ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠵᠢᠨ᠎ᠫᠢᠩ ᠴᠠᠬᠢᠯᠭᠠᠨ ᠴᠢᠮᠡᠭᠡ ᠶᠠᠪᠤᠭᠤᠯᠵᠤ ᠲᠦᠸᠠᠳᠧᠯᠠ᠎ᠶᠢᠨ ᠪᠦᠬᠦᠳᠠ ᠨᠠᠢᠷᠠᠮᠳᠠᠬᠤ ᠳᠤᠮᠳᠠᠳᠤ ᠠᠹᠷᠢᠺᠠ ᠤᠯᠤᠰ᠎ᠤᠨ ᠶᠡᠷᠦᠩᠬᠡᠢᠯᠡᠭ᠌ᠴᠢ ᠪᠡᠷ ᠦᠷᠬᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2026-01-21

ᠰᠢᠠᠬᠣᠧᠠ ᠬᠣᠷᠢᠶᠠᠨ᠎ᠤ ᠪᠠᠭᠡᠵᠢᠩ᠎ᠤᠨ 1 ᠰᠠᠷ᠎ᠠ᠎ᠶᠢᠨ 20 ᠎ᠦ ᠡᠳᠦᠷ᠎ᠤᠨ ᠴᠠᠭᠢᠯᠭ᠋ᠠᠨ ᠮᠠᠲᠠᠭᠡ  1 ᠰᠠᠷ᠎ᠠ᠎ᠶ᠋ᠢᠨ 20 ᠎ᠤ ᠡᠳᠦᠷ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠹᠦᠰᠲ᠋ᠠᠨ – ᠠᠯᠱᠠᠨᠿᠸ·ᠲᠦᠸᠠᠳᠧᠯᠠ᠎ᠳ᠋ᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠥᠬᠥᠳᠡ ᠨᠠᠢᠷᠠᠮᠳᠠᠬᠤ ᠳᠤᠮᠳᠠᠳᠤ ᠠᠹᠷᠢᠺᠠ ᠤᠯᠤᠰ᠎ᠤᠨ ᠶᠡᠷᠦᠩᠬᠡᠢᠯᠡᠭ᠌ᠴᠢ᠎ᠪᠡᠷ ᠦᠷᠭᠦᠯᠵᠢᠯᠡᠨ ᠰᠣᠩᠭᠣᠭ᠍ᠳᠠᠭ᠍ᠰᠠᠨ᠎ᠳᠤ ᠪᠠᠶᠠᠷ ᠬᠦᠷᠭᠡᠪᠡ᠃

ᠰᠢ᠎ᠵᠢᠨ᠎ᠫᠢᠩ᠂ ᠤᠢ᠍ᠢᠷ᠎ᠠ᠎ᠶ᠋ᠢᠨ ᠵᠢᠯ᠎ᠡᠴᠡ᠂ ᠳᠤᠮᠳᠠᠳᠤ ᠤᠯᠤᠰ ᠪᠣᠯᠤᠨ ᠳᠤᠮᠳᠠᠳᠤ ᠠᠹᠷᠢᠺᠠ ᠦᠷᠭᠦᠯᠵᠢᠯᠡᠨ ᠤᠯᠤᠰ ᠲᠦᠷᠦ᠍᠎ᠶ᠋ᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠍᠂ ᠲᠤᠰ ᠲᠤᠰ᠎ᠤᠨ ᠭᠣᠣᠯᠯᠠᠭ᠍ᠴᠢ ᠠᠱᠢᠭ ᠲᠤᠰᠠ ᠪᠣᠯᠤᠨ ᠠᠩᠬᠠᠷᠴᠤ᠌ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠡᠷᠡᠰ ᠲᠡᠮᠵᠢᠯᠴᠡᠵᠥ᠍᠂ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠪᠡᠨ ᠯᠠᠪᠳᠠᠭᠤᠨ᠎ᠢᠶᠠᠷ ᠠᠬᠢᠭᠤᠯᠪᠠ᠃ ᠪᠢ ᠳᠤᠮᠳᠠᠳᠤ ᠤᠯᠤᠰ ᠪᠣᠯᠤᠨ ᠳᠤᠮᠳᠠᠳᠤ ᠠᠹᠷᠢᠺᠠ᠎ᠶ᠋ᠢᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠢᠯᠡᠭ᠌ᠴᠢ ᠲᠦᠸᠠᠳᠧᠯᠠ ᠲᠠᠢ ᠬᠠᠮᠲᠤ᠎ᠪᠠᠷ ᠴᠢᠷᠮᠠᠢᠵᠤ᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠤᠨ ᠪᠡᠭᠡᠵᠢᠩ᠎ᠤᠨ ᠲᠦᠷᠦᠭᠦᠴᠦᠳ᠎ᠦᠨ ᠬᠤᠷᠠᠯ᠎ᠤᠨ ᠦᠷ᠎ᠡ ᠪᠦᠲᠦᠭᠡᠯ᠎ᠢ ᠢᠳᠡᠪᠬᠢᠲᠡᠢ ᠨᠠᠢᠳᠠᠪᠤᠷᠢᠵᠢᠭᠤᠯᠵᠤ᠂ ᠬᠣᠶᠠᠷ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢ᠌ᠳᠤᠷ ᠪᠤᠶᠠᠨ ᠦᠢᠯᠡᠳᠦᠨ᠎ᠡ ᠭᠡᠵᠦ᠍ ᠵᠢᠭᠠᠵᠤ ᠭᠠᠷᠭᠠᠪᠠ᠃

ᠢᠷᠡᠯᠲᠡ᠄    