ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠵᠢᠨ᠎ᠫᠢᠩ ᠺᠠᠨᠠᠳᠠ᠎ᠶ᠋ᠢᠨ ᠶᠡᠷᠦᠩᠬᠡᠢ ᠰᠠᠢᠳ ᠺᠠᠨᠢ ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2026-01-19

1 ᠰᠠᠷ᠎ᠠ᠎ᠶ᠋ᠢᠨ 16 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠺᠠᠨᠠᠳᠠ᠎ᠶ᠋ᠢᠨ ᠶᠡᠷᠦᠩᠬᠡᠢ ᠰᠠᠢᠳ ᠺᠠᠨᠢ ᠲᠠᠢ ᠠᠭᠤᠯᠵᠠᠪᠠ᠃

1 ᠰᠠᠷ᠎ᠠ᠎ᠶ᠋ᠢᠨ 16 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠢᠯᠴᠢᠯᠠᠯᠲᠠ ᠬᠢᠬᠦ᠌᠎ᠪᠡᠷ ᠢᠷᠡᠭ᠌ᠰᠡᠨ ᠺᠠᠨᠠᠳᠠ᠎ᠶ᠋ᠢᠨ ᠶᠡᠷᠦᠩᠬᠡᠢ ᠰᠠᠢᠳ ᠺᠠᠨᠢ ᠲᠠᠢ ᠠᠭᠤᠯᠵᠠᠪᠠ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠰᠢᠶᠸ ᠬᠤᠸᠠᠨ ᠤ᠋ᠤᠢ ᠰᠡᠭᠦᠳᠡᠷᠯᠡᠪᠡ

ᠰᠢ᠎ᠵᠢᠨ᠎ᠫᠢᠩ᠂ ᠨᠢᠳᠤᠨᠤᠨ᠎ᠤ 10 ᠰᠠᠷ᠎ᠠ᠎ᠳᠤ᠂ ᠪᠢᠳᠠ ᠺᠣᠷᠢᠶᠠ᠎ᠶ᠋ᠢᠨ ᠭᠢᠶᠸᠩᠽᠥ᠋᠎ᠳᠦ ᠠᠭᠤᠯᠵᠠᠵᠤ᠂ ᠳᠤᠮᠳᠠᠳᠤ ᠺᠠᠨᠠᠳᠠ᠎ᠶ᠋ᠢᠨ ᠬᠠᠷᠢᠯᠴᠠᠭ᠎ᠠ᠎ᠶ᠋ᠢᠨ ᠡᠶᠡᠳᠡᠵᠦ ᠰᠠᠢᠵᠢᠷᠠᠬᠤ ᠱᠢᠨ᠎ᠡ ᠪᠠᠢᠳᠠᠯ᠎ᠢ ᠨᠡᠭᠡᠭᠡᠪᠡ᠃ ᠬᠣᠶᠠᠷ ᠲᠠᠯ᠎ᠠ᠎ᠪᠠᠷ᠎ᠢᠶᠠᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠪᠠᠨ ᠰᠡᠷᠭᠦᠭᠡᠬᠦ᠌ ᠪᠠ ᠲᠠᠬᠢᠨ ᠡᠬᠢᠯᠡᠭᠦᠯᠬᠦ᠌ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠢᠳᠡᠪᠬᠢᠲᠡᠢ ᠦᠷ᠎ᠡ ᠪᠦᠲᠦᠭᠡᠯ ᠤᠯᠪᠠ᠃ ᠳᠤᠮᠳᠠᠳᠤ ᠺᠠᠨᠠᠳᠠ᠎ᠶ᠋ᠢᠨ ᠬᠠᠷᠢᠯᠴᠠᠭ᠎ᠠ ᠡᠷᠡᠭᠦᠯ ᠲᠣᠭ᠍ᠲᠠᠭᠤᠨ᠎ᠢᠶᠠᠷ ᠬᠥᠭ᠌ᠵᠢᠬᠦ᠌ ᠨᠢ ᠬᠣᠶᠠᠷ ᠤᠯᠤᠰ᠎ᠤᠨ ᠬᠠᠮᠲᠤ᠎ᠶ᠋ᠢᠨ ᠠᠱᠢᠭ ᠲᠤᠰᠠ᠎ᠲᠠᠶ ᠨᠡᠢᠴᠡᠬᠦ᠌ ᠪᠥᠭᠡᠳ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠳᠦ ᠴᠦ᠍ ᠠᠱᠢᠭ᠍ᠲᠠᠢ ᠶᠤᠮ᠃ ᠬᠣᠶᠠᠷ ᠲᠠᠯ᠎ᠠ᠎ᠪᠠᠷ᠎ᠢᠶᠠᠨ ᠲᠡᠦᠬᠡ᠂ ᠠᠷᠠᠳ ᠲᠦᠮᠡᠨ᠂ ᠳᠡᠯᠡᠬᠡᠢ ᠳ᠋ᠠᠬᠢᠨ᠎ᠳᠤ ᠬᠠᠷᠢᠭᠤᠴᠠᠬᠤ ᠣᠪᠣᠷ᠎ᠢᠶᠠᠷ᠂ ᠳᠤᠮᠳᠠᠳᠤ ᠺᠠᠨᠠᠳᠠ᠎ᠶ᠋ᠢᠨ ᠱᠢᠨ᠎ᠡ ᠬᠡᠯᠪᠡᠷᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢ ᠪᠠᠢᠭᠤᠯᠬᠤ᠎ᠶ᠋ᠢ ᠠᠬᠢᠭᠤᠯᠵᠤ᠂ ᠳᠤᠮᠳᠠᠳᠤ ᠺᠠᠨᠠᠳᠠ᠎ᠶ᠋ᠢᠨ ᠬᠠᠷᠢᠯᠴᠠᠭ᠎ᠠ᠎ᠶ᠋ᠢᠨ ᠡᠷᠡᠭᠦᠯ᠂ ᠲᠣᠭ᠍ᠲᠠᠭᠤᠨ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠠᠮ᠎ᠳᠤ ᠣᠷᠣᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠳᠤᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ ᠳᠤᠮᠳᠠᠳᠤ ᠺᠠᠨᠠᠳᠠ᠎ᠶ᠋ᠢᠨ ᠬᠠᠷᠢᠯᠴᠠᠭ᠎ᠠ᠎ᠶ᠋ᠢᠨ ᠲᠤᠬᠠᠢ 4 ᠰᠠᠨᠠᠯ ᠳᠤᠷᠠᠳᠪᠠ᠃ ᠨᠢᠭᠡ᠎ᠳᠦ ᠬᠠᠷᠢᠯᠴᠠᠨ ᠬᠦᠨᠳᠦᠳᠭᠡᠬᠦ᠌ ᠬᠠᠨᠢᠲᠠᠨ ᠪᠣᠯᠤᠯᠴᠠᠶ᠎ᠠ᠃ ᠳᠤᠮᠳᠠᠳᠤ ᠺᠠᠨᠠᠳᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 55 ᠵᠢᠯ᠎ᠦᠨ ᠲᠤᠷᠰᠢ᠂ ᠬᠣᠶᠠᠷ ᠤᠯᠤᠰ᠎ᠤᠨ ᠬᠠᠷᠢᠯᠴᠠᠭ᠎ᠠ ᠰᠠᠯᠬᠢ ᠪᠣᠷᠣᠭᠠᠨ᠂ ᠤᠷᠪᠠᠭᠠᠨ ᠬᠥᠷᠪᠡᠭᠡᠨ᠎ᠢ ᠲᠤᠭᠤᠯᠵᠤ᠂ ᠡᠷᠬᠢᠮ ᠨᠠᠨᠳᠢᠨ ᠲᠡᠦᠬᠡ᠎ᠶ᠋ᠢᠨ ᠲᠤᠷᠱᠢᠯᠭ᠎ᠠ ᠪᠣᠯᠤᠨ ᠪᠣᠳᠠᠲᠤ ᠠᠬᠤᠢ᠎ᠶ᠋ᠢᠨ ᠰᠡᠩᠬᠡᠷᠡᠭᠦᠯᠦᠯ᠎ᠢ ᠦᠯᠡᠳᠡᠭᠡᠵᠡᠢ᠃ ᠳᠤᠮᠳᠠᠳᠤ ᠺᠠᠨᠠᠳᠠ ᠬᠣᠶᠠᠷ ᠤᠯᠤᠰ᠎ᠤᠨ ᠤᠯᠤᠰ᠎ᠤᠨ ᠪᠠᠢᠳᠠᠯ ᠬᠡᠳᠦᠢᠪᠡᠷ ᠠᠳᠠᠯᠢ ᠪᠤᠰᠤ ᠪᠣᠯᠪᠠᠴᠤ᠌ ᠲᠤᠰ ᠲᠤᠰ᠎ᠤᠨ᠎ᠢᠶᠠᠨ ᠡᠷᠬᠡ ᠮᠡᠳᠡᠯ ᠪᠣᠯᠤᠨ ᠨᠤᠲᠤᠭ ᠳᠡᠪᠢᠰᠭᠡᠷ᠎ᠦᠨ ᠪᠦᠷᠢᠨ ᠪᠦᠲᠦᠨ ᠪᠠᠢᠬᠤ᠎ᠶ᠋ᠢ ᠬᠦᠨᠳᠦᠳᠭᠡᠵᠦ᠍᠂ ᠲᠤᠰ ᠲᠤᠰ᠎ᠤᠨ᠎ᠢᠶᠠᠨ ᠰᠣᠩᠭᠣᠭ᠍ᠰᠠᠨ ᠤᠯᠤᠰ ᠲᠦᠷᠦ᠍᠎ᠶ᠋ᠢᠨ ᠪᠠᠢᠭᠤᠯᠤᠯ ᠪᠣᠯᠤᠨ ᠬᠥᠭ᠌ᠵᠢᠯᠲᠡ᠎ᠶ᠋ᠢᠨ ᠵᠠᠮ᠎ᠢ ᠬᠦᠨᠳᠦᠳᠭᠡᠵᠦ᠍᠂ ᠤᠯᠤᠰ ᠪᠣᠯᠤᠨ ᠤᠯᠤᠰ᠎ᠤᠨ ᠵᠥᠪ᠎ᠢᠶᠡᠷ ᠬᠠᠷᠢᠯᠴᠠᠬᠤ ᠶᠣᠰᠣ᠎ᠶ᠋ᠢ ᠪᠠᠷᠢᠮᠲᠠᠯᠠᠪᠠᠯ ᠵᠣᠬᠢᠨ᠎ᠠ᠃ ᠬᠣᠶᠠᠷ᠎ᠲᠤ ᠬᠠᠮᠲᠤ᠎ᠪᠠᠷ ᠬᠥᠭ᠌ᠵᠢᠬᠦ᠌ ᠬᠠᠨᠢᠲᠠᠨ ᠪᠣᠯᠤᠯᠴᠠᠶ᠎ᠠ᠃ ᠳᠤᠮᠳᠠᠳᠤ ᠺᠠᠨᠠᠳᠠ᠎ᠶ᠋ᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠶ᠋ᠢᠨ ᠮᠥᠨ ᠴᠢᠨᠠᠷ ᠪᠣᠯ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠶᠠᠪᠤᠳᠠᠯ ᠪᠠᠢᠵᠤ᠂ ᠬᠣᠶᠠᠷ ᠲᠠᠯ᠎ᠠ᠎ᠪᠠᠷ᠎ᠢᠶᠠᠨ ᠪᠦᠷ ᠬᠠᠮᠲᠤᠷᠠᠯᠴᠠᠭᠠᠨ᠎ᠤ ᠳᠤᠮᠳᠠ ᠡᠴᠡ ᠠᠱᠢᠭ ᠬᠦᠷᠳᠡᠨ᠎ᠡ᠃ ᠳᠤᠮᠳᠠᠳᠤ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠂ ᠥᠨᠳᠥᠷ ᠲᠦᠪᠱᠢᠨ ᠪᠦᠬᠦᠢ ᠨᠡᠬᠡᠬᠡᠯᠳᠡ ᠨᠢ ᠳᠤᠮᠳᠠᠳᠤ ᠺᠠᠨᠠᠳᠠ᠎ᠶ᠋ᠢᠨ ᠬᠠᠮᠲᠤᠷᠠᠯᠴᠠᠭ᠎ᠠ᠎ᠳᠤ ᠦᠷᠭᠦᠯᠵᠢᠯᠡᠨ ᠱᠢᠨ᠎ᠡ ᠠᠵᠠ ᠲᠣᠬᠢᠶᠠᠯ ᠬᠠᠩᠭᠠᠵᠤ᠂ ᠱᠢᠨ᠎ᠡ ᠣᠷᠣᠨ ᠵᠠᠢ᠎ᠶ᠋ᠢ ᠥᠷᠭᠡᠳᠭᠡᠬᠦ᠌ ᠪᠣᠯᠤᠨ᠎ᠠ᠃ ᠬᠣᠶᠠᠷ ᠲᠠᠯ᠎ᠠ᠎ᠪᠠᠷ᠎ᠢᠶᠠᠨ ᠬᠠᠮᠲᠤᠷᠠᠯᠴᠠᠭ᠎ᠠ᠎ᠪᠠᠨ ᠠᠬᠢᠭᠤᠯᠬᠤ ᠲᠠᠯ᠎ᠠ ᠪᠡᠷ ᠢᠯᠡᠭᠦᠬᠡᠨ ᠴᠢᠷᠮᠠᠢᠵᠤ᠂ ᠨᠠᠵᠠᠭᠠᠢ ᠲᠠᠯ᠎ᠠ᠎ᠶ᠋ᠢᠨ ᠨᠠᠷᠢᠨ ᠳᠠᠩᠰᠠ ᠪᠡᠨ ᠴᠢᠨᠠᠭᠰᠢᠳᠠ ᠪᠠᠭᠠᠰᠬᠠᠵᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ᠎ᠪᠠᠷ ᠬᠠᠮᠲᠤ᠎ᠶ᠋ᠢᠨ ᠠᠱᠢᠭ ᠲᠤᠰᠠ᠎ᠶ᠋ᠢᠨ ᠬᠣᠯᠪᠣᠭᠠᠰᠤ᠎ᠪᠠᠨ ᠲᠠᠰᠤᠷᠠᠯᠲᠠ ᠦᠭᠡᠢ ᠴᠢᠩᠭᠠᠳᠭᠠᠶ᠎ᠠ᠃ ᠭᠤᠷᠪᠠ᠎ᠳᠤ ᠬᠠᠷᠢᠯᠴᠠᠨ ᠢᠲᠡᠭᠡᠯᠴᠡᠬᠦ᠌ ᠬᠠᠨᠢᠲᠠᠨ ᠪᠣᠯᠤᠯᠴᠠᠶ᠎ᠠ᠃ ᠠᠷᠠᠳ᠎ᠤᠨ ᠰᠡᠳᠭᠢᠯ᠎ᠦᠨ ᠨᠡᠪᠲᠡᠷᠡᠯᠴᠡᠭᠡ ᠪᠣᠯ ᠬᠠᠮᠤᠭ᠎ᠤᠨ ᠰᠠᠭᠤᠷᠢ ᠪᠤᠯᠬᠤ᠂ ᠬᠠᠮᠤᠭ᠎ᠤᠨ ᠪᠠᠲᠤ ᠪᠡᠬᠢ᠂ ᠬᠠᠮᠤᠭ᠎ᠤᠨ ᠤᠳᠠᠭᠠᠨ ᠳᠠᠭᠠᠭᠠᠮᠠᠭᠠᠢ ᠬᠣᠯᠪᠣᠯᠳᠤᠯ ᠨᠡᠪᠲᠡᠷᠡᠯᠴᠡᠬᠡ ᠪᠤᠯᠤᠨ᠎ᠠ᠂ ᠬᠣᠶᠠᠷ ᠲᠠᠯ᠎ᠠ᠎ᠪᠠᠷ᠎ᠢᠶᠠᠨ ᠬᠣᠶᠠᠷ ᠤᠯᠤᠰ᠎ᠤᠨ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠪᠡᠶ᠎ᠡ᠎ᠶ᠋ᠢᠨ ᠲᠠᠮᠢᠷ᠂ ᠣᠷᠣᠨ ᠨᠤᠲᠤᠭ ᠵᠡᠷᠭᠡ ᠡᠯ᠎ᠡ ᠡᠲᠡᠭᠡᠳ᠎ᠦᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠵᠤ᠂ ᠬᠥᠮᠦᠰ᠎ᠦᠨ ᠶᠠᠪᠤᠯᠴᠠᠭ᠎ᠠ᠎ᠳᠤ ᠲᠦᠬᠦᠮ ᠦᠵᠡᠭᠦᠯᠵᠦ᠍᠂ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠵᠤᠵᠠᠭᠠᠳᠭᠠᠶ᠎ᠠ᠃ ᠳᠥᠷᠪᠡ᠎ᠳᠦ ᠬᠠᠷᠢᠯᠴᠠᠨ ᠬᠠᠮᠵᠢᠯᠴᠠᠬᠤ ᠬᠠᠨᠢᠲᠠᠨ ᠪᠣᠯᠤᠯᠴᠠᠶ᠎ᠠ᠃ ᠬᠠᠭᠠᠴᠠᠨ ᠵᠠᠳᠠᠷᠠᠭ᠍ᠰᠠᠨ ᠳᠡᠯᠡᠬᠡᠢ ᠶᠢᠷᠲᠢᠨᠴᠦ᠍ ᠬᠥᠮᠦᠨ ᠲᠥᠷᠥᠯᠬᠢᠲᠡᠨ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ᠎ᠢ ᠠᠷᠭᠠᠴᠠᠭᠠᠵᠤ ᠳᠡᠢᠯᠬᠦ᠌ ᠦᠭᠡᠢ ᠶᠤᠮ᠂ ᠭᠠᠷᠬᠤ ᠵᠠᠮ ᠨᠢ ᠵᠢᠩᠬᠢᠨᠢ ᠤᠯᠠᠨ ᠲᠠᠯᠠᠲᠤ ᠦᠵᠡᠯ᠎ᠢ ᠬᠠᠮᠠᠭᠠᠯᠠᠨ ᠦᠢᠯᠡᠳᠦᠯᠭᠡᠵᠢᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ ᠪᠤᠢ᠃ ᠳᠤᠮᠳᠠᠳᠤ ᠤᠯᠤᠰ ᠳᠤᠷᠠᠲᠠᠶ᠎ᠠ ᠺᠠᠨᠠᠳᠠ᠎ᠶ᠋ᠢᠨ ᠬᠢᠨ᠎ᠲᠡᠶ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠂ ᠬᠣᠷᠢᠨ ᠤᠯᠤᠰ᠎ᠤᠨ ᠪᠦᠯᠦᠭ᠌ᠯᠡᠯ᠂ ᠠᠽᠢᠶ᠎ᠠ ᠲᠢᠪ ᠨᠣᠮᠣᠬᠠᠨ ᠲᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠵᠡᠷᠭᠡ ᠪᠣᠷᠣ ᠲᠥᠯᠥᠪ᠎ᠦᠨ ᠳᠣᠲᠣᠷᠠᠬᠢ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠢ ᠬᠠᠮᠲᠤ᠎ᠪᠠᠷ ᠠᠷᠭᠠᠴᠠᠭᠠᠨ᠎ᠠ᠃

ᠺᠠᠨᠢ᠂ ᠺᠠᠨᠠᠳᠠ ᠪᠣᠯᠤᠨ ᠳᠤᠮᠳᠠᠳᠤ ᠤᠯᠤᠰ᠎ᠤᠨ ᠨᠥᠬᠥᠷᠰᠡᠭ ᠶᠠᠪᠤᠯᠴᠠᠭ᠎ᠠ ᠥᠨᠢ ᠤᠳᠠᠭᠠᠨ ᠲᠡᠦᠬᠡ᠎ᠲᠡᠶ᠂ ᠬᠣᠶᠠᠷ ᠤᠯᠤᠰ᠎ᠤᠨ ᠠᠵᠤ ᠠᠬᠤᠢ ᠳᠡᠭᠡᠳᠦ ᠬᠡᠮᠵᠢᠶ᠎ᠡ᠎ᠪᠡᠷ ᠬᠠᠷᠢᠯᠴᠠᠨ ᠨᠥᠬᠥᠪᠥᠷᠢᠯᠡᠵᠦ᠍᠂ ᠥᠷᠭᠡᠨ ᠳᠡᠯᠭᠡᠷ ᠬᠠᠮᠲᠤ᠎ᠶ᠋ᠢᠨ ᠠᠱᠢᠭ ᠲᠤᠰᠠ᠎ᠲᠠᠶ᠂ ᠠᠵᠠ ᠲᠣᠬᠢᠶᠠᠯ ᠳᠦᠭᠦᠷᠡᠩ  ᠶᠤᠮ ᠃ ᠺᠠᠨᠠᠳᠠ᠎ᠶ᠋ᠢᠨ ᠬᠢᠨ ᠳᠤᠷᠠᠲᠠᠶ᠎ᠠ ᠳᠤᠮᠳᠠᠳᠤ᠎ᠶ᠋ᠢᠨ ᠬᠢᠨ᠎ᠲᠠᠶ ᠬᠦᠴᠦᠷᠬᠡᠭ ᠶᠡᠬᠡ ᠦᠷᠭᠦᠯᠵᠢᠯᠡᠬᠦ᠌ ᠱᠢᠨ᠎ᠡ ᠬᠡᠯᠪᠡᠷᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ ᠪᠠᠢᠭᠤᠯᠵᠤ᠂ ᠬᠣᠶᠠᠷ ᠲᠠᠯ᠎ᠠ᠎ᠶ᠋ᠢᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠨ᠎ᠡ᠃ ᠲᠡᠷᠢᠭᠦᠯᠡᠭ᠌ᠴᠢ ᠰᠢ᠎ᠵᠢᠨ᠎ᠫᠢᠩ᠎ᠦᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠤ ᠠᠬᠤᠢ ᠦᠳᠲᠡᠷ ᠲᠦᠷᠭᠡᠨ ᠬᠥᠭ᠌ᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠢᠯᠡᠳᠲᠡ ᠠᠮᠵᠢᠯᠲᠠ ᠣᠯᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠨᠡᠮᠡᠭ᠌ᠳᠡᠯ᠎ᠳᠦ ᠬᠥᠳᠡᠯᠭᠡᠬᠦ᠌ ᠬᠦᠴᠦᠨ ᠬᠠᠩᠭᠠᠪᠠ᠃ ᠺᠠᠨᠠᠳᠠ᠎ᠶ᠋ᠢᠨ ᠬᠢᠨ ᠨᠢᠭᠡ ᠳᠤᠮᠳᠠᠳᠤ ᠤᠯᠤᠰ ᠪᠠᠢᠬᠤ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ ᠪᠠᠨ ᠳᠠᠪᠳᠠᠨ ᠢᠯᠡᠷᠬᠡᠢᠯᠡᠵᠦ᠂ ᠳᠤᠮᠳᠠᠳᠤ ᠤᠯᠤᠰ᠎ᠲᠠᠶ ᠬᠠᠷᠠᠯᠳᠠ ᠨᠢᠭᠡᠳᠡᠢ ᠤᠷᠤᠭᠰᠢᠯᠠᠬᠤ ᠪᠡᠷ ᠬᠦᠴᠦᠯᠡᠵᠦ᠂ ᠬᠠᠷᠢᠯᠴᠠᠨ ᠬᠦᠨᠳᠦᠳᠭᠡᠵᠦ᠍᠂ ᠭᠠᠷ ᠬᠣᠯᠪᠣᠯᠴᠠᠨ ᠴᠢᠷᠮᠠᠢᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠮᠥᠩᠭᠥᠨ ᠭᠦᠢᠯᠭᠡᠭᠡ᠂ ᠰᠤᠷᠭᠠᠨ ᠬᠥᠮᠦᠵᠢᠯ᠂ ᠠᠭᠤᠷ ᠠᠮᠢᠰᠭᠤᠯ᠎ᠤᠨ ᠬᠤᠪᠢᠷᠠᠯᠲᠠ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠥᠷᠭᠡᠳᠭᠡᠬᠦ ᠪᠠ ᠴᠢᠩᠭᠠᠳᠭᠠᠨ᠎ᠠ᠃ ᠤᠯᠠᠨ ᠲᠠᠯᠠᠲᠤ ᠦᠵᠡᠯ ᠪᠣᠯ ᠳᠡᠯᠡᠬᠡᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠰᠠᠭᠤᠷᠢ ᠴᠢᠯᠠᠭᠤ ᠮᠥᠨ᠂ ᠲᠡᠷᠢᠭᠦᠯᠡᠭ᠌ᠴᠢ ᠰᠢ᠎ᠵᠢᠨ᠎ᠫᠢᠩ᠎ᠦᠨ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ ᠨᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠡᠭᠡᠳᠡᠷᠡᠭᠡᠨ ᠪᠤᠳᠤᠯᠢᠶᠠᠨᠳᠠᠢ ᠳᠡᠯᠡᠬᠡᠢ᠎ᠶ᠋ᠢᠨ ᠪᠠᠢᠳᠠᠯ᠎ᠤᠨ ᠡᠮᠦᠨ᠎ᠡ᠂ ᠺᠠᠨᠠᠳᠠ᠎ᠶ᠋ᠢᠨ ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠠᠨ ᠲᠠᠯ᠎ᠠ᠎ᠶ᠋ᠢᠨ ᠵᠣᠬᠢᠴᠠᠭᠤᠯᠭ᠎ᠠ᠎ᠪᠠᠨ ᠨᠢᠭ᠍ᠲᠠᠷᠠᠭᠤᠯᠵᠤ᠂ ᠤᠯᠠᠨ ᠲᠠᠯᠠᠲᠤ ᠦᠵᠡᠯ ᠪᠣᠯᠤᠨ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠡᠷᠬᠡ ᠰᠦᠷ᠎ᠢ ᠬᠠᠮᠠᠭᠠᠯᠠᠵᠤ᠂ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠲᠤ᠎ᠪᠠᠷ ᠬᠠᠮᠠᠭᠠᠯᠠᠨ᠎ᠠ ᠭᠡᠵᠦ᠍ ᠢᠯᠡᠳᠭᠡᠪᠡ᠃

ᠠᠭᠤᠯᠵᠠᠯᠲᠠ᠎ᠶ᠋ᠢᠨ ᠳᠠᠷᠠᠭ᠎ᠠ᠂ ᠬᠣᠶᠠᠷ ᠲᠠᠯ᠎ᠠ᠎ᠪᠠᠷ᠎ᠢᠶᠠᠨ 《ᠳᠤᠮᠳᠠᠳᠤ ᠤᠯᠤᠰ ᠪᠣᠯᠤᠨ ᠺᠠᠨᠠᠳᠠ᠎ᠶ᠋ᠢᠨ ᠤᠳᠤᠷᠢᠳᠭᠤ ᠬᠥᠮᠦᠨ᠎ᠤ ᠠᠭᠤᠯᠵᠠᠯᠲᠠ᠎ᠶ᠋ᠢᠨ ᠬᠠᠮᠲᠤᠷᠠᠭ᠍ᠰᠠᠨ ᠢᠯᠡᠷᠬᠡᠢᠯᠡᠯᠲᠡ》  ᠵᠢ ᠨᠡᠢᠲᠡᠯᠡᠪᠡ᠃

ᠸᠠᠩ ᠢ ᠠᠭᠤᠯᠵᠠᠯᠲᠠ᠎ᠳᠤ ᠣᠷᠣᠯᠴᠠᠵᠠᠢ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 1 ᠰᠠᠷ᠎ᠠ᠎ᠶ᠋ᠢᠨ 16  ᠤ᠋ ᠴᠠᠬᠢᠯᠭᠠᠨ ᠮᠡᠳᠡᠭᠡ) 

ᠢᠷᠡᠯᠲᠡ᠄    