᠠᠵᠢᠯ᠎ᠤᠨ ᠭᠤᠤᠯᠳᠠᠯᠭ᠎ᠠ᠎ᠶ᠋ᠢ ᠬᠤᠪᠢᠷᠠᠭᠤᠯᠵᠤ᠂ ᠵᠠᠰᠠᠯᠲᠠ᠎ᠶ᠋ᠢᠨ ᠣᠷᠣᠭᠤᠯᠤᠯᠲᠠ᠎ᠶ᠋ᠢ ᠨᠠᠩ ᠴᠢᠬᠤᠯᠠᠴᠢᠯᠠᠬᠤ ᠬᠡᠷᠡᠭᠲᠡᠢ᠃ ᠲᠠᠪᠤ᠎ᠳᠤ᠂ ᠬᠣᠲᠠ᠎ᠶ᠋ᠢᠨ ᠠᠵᠢᠯ᠎ᠤᠨ ᠠᠷᠭ᠎ᠠ᠎ᠶ᠋ᠢ ᠬᠤᠪᠢᠷᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠨᠡᠩ ᠴᠢᠬᠤᠯᠠᠴᠢᠯᠠᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠵᠣᠬᠢᠶᠠᠯ᠎ᠳᠤ᠂ ᠬᠣᠲᠠ᠎ᠶ᠋ᠢᠨ ᠠᠵᠢᠯ᠎ᠤᠨ 7 ᠲᠠᠯ᠎ᠠ᠎ᠶ᠋ᠢᠨ ᠭᠤᠤᠯᠳᠠᠯᠭ᠎ᠠ ᠲᠠᠶ ᠡᠭᠦᠷᠭᠡ᠎ᠶ᠋ᠢ ᠪᠠᠢᠷᠢᠯᠠᠭᠤᠯᠪᠠ᠃ ᠨᠢᠭᠡᠳᠦᠭᠡᠷ᠎ᠲᠦ᠂ ᠣᠳᠣᠬᠢᠴᠢᠯᠠᠭ᠍ᠰᠠᠨ ᠬᠤᠳᠠ᠎ᠶ᠋ᠢᠨ ᠱᠢᠰᠲ᠋ᠧᠮ᠎ᠢ ᠬᠦᠴᠦᠯᠡᠨ ᠱᠢᠯᠢᠳᠡᠭ᠌ᠵᠢᠭᠦᠯᠬᠦ᠌ ᠬᠡᠷᠡᠭ᠌ᠲᠡᠢ᠃ ᠬᠤᠳᠠ᠎ᠶ᠋ᠢᠨ ᠬᠥᠮᠦᠨ ᠠᠮᠠ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠶᠡᠷᠦᠩᠬᠡᠢᠯᠡᠨ ᠳᠠᠭᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠪᠣᠳᠣᠯᠬᠢᠯᠠᠵᠤ᠂ ᠪᠦᠯᠬᠦᠮ ᠴᠤᠬᠴᠠ ᠮᠠᠶᠢᠭ᠎ᠤᠨ᠂ ᠰᠦᠯᠵᠢᠶᠡᠵᠢᠭ᠌ᠰᠡᠨ ᠣᠳᠣᠬᠢᠴᠢᠯᠠᠭ᠍ᠰᠠᠨ ᠬᠤᠳᠠ᠎ᠶ᠋ᠢᠨ ᠪᠦᠯᠦᠭᠵᠢᠯ ᠪᠠ ᠲᠤᠮᠤ ᠬᠤᠳᠠ᠎ᠶ᠋ᠢᠨ ᠴᠠᠭᠠᠷᠢᠭ᠎ᠢ ᠪᠦᠷᠢᠯᠳᠦᠬᠦᠯᠦᠨ ᠬᠥᠭ᠌ᠵᠢᠭᠦᠯᠬᠦ ᠬᠡᠷᠡᠭᠲᠡᠢ᠃ ᠲᠤᠮᠤ ᠳᠤᠮᠳᠠ ᠵᠢᠵᠢᠭ ᠬᠤᠳᠠ ᠪᠠ ᠵᠢᠵᠢᠭ ᠬᠣᠲᠠ ᠪᠠᠯᠭᠠᠰᠤ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠬᠣᠶᠠᠳᠤᠭᠠᠷ᠎ᠲᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠱᠢᠨ᠎ᠡ᠎ᠶ᠋ᠢ ᠡᠭᠦᠳᠬᠦ᠌ ᠬᠤᠳᠠ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ᠃ ᠬᠣᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠪᠠ ᠰᠠᠭᠤᠷᠢ ᠨᠥᠬᠥᠴᠡᠯ᠎ᠳᠦ ᠰᠠᠭᠤᠷᠢᠯᠠᠨ᠂ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢ ᠨᠠᠷᠢᠨ ᠨᠢᠮᠪᠠᠢ ᠪᠣᠢᠵᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠠᠯ᠎ᠠ᠎ᠪᠠᠷ ᠲᠠᠰᠤᠷᠠᠯᠲᠠ ᠦᠭᠡᠢ ᠱᠢᠪᠲᠤᠯᠤᠯᠲᠠ᠎ᠲᠠᠶ ᠪᠣᠯᠭᠠᠬᠤ ᠬᠡᠷᠡᠭᠲᠡᠢ᠃ ᠥᠩᠭᠡᠷᠡᠭ᠌ᠰᠡᠨ᠎ᠳᠦ ᠬᠣᠲᠠ᠎ᠶ᠋ᠢᠨ ᠲᠤᠭ᠎ᠠ᠎ᠶᠢ ᠨᠡᠮᠡᠭ᠌ᠳᠡᠭᠦᠯᠦᠨ ᠥᠷᠭᠡᠳᠭᠡᠬᠦ᠌ ᠬᠤᠭᠤᠴᠠᠭᠠᠨ᠎ᠳᠤ ᠪᠣᠶ ᠪᠣᠯᠤᠭ᠍ᠰᠠᠨ ᠲᠥᠷᠥ᠎ᠶ᠋ᠢᠨ ᠪᠣᠳᠣᠯᠭ᠎ᠠ ᠲᠦᠷᠢᠮ᠎ᠢ ᠥᠭᠡᠷᠡᠴᠢᠯᠡᠯᠲᠡ ᠬᠢᠬᠦ ᠰᠡᠳᠭᠢᠮᠵᠢ᠎ᠪᠡᠷ ᠳᠣᠭᠢᠷᠠᠭᠤᠯᠤᠨ ᠱᠢᠯᠢᠳᠡᠭ᠌ᠵᠢᠭᠦᠯᠵᠦ᠍᠂ ᠬᠣᠲᠠ᠎ᠶ᠋ᠢ ᠱᠢᠨᠡᠳᠬᠡᠬᠦ᠎ᠶ᠋ᠢ ᠴᠢᠨᠠᠷ ᠰᠠᠢᠲᠠᠶ ᠥᠷᠨᠢᠭᠦᠯᠬᠦ᠌ ᠬᠡᠷᠡᠭ᠌ᠲᠡᠶ᠃ ᠬᠣᠲᠠ᠎ᠶ᠋ᠢᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠳᠠᠬᠢ ᠬᠦᠶ᠋ᠰᠦ ᠪᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠬᠡᠷᠡᠭᠲᠡᠢ᠃ ᠭᠤᠷᠪᠠᠳᠤᠭᠠᠷ᠎ᠲᠤ᠂ ᠲᠠᠭᠠᠯᠠᠮᠵᠢᠲᠠᠢ ᠪᠥᠭᠡᠳ ᠳᠥᠭᠥᠮ ᠳᠥᠲᠡ ᠠᠮᠢᠳᠤᠷᠠᠬᠤ᠎ᠳᠤ ᠲᠤᠬᠢᠲᠠᠢ ᠬᠣᠳᠠ᠎ᠶ᠋ᠢ ᠬᠦᠴᠦᠯᠡᠨ ᠪᠥᠳᠥᠭᠡᠨ ᠪᠠᠢᠭᠤᠯᠬᠤ ᠬᠡᠷᠡᠭᠲᠡᠢ᠃ ᠬᠥᠮᠦᠨ ᠠᠮᠠ᠂ ᠠᠵᠤ ᠦᠢᠯᠡᠰ᠂ ᠬᠣᠲᠠ ᠪᠠᠯᠭᠠᠰᠤ᠂ ᠵᠠᠮ ᠬᠠᠷᠢᠯᠴᠠᠭ᠎ᠠ᠎ᠶ᠋ᠢ ᠨᠢᠭᠡ ᠴᠣᠭ᠍ᠴᠠᠵᠢᠭᠤᠯᠤᠨ ᠲᠥᠯᠥᠪᠵᠢᠭᠦᠯᠬᠦ᠎ᠶ᠋ᠢ ᠪᠠᠷᠢᠮᠲᠠᠯᠠᠨ᠂ ᠬᠣᠲᠠ᠎ᠶ᠋ᠢᠨ ᠣᠷᠣᠨ ᠵᠠᠶ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠵᠠᠮ ᠬᠠᠷᠢᠯᠴᠠᠭᠠᠨ᠎ᠤ ᠲᠤᠨᠤᠭ ᠲᠦᠬᠦᠭᠡᠷᠦᠮᠵᠢ᠎ᠶ᠋ᠢᠨ ᠱᠢᠰᠲᠸᠮ᠎ᠢ ᠲᠡᠭᠦᠯᠳᠡᠷᠵᠢᠭᠦᠯᠬᠦ᠌ ᠬᠡᠷᠡᠭ᠌ᠲᠡᠶ᠃ ᠭᠡᠷ ᠭᠠᠵᠠᠷ᠎ᠤᠨ ᠬᠦᠷᠦᠨᠭ᠌ᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠵᠠᠭ᠍ᠪᠤᠷ᠎ᠢ ᠲᠦᠷᠭᠡᠪᠴᠢᠯᠡᠨ ᠪᠠᠢᠭᠤᠯᠵᠤ᠂ ᠤᠯᠠᠨ ᠲᠦᠮᠡᠨ᠎ᠦ ᠬᠠᠲᠠᠭᠤ ᠬᠡᠷᠡᠭᠴᠡᠬᠡ ᠲᠠᠢ ᠪᠠ ᠤᠯᠠᠨ ᠶᠠᠩᠵᠤᠲᠦ ᠨᠦᠬᠦᠴᠡᠯ᠎ᠢᠶᠡᠨ ᠰᠠᠢᠵᠢᠷᠠᠭᠤᠯᠬᠤ ᠴᠢᠨᠠᠷᠲᠠᠢ ᠣᠷᠣᠨ ᠰᠠᠭᠤᠴᠠ᠎ᠶ᠋ᠢᠨ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠵᠤ᠂ ᠬᠣᠲᠠ᠎ᠶ᠋ᠢᠨ ᠳᠤᠮᠳᠠᠬᠢ ᠲᠣᠰᠭᠣᠨ ᠪᠠ ᠨᠤᠷᠠᠬᠤ ᠠᠶᠤᠯᠲᠠᠢ ᠬᠠᠭᠤᠴᠢᠨ ᠭᠡᠷ ᠪᠠᠢᠱᠢᠩ᠎ᠢ ᠥᠭᠡᠷᠡᠴᠢᠯᠡᠨ ᠵᠠᠰᠠᠬᠤ᠎ᠶ᠋ᠢ ᠯᠠᠪᠳᠠᠭᠤᠨ᠎ᠢᠶᠠᠷ ᠠᠬᠢᠭᠤᠯᠬᠤ ᠬᠡᠷᠡᠭᠳᠡᠢ᠃ ᠡᠷᠡᠭᠦᠯ ᠮᠡᠨᠳᠦ᠂ ᠭᠡᠷ᠎ᠦᠨ ᠶᠠᠪᠤᠳᠠᠯ ᠵᠡᠷᠭᠡ ᠠᠮᠢᠳᠤᠷᠠᠯ᠎ᠤᠨ ᠴᠢᠨᠠᠷᠲᠠᠢ ᠦᠢᠯᠡᠴᠢᠯᠡᠭᠡᠨ᠎ᠦ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠪᠠᠷᠠᠯᠠᠯᠳᠤ ᠴᠢᠨᠠᠷᠲᠠᠢ ᠪᠠᠢᠷᠢᠯᠠᠭᠤᠯᠤᠯᠲᠠ᠎ᠶ᠋ᠢ ᠴᠢᠩᠭᠠᠳᠭᠠᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶ᠋ᠢ ᠴᠢᠩᠭᠠᠳᠭᠠᠬᠤ ᠢᠨᠵᠧᠨᠧᠷᠢᠩ᠎ᠢ ᠬᠡᠷᠡᠭ᠌ᠵᠢᠭᠦᠯᠬᠦ ᠬᠡᠷᠡᠭᠳᠡᠢ᠃ ᠳᠥᠷᠪᠡᠳᠦᠭᠡᠷ᠎ᠲᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠦᠵᠡᠰᠭᠦᠯᠡᠩᠲᠦ ᠰᠠᠢᠬᠠᠨ ᠬᠤᠳᠠ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ᠃ ᠡᠨᠧᠷᠭᠢ᠂ ᠬᠣᠭᠣᠯᠠᠶ᠎ᠶ᠋ᠢᠨ ᠲᠤᠤᠷ᠂ ᠵᠠᠮ ᠬᠠᠷᠢᠯᠴᠠᠭ᠎ᠠ ᠵᠡᠷᠭᠡ ᠰᠠᠭᠤᠷᠢ ᠲᠦᠬᠦᠭᠡᠷᠦᠮᠵᠢ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠪᠤᠯᠭᠠᠨ ᠥᠭᠡᠷᠡᠴᠢᠯᠡᠬᠦ᠎ᠶ᠋ᠢ ᠠᠬᠢᠭᠤᠯᠵᠤ᠂ ᠬᠣᠲᠠ᠎ᠶ᠋ᠢᠨ ᠭᠤᠤᠯ ᠮᠥᠷᠡᠨ ᠨᠠᠭᠤᠷ ᠴᠥᠭᠥᠷᠥᠮ᠎ᠦᠨ ᠤᠰᠤᠨ ᠱᠢᠰᠲ᠋ᠧᠮ᠂ ᠨᠤᠭᠤ ᠭᠠᠵᠠᠷ ᠪᠠ ᠤᠰᠤᠨ᠎ᠤ ᠣᠷᠴᠢᠨ ᠲᠣᠭᠣᠷᠢᠨ᠎ᠢ ᠬᠠᠮᠠᠭᠠᠯᠠᠵᠤ᠂ ᠬᠣᠲᠠ᠎ᠶ᠋ᠢᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠳᠡᠭᠡᠭ᠌ᠰᠢᠯᠡᠭᠦᠯᠬᠦ ᠬᠡᠷᠡᠭᠳᠡᠢ᠃ ᠲᠠᠪᠤᠳᠤᠭᠠᠷ᠎ᠲᠤ᠂ ᠠᠮᠤᠷ ᠲᠦᠪᠱᠢᠨ ᠨᠠᠢᠳᠠᠪᠤᠷᠢᠲᠠᠢ ᠤᠶᠠᠨ ᠬᠠᠳᠠᠨ ᠴᠢᠨᠠᠷᠲᠠᠢ ᠬᠤᠳᠠ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ᠃ ᠬᠣᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠠᠮᠢᠨ ᠰᠤᠳᠠᠰᠤ᠎ᠶᠢᠨ ᠠᠶᠤᠯ ᠦᠭᠡᠶ᠎ᠶ᠋ᠢᠨ ᠢᠨᠵᠧᠨᠧᠷᠢᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠬᠣᠲᠠ᠎ᠶ᠋ᠢᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ᠎ᠶ᠋ᠢ ᠴᠢᠩᠭᠠᠷᠠᠭᠤᠯᠤᠨ᠂ ᠭᠡᠷ ᠪᠠᠢᠱᠢᠩ᠎ᠤᠨ ᠠᠶᠤᠯ ᠦᠭᠡᠶ᠎ᠶᠢᠨ ᠪᠠᠲᠤᠯᠠᠭ᠎ᠠ᠎ᠶ᠋ᠢᠨ ᠬᠢᠷᠢ ᠲᠦᠪᠰᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ ᠬᠡᠷᠡᠭᠳᠡᠢ᠃ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠵᠢ ᠬᠣᠲᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠳᠦ ᠣᠷᠭᠠᠨᠢᠭ᠎ᠢᠶᠠᠷ ᠠᠭᠤᠰᠤᠯᠴᠠᠭᠤᠯᠵᠤ᠂ ᠬᠣᠲᠠ᠎ᠶᠢᠨ ᠠᠮᠤᠷ ᠲᠦᠪᠱᠢᠨ᠎ᠦ ᠲᠦᠭ᠌ᠰᠢᠭᠦᠷᠢ᠎ᠶ᠋ᠢᠨ ᠲᠤᠭᠳᠠᠯᠴᠠᠭ᠎ᠠ᠎ᠶᠢ ᠪᠠᠢᠭᠤᠯᠬᠤ ᠬᠡᠷᠡᠭᠳᠡᠢ᠃ ᠵᠢᠷᠭᠤᠳᠤᠭᠠᠷ᠎ᠲᠤ᠂ ᠶᠣᠰᠣ ᠰᠤᠷᠲᠠᠬᠤᠨ᠎ᠢ ᠡᠷᠬᠢᠮᠯᠡᠨ ᠦᠬᠡᠳᠡᠷᠭᠡᠭ ᠰᠠᠢᠨ ᠰᠠᠢᠬᠠᠨ᠎ᠢ ᠲᠡᠬᠡᠳᠦᠯᠡᠭᠰᠡᠨ ᠪᠣᠯᠪᠠᠰᠤᠨ ᠬᠣᠲᠠ᠎ᠶ᠋ᠢ ᠬᠦᠴᠦᠯᠡᠨ ᠪᠠᠢᠭᠤᠯᠬᠤ ᠬᠡᠷᠡᠭᠳᠡᠢ᠃ ᠲᠡᠦᠬᠡ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠬᠣᠲᠠ᠎ᠶ᠋ᠢᠨ ᠥᠪᠡᠷᠮᠢᠴᠡ ᠲᠡᠦᠬᠡ ᠰᠣᠶᠣᠯ᠎ᠤᠨ ᠤᠳᠤᠮᠰᠢᠯ᠂ ᠰᠣᠶᠣᠯ ᠢᠷᠭᠡᠨᠱᠢᠯ ᠭᠠᠵᠠᠷ ᠵᠦᠶ᠂ ᠪᠠᠢᠭᠠᠯᠢ᠎ᠶᠢᠨ ᠦᠵᠡᠮᠵᠢ᠎ᠶ᠋ᠢ ᠬᠠᠮᠠᠭᠠᠯᠠᠬᠤ᠎ᠶ᠋ᠢ ᠴᠢᠬᠤᠯᠠᠴᠢᠯᠠᠬᠤ ᠬᠡᠷᠡᠭᠳᠡᠢ᠃ ᠬᠣᠲᠠ᠎ᠶ᠋ᠢᠨ ᠪᠣᠯᠪᠠᠰᠤᠨ᠎ᠢ ᠢᠳᠡᠪᠬᠢᠲᠡᠶ ᠬᠦᠮᠦᠵᠢᠭᠦᠯᠵᠦ᠂ ᠬᠣᠲᠠ᠎ᠶ᠋ᠢᠨ ᠵᠣᠷᠢᠭ ᠰᠠᠨᠠᠭ᠎ᠠ᠎ᠶ᠋ᠢ ᠱᠤᠭᠤᠬᠤ ᠬᠡᠷᠡᠭ᠌ᠲᠡᠶ᠃ ᠳᠣᠯᠣᠳᠤᠭᠠᠷ᠎ᠲᠤ᠂ ᠳᠥᠭᠥᠮ ᠲᠦᠷᠬᠡᠨ ᠥᠨᠳᠥᠷ ᠪᠦᠲᠦᠮᠵᠢᠲᠡᠢ ᠤᠶᠤᠨᠴᠢ ᠬᠤᠳᠠ᠎ᠶ᠋ᠢ ᠬᠦᠴᠦᠯᠡᠨ ᠪᠠᠢᠭᠤᠯᠬᠤ ᠬᠡᠷᠡᠭ᠌ᠲᠡᠢ᠃ ᠲᠣᠭᠠᠴᠢᠯᠠᠭ᠍ᠰᠠᠨ ᠣᠶᠤᠨᠴᠢᠯᠠᠭᠰᠠᠨ ᠬᠠᠨᠳᠤᠰᠢ᠎ᠳᠤ ᠵᠣᠬᠢᠴᠠᠭᠤᠯᠤᠨ᠂ ᠬᠣᠲᠠ᠎ᠶ᠋ᠢᠨ ᠵᠠᠰᠠᠯᠲᠠ᠎ᠶ᠋ᠢᠨ ᠣᠶᠤᠨᠴᠢᠯᠠᠭ᠍ᠰᠠᠨ ᠨᠠᠷᠢᠯᠢᠬ᠍ᠵᠢᠭᠤᠯᠤᠭ᠍ᠰᠠᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠬᠡᠷᠡᠭᠳᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠦᠨ ᠲᠠᠭᠠᠭᠤᠯᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤ᠎ᠶ᠋ᠢ ᠠᠳᠭᠤᠬᠤ᠂ ᠰᠠᠭᠤᠷᠢ᠎ᠶ᠋ᠢ ᠴᠢᠩᠭᠠᠳᠭᠠᠬᠤ᠂ ᠦᠨᠳᠦᠰᠦ᠎ᠶ᠋ᠢ ᠪᠡᠬᠢᠵᠢᠭᠦᠯᠬᠦ᠌᠎ᠶ᠋ᠢ ᠳᠣᠪᠣᠢᠯᠭᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠥᠨᠳᠥᠷ ᠪᠦᠲᠦᠮᠵᠢᠲᠡᠶ ᠱᠢᠶ᠋ᠳᠪᠦᠷᠢᠯᠡᠬᠦ ᠬᠡᠷᠡᠭᠳᠡᠢ᠃

ᠵᠣᠬᠢᠶᠠᠯ᠎ᠳᠤ᠂ ᠣᠳᠣᠬᠢᠴᠢᠯᠠᠭ᠍ᠰᠠᠨ ᠠᠷᠠᠳ ᠲᠦᠮᠡᠨ᠎ᠤ ᠬᠤᠳᠠ᠎ᠶ᠋ᠢ ᠪᠦᠳᠦᠬᠡᠨ ᠪᠠᠢᠭᠤᠯᠬᠤ᠎ᠳᠤ ᠡᠷᠬᠡᠪᠰᠢ ᠬᠤᠳᠠ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠤᠳᠤᠷᠢᠳᠭᠤ ᠪᠠᠢᠭᠤᠯᠤᠯ ᠪᠣᠯᠤᠨ ᠠᠵᠢᠯ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠵᠦ᠍᠂ ᠬᠣᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠬᠤ ᠴᠢᠨᠠᠷ᠎ᠢ ᠨᠡᠮᠡᠭ᠌ᠳᠡᠭᠦᠯᠦᠨ᠂ ᠡᠯ᠎ᠡ ᠲᠠᠯ᠎ᠠ᠎ᠶ᠋ᠢᠨ ᠬᠡᠷᠡᠭ᠌ᠵᠢᠭᠦᠯᠬᠦ᠌ ᠬᠦᠴᠦᠨ᠎ᠢ ᠴᠢᠩᠭᠠᠳᠬᠠᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠢᠯᠡᠳᠦᠯᠭᠡᠵᠢᠭᠦᠯᠵᠦ᠍᠂ ᠬᠣᠲᠠ᠎ᠶ᠋ᠢᠨ ᠬᠥᠭ᠌ᠵᠢᠯᠲᠡ᠎ᠶ᠋ᠢ ᠦᠨᠡᠯᠡᠬᠦ᠌ ᠱᠢᠨᠵᠢᠯᠡᠬᠦ᠌ ᠤᠬᠠᠭᠠᠨᠴᠢ ᠱᠢᠰᠲᠧᠮ᠎ᠢ ᠪᠠᠢᠭᠤᠯᠤᠨ ᠪᠦᠷᠢᠨᠱᠢᠭᠦᠯᠬᠦ᠌ ᠬᠡᠷᠡᠭ᠌ᠲᠡᠶ᠃ ᠬᠣᠲᠠ᠎ᠶ᠋ᠢᠨ ᠠᠵᠢᠯ᠎ᠤᠨ ᠺᠠᠳ᠋ᠷ᠎ᠤᠨ ᠡᠩᠨᠡᠭᠡ᠎ᠶᠢᠨ ᠬᠡᠪ ᠪᠤᠯᠪᠠᠰᠤᠷᠠᠯ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠬᠠᠬᠤ ᠬᠡᠷᠡᠭᠳᠡᠢ᠃ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠬᠦ ᠬᠡᠷᠡᠭᠳᠡᠢ ᠬᠡᠵᠤ ᠴᠢᠬᠤᠯᠠᠴᠢᠯᠠᠪᠠ᠃

ᠢᠷᠡᠯᠲᠡ᠄    