ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
《ᠰᠢ᠎ᠵᠢᠨ᠎ᠫᠢᠩ ᠪᠣᠯᠤᠨ ᠨᠢᠭᠡᠳᠤᠭᠡᠷ ᠹᠷᠣᠨᠲ᠎ᠤᠨ ᠠᠵᠢᠯᠳᠠᠨ ᠠᠵᠢᠯᠴᠢᠨ ᠨᠠᠢᠵᠠ ᠨᠠᠷ》 ᠭᠡᠬᠦ᠌ ᠨᠣᠮ᠎ᠢ ᠬᠡᠪᠯᠡᠨ ᠲᠠᠷᠬᠠᠭᠠᠪᠠ
ᠨᠡᠶ᠋ᠢᠲᠡᠯᠡᠭᠰᠡᠨ ᠴᠠᠭ᠄ 2026-01-27

  ᠳᠤᠮᠳᠠᠳᠤ᠎ᠶ᠋ᠢᠨ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠡᠴᠡ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠭ᠌ᠰᠡᠨ 《ᠰᠢ᠎ᠵᠢᠨ᠎ᠫᠢᠩ ᠪᠤᠯᠤᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠨᠠᠢᠵᠠ᠎ᠨᠠᠷ》 ᠭᠡᠬᠦ᠌ ᠨᠣᠮ᠎ᠢ ᠣᠢᠷ᠎ᠠ᠎ᠵᠢᠨ ᠡᠳᠤᠷ ᠳᠤᠮᠳᠠᠳᠤ ᠤᠯᠤᠰ᠎ᠤᠨ ᠠᠵᠢᠯᠴᠢᠨ᠎ᠤ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃

  ᠲᠣᠰ ᠨᠣᠮ᠎ᠳᠤ 23 ᠬᠤᠪᠢ ᠰᠤᠷᠪᠤᠯᠵᠢᠯᠠᠭ᠎ᠠ᠎ᠶ᠋ᠢᠨ ᠪᠣᠳᠠᠲᠤ ᠲᠡᠮᠳᠡᠭ᠌ᠯᠡᠯ᠎ᠢᠶᠡᠷ ᠳᠠᠮᠵᠢᠭᠤᠯᠤᠨ᠂ ᠰᠢ᠎ᠵᠢᠨ᠎ᠫᠢᠩ ᠨᠥᠬᠥᠷ᠎ᠦᠨ ᠾᠸᠪᠸᠢ᠎ᠶ᠋ᠢᠨ ᠵᠧᠩ ᠳ᠋ᠢᠩ᠂ ᠹᠦᠵᠢᠶᠠᠨ᠂ ᠵᠧᠵᠢᠶᠠᠩ᠂ ᠱᠠᠩᠬᠠᠶ ᠪᠠ ᠲᠥᠪ ᠬᠣᠷᠢᠶ᠎ᠠ᠎ᠳᠤ ᠢᠷᠡᠵᠦ᠍ ᠠᠵᠢᠯᠯᠠᠭ᠍ᠰᠠᠨ᠎ᠡᠴᠡ ᠨᠠᠭᠠᠰᠢ᠂ ᠪᠠᠷᠢᠯᠭ᠎ᠠ᠎ᠶ᠋ᠢᠨ ᠭᠠᠵᠠᠷ᠂ ᠦᠶ᠋ᠯᠡᠳᠪᠦᠷᠢ ᠠᠭᠤᠷᠬᠠᠶ᠂ ᠭᠠᠷᠠᠮ᠎ᠳᠤ ᠭᠦᠨᠵᠡᠭᠡᠢᠷᠡᠵᠤ᠂ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ ᠨᠠᠢᠵᠠ᠎ᠨᠠᠷ᠎ᠲᠠᠶ ᠴᠢᠩ ᠰᠡᠳᠭᠢᠯ᠎ᠡᠴᠡ᠎ᠪᠡᠨ ᠶᠠᠪᠤᠯᠴᠠᠵᠤ᠂ ᠠᠵᠢᠯᠲᠠᠨ ᠠᠵᠢᠯᠴᠢᠨ᠎ᠤ ᠦᠶ᠋ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠨ ᠬᠠᠢᠷᠠᠯᠠᠵᠤ᠂ ᠲᠡᠳᠡᠨ᠎ᠤ ᠲᠠᠰᠤᠷᠠᠯᠲᠠ ᠥᠬᠡᠶ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠭᠦ᠎ᠶᠢ ᠤᠷᠮᠠᠰᠢᠭᠤᠯᠤᠨ ᠵᠤᠷᠢᠭᠵᠢᠭᠤᠯᠤᠬᠰᠡᠨ ᠰᠡᠳᠭᠢᠯ ᠬᠥᠳᠡᠯᠭᠡᠮ᠎ᠡ ᠥᠯᠢᠭᠡᠷ᠎ᠢ ᠶᠠᠷᠢᠵᠠᠶ᠃ ᠲᠤᠰ ᠨᠣᠮ᠎ᠤᠨ ᠬᠡᠪᠯᠡᠭ᠌ᠳᠡᠭ᠌ᠰᠡᠨ ᠨᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠲᠤ ᠰᠢ᠎ᠵᠢᠨ᠎ᠫᠢᠩ ᠨᠥᠬᠥᠷ᠎ᠦᠨ ᠢᠮᠠᠭ᠍ᠲᠠ ᠥᠷᠭᠡᠨ ᠤᠯᠠᠨ ᠠᠵᠢᠯᠳᠠᠨ ᠠᠵᠢᠯᠴᠢᠨ᠎ᠲᠠᠶ ᠪᠤᠳᠤᠯ᠎ᠢᠶᠠᠨ ᠨᠢᠭᠡᠳᠭᠡᠨ᠂ ᠬᠦᠴᠦ᠍᠎ᠪᠡᠨ ᠬᠠᠮᠲᠤᠳᠭᠠᠬᠤ ᠠᠷᠠᠳᠴᠢ ᠰᠡᠳᠭᠢᠯᠭᠡ᠎ᠶ᠋ᠢ ᠨᠡᠩ ᠰᠠᠢ᠌ᠨ ᠣᠢᠯᠠᠭᠠᠭᠤᠯᠵᠤ᠂ ᠲᠦᠭ ᠲᠦᠮᠡᠨ ᠠᠵᠢᠯᠳᠠᠨ ᠠᠵᠢᠯᠴᠢᠨ᠎ᠢ ᠪᠦᠯᠬᠦᠮᠳᠡᠭᠦᠯᠦᠨ ᠲᠠᠢ᠌ᠴᠢᠯᠠᠵᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠳᠦ ᠠᠱᠢᠭ᠍ᠲᠠᠢ ᠶᠤᠮ᠃

ᠢᠷᠡᠯᠲᠡ᠄    