1 ᠰᠠᠷ᠎ᠠ᠎ᠶ᠋ᠢᠨ 26᠎ᠦ ᠦᠳᠡ᠎ᠶ᠋ᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠸᠢᠶᠧᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ ᠰᠤ᠌ ᠯᠢᠨ᠎ᠲᠡᠶ ᠤᠲᠠᠰᠤ᠎ᠪᠠᠷ ᠶᠠᠷᠢᠯᠴᠠᠪᠠ᠃
ᠰᠢ᠎ᠵᠢᠨ᠎ᠫᠢᠩ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ ᠠᠮᠵᠢᠯᠲᠠ᠎ᠲᠠᠶ ᠬᠤᠷᠠᠯᠳᠤᠭ᠍ᠰᠠᠨ ᠪᠠ ᠰᠤ᠌ ᠯᠢᠨ᠎ᠤ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠎ᠶ᠋ᠢᠨ ᠲᠤᠱᠢᠶᠠᠯ᠎ᠢ ᠦᠷᠭᠦᠯᠵᠢᠯᠡᠨ ᠡᠭᠦᠷᠭᠡᠯᠡᠭ᠌ᠰᠡᠨ᠎ᠳᠦ ᠪᠠᠶᠠᠷ ᠬᠦᠷᠭᠡᠵᠦ᠍᠂ ᠶᠡᠷᠦᠩᠬᠡᠢ ᠱᠦᠵᠢ ᠰᠤ᠌ ᠯᠢᠨ᠎ᠢᠶᠡᠷ ᠲᠦᠷᠦᠭᠦᠯᠡᠬᠦᠯᠦᠭᠰᠡᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠳᠤᠷᠢᠳᠤᠯᠭ᠎ᠠ ᠳᠣᠣᠷ᠎ᠠ᠂ ᠸᠢᠶ᠍ᠸᠲ᠋ᠨᠠᠮ᠎ᠤᠨ ᠬᠢᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ ᠡᠴᠡ ᠳᠤᠷᠠᠳᠤᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠯᠠᠪᠲᠠᠢ ᠪᠡᠶᠡᠯᠡᠭᠦᠯᠵᠦ᠍᠂ ᠸᠢᠶ᠍ᠸᠲ᠋ᠨᠠᠮ᠎ᠤᠨ 《ᠬᠣᠣᠰ ᠵᠠᠭᠤᠨ ᠵᠢᠯ》᠎ᠦᠨ ᠲᠡᠮᠡᠴᠡᠬᠦ᠌ ᠬᠠᠷᠠᠯᠲᠠ᠎ᠶ᠋ᠢ ᠡᠷᠲᠡᠬᠡᠨ ᠪᠡᠶᠡᠯᠡᠭᠦᠯᠬᠦ᠌᠎ᠶ᠋ᠢ ᠢᠲᠡᠭᠡᠵᠦ᠍ ᠪᠠᠢᠨ᠎ᠠ᠃ ᠳᠤᠮᠳᠠᠳᠤ ᠸᠢᠶ᠍ᠸᠲ᠋ᠨᠠᠮ ᠵᠠᠮ᠎ᠢᠶᠠᠨ ᠬᠤᠪᠢᠷᠠᠭᠤᠯᠬᠤ ᠦᠭᠡᠢ᠂ ᠵᠣᠷᠢᠭ᠎ᠢᠶᠠᠨ ᠬᠤᠪᠢᠷᠠᠭᠤᠯᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠪᠦᠯᠬᠦᠮᠳᠡᠨ ᠬᠠᠮᠲᠤᠷᠠᠯᠴᠠᠵᠤ ᠬᠥᠭ᠌ᠵᠢᠯᠲᠡ᠎ᠶ᠋ᠢ ᠠᠬᠢᠭᠤᠯᠵᠤ᠂ ᠭᠠᠷ ᠬᠣᠯᠪᠣᠨ ᠰᠠᠢ᠌ᠨ ᠰᠠᠢᠬᠠᠨ ᠢᠷᠡᠭᠡᠳᠦᠢ ᠲᠡᠢᠰᠢ ᠤᠷᠤᠭ᠍ᠰᠢᠯᠠᠪᠠᠯ ᠵᠣᠬᠢᠨ᠎ᠠ ᠭᠡᠵᠤ ᠢᠯᠡᠳᠭᠡᠵᠠᠢ᠃
ᠰᠢ᠎ᠵᠢᠨ᠎ᠫᠢᠩ᠂ ᠣᠳᠣᠬᠠᠨ᠎ᠳᠤ ᠳᠤᠮᠳᠠᠳᠤ ᠤᠯᠤᠰ ᠶᠠᠭ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠢᠰᠢ ᠤᠷᠤᠭ᠍ᠰᠢᠯᠠᠵᠤ ᠪᠠᠢᠨ᠎ᠠ᠂ ᠸᠢᠶ᠍ᠸᠲ᠋ᠨᠠᠮ ᠴᠤ᠌ ᠦᠨᠳᠦᠰᠦᠲᠡᠨ᠎ᠦ ᠬᠥᠭ᠌ᠵᠢᠯᠲᠡ᠎ᠶ᠋ᠢᠨ ᠱᠢᠨ᠎ᠡ ᠴᠠᠭ ᠦᠶ᠎ᠡ᠎ᠶ᠋ᠢ ᠨᠡᠭᠡᠭᠡᠪᠡ᠃ ᠪᠢᠳᠡ ᠡᠷᠬᠡᠪᠰᠢ ᠢᠲᠡᠭᠡᠯ ᠵᠣᠷᠢᠭ᠎ᠢᠶᠠᠨ ᠪᠠᠲᠤᠳᠭᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠰᠡᠷᠭᠡᠢᠯᠡᠨ ᠠᠷᠢᠯᠭᠠᠵᠤ᠂ ᠨᠡᠢᠭᠡᠮ ᠵᠢᠷᠤᠮ᠎ᠤᠨ ᠦᠢᠯᠡᠰ᠎ᠢ ᠬᠠᠮᠲᠤ᠎ᠪᠠᠷ ᠬᠠᠮᠠᠭᠠᠯᠠᠵᠤ᠂ ᠳᠤᠮᠳᠠᠳᠤ ᠸᠢᠶ᠍ᠸᠲ᠋ᠨᠠᠮ᠎ᠤᠨ ᠬᠠᠷᠢᠯᠴᠠᠭ᠎ᠠ᠎ᠶ᠋ᠢᠨ ᠤᠯᠤᠰ ᠲᠦᠷᠦ᠍᠎ᠶ᠋ᠢᠨ ᠤᠤᠷ ᠴᠢᠨᠠᠷ᠎ᠢ ᠡᠭᠦᠷᠢᠳᠡ ᠪᠠᠲᠤᠯᠠᠶ᠎ᠠ᠃ ᠬᠣᠶᠠᠷ ᠲᠠᠯ᠎ᠠ᠎ᠪᠠᠷ᠎ᠢᠶᠠᠨ ᠨᠠᠮ᠎ᠢ ᠵᠠᠰᠠᠬᠤ ᠲᠦᠷᠦ᠍᠎ᠶ᠋ᠢ ᠵᠠᠰᠠᠬᠤ ᠲᠤᠷᠱᠢᠯᠭ᠎ᠠ᠎ᠪᠠᠨ ᠰᠣᠯᠢᠯᠴᠠᠵᠤ ᠲᠤᠯᠢ ᠪᠣᠯᠭᠠᠬᠤ᠎ᠪᠠᠨ ᠦᠷᠭᠦᠯᠵᠢᠯᠡᠨ ᠴᠢᠩᠭᠠᠳᠭᠠᠵᠤ᠂ ᠳᠡᠭᠡᠳᠦ ᠳᠠᠪᠬᠤᠷᠭ᠎ᠠ᠎ᠶ᠋ᠢᠨ ᠠᠭᠤᠯᠵᠠᠯᠲᠠ᠂ ᠤᠨᠤᠯ᠎ᠤᠨ ᠰᠤᠳᠤᠯᠤᠨ ᠶᠠᠷᠢᠯᠴᠠᠭ᠎ᠠ᠂ ᠺᠠᠳ᠋ᠷ᠎ᠤᠨ ᠪᠣᠯᠪᠠᠰᠤᠷᠠᠯ ᠵᠡᠷᠭᠡ ᠲᠣᠭ᠍ᠲᠠᠴᠠ᠎ᠶ᠋ᠢ ᠰᠠᠢᠲᠤᠷ ᠠᠱᠢᠭ᠍ᠯᠠᠵᠤ᠂ ᠨᠠᠮ᠎ᠤᠨ ᠲᠦᠷᠦ᠍ ᠪᠠᠷᠢᠬᠤ ᠲᠦᠪᠱᠢᠨ ᠪᠣᠯᠤᠨ ᠤᠯᠤᠰ᠎ᠤᠨ ᠵᠠᠰᠠᠯᠲᠠ᠎ᠶᠢᠨ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠶᠠ᠃ ᠬᠣᠶᠠᠷ ᠲᠠᠯ᠎ᠠ᠎ᠪᠠᠷ᠎ᠢᠶᠠᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠵᠣᠯᠭᠠᠯᠴᠠᠭ᠎ᠠ᠎ᠪᠠᠨ ᠴᠢᠩᠭᠠᠳᠭᠠᠵᠤ᠂ ᠥᠨᠳᠥᠷ ᠲᠦᠪᠱᠢᠨ ᠪᠦᠬᠦᠢ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠠᠵᠠ ᠵᠢᠷᠭᠠᠯ ᠠᠪᠴᠢᠷᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠶ᠎ᠠ᠃ ᠬᠣᠶᠠᠷ ᠲᠠᠯ᠎ᠠ᠎ᠪᠠᠷ᠎ᠢᠶᠠᠨ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠡᠵᠡᠷᠬᠡᠬᠦ᠌ ᠦᠵᠡᠯ ᠪᠣᠯᠤᠨ ᠯᠠᠭ᠌ᠸᠷᠦᠨ ᠡᠰᠡᠷᠭᠦᠴᠡᠯᠳᠦᠯ᠎ᠢ ᠬᠠᠮᠲᠤ᠎ᠪᠠᠷ ᠡᠰᠡᠷᠭᠦᠴᠡᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠨ ᠪᠠᠢᠭᠤᠯᠤᠶ᠎ᠠ ᠭᠡᠵᠤ ᠴᠢᠬᠤᠯᠠᠴᠢᠯᠠᠵᠠᠢ᠃
ᠰᠤ᠌ ᠯᠢᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠭ᠍ᠰᠠᠨ᠎ᠳᠤ ᠵᠤᠷᠢᠭᠤᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠡᠴᠡ ᠴᠠᠬᠢᠯᠭᠠᠨ ᠴᠢᠮᠡᠭᠡ ᠶᠠᠪᠤᠭᠤᠯᠵᠤ ᠪᠠᠶᠠᠷ ᠬᠦᠷᠭᠡᠭ᠌ᠰᠡᠨ᠎ᠳᠦ ᠲᠠᠯᠠᠷᠬᠠᠵᠤ᠂ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠎ᠪᠡᠷ ᠳᠠᠬᠢᠨᠲᠠ ᠰᠣᠩᠭᠣᠭ᠍ᠳᠠᠭ᠍ᠰᠠᠨ᠎ᠳᠦ ᠵᠤᠷᠢᠭᠤᠯᠤᠨ ᠶᠡᠷᠦᠩᠬᠡᠢ ᠱᠦᠵᠢ ᠰᠢ᠎ᠵᠢᠨ᠎ᠫᠢᠩ ᠡᠴᠡ ᠰᠠᠢ᠌ᠨ ᠰᠠᠢᠬᠠᠨ ᠬᠦᠰᠡᠯ ᠵᠥᠩᠨᠡᠯ ᠳᠡᠪᠰᠢᠭᠦᠯᠦᠭᠰᠡᠨ᠎ᠳᠦ ᠲᠠᠯᠠᠷᠬᠠᠵᠤ᠂ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ᠎ᠤᠨ ᠭᠣᠣᠯ ᠦᠷ᠎ᠡ ᠪᠦᠲᠦᠭᠡᠯ᠎ᠢ ᠭᠣᠣᠯᠳᠠᠯᠭ᠎ᠠ᠎ᠲᠠᠶ ᠲᠠᠨᠢᠯᠴᠠᠭᠤᠯᠵᠤ᠂ ᠸᠢᠶ᠍ᠸᠲ᠋ᠨᠠᠮ ᠳᠤᠷᠠᠲᠠᠶ᠎ᠠ ᠱᠢᠨ᠎ᠡ ᠠᠶᠠᠨ᠎ᠳᠠᠭᠠᠨ ᠳᠤᠮᠳᠠᠳᠤ᠎ᠤᠯᠤᠰ᠎ᠲᠠᠶ ᠭᠠᠷ ᠬᠣᠯᠪᠣᠨ ᠮᠥᠷᠥ᠍ ᠵᠡᠷᠭᠡᠴᠡᠵᠦ᠍ ᠤᠷᠤᠭᠰᠢᠯᠠᠨ᠂ 《ᠵᠢᠷᠭᠤᠭᠠᠨ ᠨᠡᠩ》᠎ᠦᠨ ᠱᠠᠭᠠᠷᠳᠠᠯᠭ᠎ᠠ ᠶᠣᠰᠣᠭᠠᠷ᠂ ᠨᠡᠢᠭᠡᠮ ᠵᠢᠷᠤᠮ᠎ᠤᠨ ᠬᠥᠷᠰᠢ ᠤᠯᠤᠰ᠎ᠤᠨ ᠬᠣᠭᠣᠷᠣᠨᠳᠣᠬᠢ ᠨᠥᠬᠥᠷᠰᠡᠭ ᠬᠠᠮᠲᠤᠷᠠᠯᠴᠠᠭ᠎ᠠ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠦᠨ᠎ᠡ᠃ ᠳᠤᠮᠳᠠᠳᠤ ᠤᠯᠤᠰ᠎ᠤᠨ ᠬᠥᠭ᠌ᠵᠢᠯᠲᠡ ᠸᠢᠶ᠍ᠸᠲ᠋ᠨᠠᠮ᠎ᠤᠨ ᠬᠥᠭ᠌ᠵᠢᠯᠲᠡ᠎ᠳᠦ ᠢᠮᠠᠭ᠍ᠲᠠ ᠰᠡᠩᠬᠡᠷᠡᠭᠦᠯᠦᠯ ᠪᠠ ᠡᠷᠬᠢᠮ ᠨᠠᠨᠳᠢᠨ ᠲᠤᠷᠱᠢᠯᠭ᠎ᠠ ᠬᠠᠩᠭᠠᠭᠰᠠᠭᠠᠷ ᠢᠷᠡᠵᠠᠢ᠃ ᠸᠢᠶᠧᠲ᠋ᠨᠠᠮ᠎ᠤᠨ᠎ᠬᠢᠨ ᠨᠢᠭᠡ ᠳᠤᠮᠳᠠᠳᠤ ᠤᠯᠤᠰ ᠪᠠᠢᠬᠤ ᠲᠥᠷᠥ᠎ᠶ᠋ᠢᠨ ᠪᠣᠳᠣᠯᠭ᠎ᠠ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠳᠤᠷᠠᠳᠤᠭ᠍ᠰᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ ᠪᠣᠯᠤᠨ 《ᠨᠢᠭᠡ ᠪᠦᠰᠡ ᠨᠢᠭᠡ ᠵᠠᠮ》᠎ᠤᠨ ᠰᠠᠨᠠᠭᠠᠴᠢᠯᠠᠭ᠎ᠠ ᠵᠢᠴᠢ ᠳᠥᠷᠪᠡᠨ ᠶᠡᠬᠡ ᠪᠥᠬᠥ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠦᠷᠭᠦᠯᠵᠢᠯᠡᠨ ᠳᠡᠮᠵᠢᠵᠦ᠍᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠤᠯᠤᠰ ᠲᠥᠷᠥ᠎ᠶ᠋ᠢᠨ ᠢᠲᠡᠭᠡᠯᠴᠡᠭᠡ᠎ᠪᠡᠨ ᠴᠢᠩᠭᠠᠳᠭᠠᠵᠤ᠂ ᠭᠠᠳᠠᠭᠠᠳᠤ ᠬᠠᠷᠢᠯᠴᠠᠭ᠎ᠠ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠳᠣᠲᠣᠭᠠᠳᠤ᠎ᠶ᠋ᠢ ᠬᠠᠮᠠᠭᠠᠯᠠᠬᠤ ᠬᠠᠮᠵᠢᠯᠴᠠᠭ᠎ᠠ᠎ᠶ᠋ᠢ ᠠᠬᠢᠭᠤᠯᠵᠤ᠂ ᠡᠯ᠎ᠡ ᠬᠦᠷᠢᠶᠡᠨ᠎ᠦ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠰᠡᠭ ᠬᠠᠢᠷ᠎ᠠ ᠰᠡᠳᠭᠢᠯᠭᠡ᠎ᠶ᠋ᠢ ᠬᠥᠮᠦᠵᠢᠭᠦᠯᠵᠦ᠍᠂ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠳᠡᠯᠡᠬᠡᠶ᠎ᠶ᠋ᠢᠨ ᠪᠠᠢᠳᠠᠯ ᠳᠤᠤᠷ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠣᠯᠠᠨ ᠲᠠᠯᠠᠲᠤ ᠦᠵᠡᠯ᠎ᠢ ᠰᠠᠨᠠᠭᠠᠴᠢᠯᠠᠵᠤ᠂ ᠬᠠᠮᠠᠭᠠᠯᠠᠬᠤ ᠦᠵᠡᠯ᠎ᠢ ᠡᠰᠡᠷᠭᠦᠴᠡᠵᠦ᠍᠂ ᠸᠢᠶᠧᠲ᠋ᠨᠠᠮ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠰᠢ᠎ᠵᠢᠨ᠎ᠫᠢᠩ ᠪᠣᠯᠤᠨ ᠰᠤ᠌ ᠯᠢᠨ ᠬᠠᠷᠢᠯᠴᠠᠨ ᠴᠠᠭᠠᠨ ᠰᠠᠷ᠎ᠠ᠎ᠶ᠋ᠢᠨ ᠮᠡᠨᠳᠦᠴᠢᠯᠡᠯ ᠬᠦᠷᠭᠡᠵᠦ᠍᠂ ᠬᠣᠶᠠᠷ ᠤᠯᠤᠰ᠎ᠤᠨ ᠠᠷᠠᠳ ᠲᠦᠮᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠎ᠶ᠋ᠢ ᠵᠥᠩᠨᠡᠪᠡ᠃