ᠲᠡᠷᠢᠭᠦᠨ ᠬᠠᠭᠤᠳᠠᠰᠤ   -   ᠲᠡᠷᠢᠭᠦᠨ ᠮᠡᠳᠡᠭᠡ
ᠰᠢ᠎ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠳ᠋ᠦᠨᠪᠤᠶᠠ᠎ᠶᠢᠨ ᠬᠢᠨ᠋ᠸᠶᠠ᠎ᠶᠢᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ
ᠨᠡᠶ᠋ᠢᠲᠡᠯᠡᠭᠰᠡᠨ ᠴᠠᠭ᠄ 2026-01-06

1 ᠰᠠᠷ᠎ᠠ᠎ᠶᠢᠨ 4᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠎ᠶᠢᠨ ᠫᠢᠩ ᠮᠠᠮᠠᠳᠢ·ᠳ᠋ᠦᠨᠪᠦᠶᠠ᠎ᠳᠤ ᠴᠠᠬᠢᠯᠭᠠᠨ ᠴᠢᠮᠡᠭᠡ ᠶᠠᠪᠤᠭᠤᠯᠵᠤ᠂ ᠪᠦᠬᠦᠳᠡ ᠨᠠᠢᠷᠠᠮᠳᠠᠬᠤ ᠬᠢᠨ᠋ᠸᠶᠠ ᠤᠯᠤᠰ᠎ᠤᠨ ᠶᠡᠷᠦᠩᠬᠡᠢᠯᠡᠭᠴᠢ᠎ᠪᠡᠷ ᠰᠣᠩᠭᠣᠭᠳᠠᠭᠰᠠᠨ᠎ᠳᠤ ᠪᠠᠶᠠᠷ ᠬᠦᠷᠭᠡᠪᠡ᠃

ᠰᠢ ᠎ᠶᠢᠨ ᠫᠢᠩ᠂ ᠬᠢᠨ᠋ᠸᠶᠠ ᠪᠣᠯ ᠰᠢᠨ᠎ᠡ ᠳᠤᠮᠳᠠᠳᠤ ᠤᠯᠤᠰ᠎ᠤᠨ ᠰᠠᠬᠠᠷᠠ᠎ᠡᠴᠡ ᠡᠮᠦᠨᠡᠰᠢᠬᠢ ᠠᠹᠷᠢᠺᠠ ᠲᠢᠪ ᠲᠡᠬᠢ ᠠᠩᠬᠠᠳᠠᠭ᠍ᠴᠢ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ ᠤᠯᠤᠰ ᠪᠣᠯᠣᠨ᠎ᠠ᠃ ᠤᠷᠳᠤ ᠬᠤᠭᠤᠴᠠᠭᠠᠨ᠎ᠤ ᠲᠤᠷᠰᠢ᠂ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭ᠍ᠲᠠᠢ ᠪᠠᠢᠬᠤ᠎ᠶᠢ ᠢᠮᠠᠭᠲᠠ ᠪᠠᠷᠢᠮᠲᠠᠯᠠᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠵᠦ᠂ ᠬᠠᠮᠲᠤ᠎ᠶᠢᠨ ᠬᠥᠭᠵᠢᠯᠲᠡ᠎ᠶᠢᠨ ᠳᠤᠮᠳᠠ ᠲᠣᠪᠣᠢᠮ᠎ᠠ ᠦᠷ᠎ᠡ ᠪᠦᠲᠦᠮᠵᠢᠲᠡᠢ ᠬᠠᠮᠲᠤᠷᠠᠯᠴᠠᠭ᠎ᠠ ᠥᠷᠨᠢᠭᠦᠯᠪᠡ᠃ ᠪᠢ ᠳᠤᠮᠳᠠᠳᠤ ᠬᠢᠨ᠋ᠸᠶᠠ᠎ᠶᠢᠨ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠶᠡᠷᠦᠩᠬᠡᠢᠯᠡᠭᠴᠢ ᠳ᠋ᠦᠨᠪᠤᠶᠠ ᠲᠠᠢ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ ᠨᠡᠩ ᠶᠡᠬᠡ ᠬᠥᠭᠵᠢᠯᠲᠡ ᠲᠠᠢ ᠪᠤᠯᠬᠤ᠎ᠶᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ᠎ᠢ ᠨᠡᠮᠡᠭᠳᠡᠭᠦᠯᠬᠦ᠂ ᠪᠦᠬᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠪᠦᠯᠬᠦᠮᠳᠡᠯ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ