2 ᠰᠠᠷ᠎ᠠ᠎ᠶ᠋ᠢᠨ 4᠎ᠤ ᠦᠳᠡ᠎ᠶ᠋ᠢᠨ ᠬᠣᠢᠨ᠎ᠠ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ ᠰᠤ᠌ ᠯᠢᠨᠤ᠋ ᠣᠨᠴᠠ ᠡᠯᠴᠢ᠎ᠶ᠋ᠢᠨ ᠬᠤᠪᠢ᠎ᠪᠠᠷ ᠲᠤᠰᠭᠠᠢᠯᠠᠨ ᠠᠢᠯᠴᠢᠯᠠᠷ᠎ᠠ ᠢᠷᠡᠭ᠌ᠰᠡᠨ ᠸᠢᠶ᠍ᠸᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠭᠡᠱᠢᠭᠦᠨ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠯᠢ ᠬᠤᠸᠠᠢ ᠵᠦᠩ᠎ᠲᠡᠶ ᠠᠭᠤᠯᠵᠠᠪᠠ᠃

ᠰᠢ᠎ᠵᠢᠨ᠎ᠫᠢᠩ᠂ ᠳᠤᠮᠳᠠᠳᠤ ᠸᠢᠶ᠍ᠸᠲ᠋ᠨᠠᠮ᠎ᠤᠨ ᠬᠣᠶᠠᠷ ᠨᠠᠮ ᠲᠤᠰ ᠲᠤᠰ᠎ᠤᠨ᠎ᠢᠶᠠᠨ ᠴᠢᠬᠤᠯᠠ ᠶᠡᠬᠡ ᠤᠯᠤᠰ ᠲᠦᠷᠦ᠍᠎ᠶ᠋ᠢᠨ ᠵᠥᠪᠯᠡᠬᠦ᠌ ᠵᠦᠢᠯ᠎ᠢᠶᠡᠨ ᠬᠠᠷᠢᠯᠴᠠᠨ ᠮᠡᠳᠡᠭ᠌ᠳᠡᠬᠦ᠌ ᠱᠢᠯᠢᠳᠡᠭ ᠤᠯᠠᠮᠵᠢᠯᠠᠯ᠎ᠢᠶᠠᠨ ᠪᠠᠷᠢᠮᠲᠠᠯᠠᠵᠤ᠂ ᠳᠤᠮᠳᠠᠳᠤ ᠸᠢᠶ᠍ᠸᠲ᠋ᠨᠠᠮ᠎ᠤᠨ 《ᠨᠥᠬᠥᠷ ᠪᠥᠭᠡᠳ ᠠᠬ᠎ᠠ ᠳᠡᠭᠦᠦ》 ᠵᠢᠨ ᠣᠨᠴᠠᠭᠠᠢ ᠨᠥᠬᠥᠷᠰᠡᠭ ᠬᠠᠢᠷ᠎ᠠ ᠰᠡᠳᠭᠢᠯᠭᠡ ᠪᠣᠯᠤᠨ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠢᠲᠡᠭᠡᠯᠴᠡᠭᠡ᠎ᠶ᠋ᠢ ᠢᠯᠡᠷᠡᠭᠦᠯᠪᠡ᠃ ᠲᠦᠷᠦᠭᠦᠬᠡᠨ ᠪᠢ ᠶᠡᠷᠦᠩᠬᠡᠶ ᠱᠦᠵᠢ ᠰᠤ᠌ ᠯᠢᠨ᠎ᠲᠡᠶ ᠤᠲᠠᠰᠤ᠎ᠪᠠᠷ ᠶᠠᠷᠢᠯᠴᠠᠵᠤ᠂ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠳᠤᠮᠳᠠᠳᠤ ᠸᠢᠶᠧᠲ᠋ᠨᠠᠮ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠴᠢᠨᠠᠭ᠍ᠰᠢᠳᠠ ᠠᠬᠢᠭᠤᠯᠬᠤ᠎ᠶᠢᠨ ᠲᠣᠭᠣᠷᠢᠨ᠎ᠳᠤ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠣᠯᠤᠭᠰᠠᠨ ᠶᠤᠮ᠃ ᠰᠤ᠌ ᠯᠢᠨ ᠨᠥᠬᠥᠷ᠎ᠢᠶᠡᠷ ᠲᠡᠷᠢᠭᠦᠯᠡᠭᠦᠯᠦᠭᠰᠡᠨ ᠸᠢᠶᠧᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠸᠢᠶᠧᠲ᠋ᠨᠠᠮ᠎ᠤᠨ ᠨᠠᠮ᠂ ᠤᠯᠤᠰ᠂ ᠠᠷᠠᠳ ᠲᠦᠮᠡᠨ ᠯᠠᠪᠲᠠᠶ ᠸᠢᠶᠧᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠪᠠᠨ ᠢᠯᠠᠯᠲᠠ᠎ᠲᠠᠶ ᠪᠡᠶᠡᠯᠡᠭᠦᠯᠵᠦ᠍ ᠴᠢᠳᠠᠨ᠎ᠠ ᠭᠡᠳᠡᠭ᠎ᠢ ᠢᠲᠡᠭᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠳᠤᠮᠳᠠᠳᠤ ᠸᠢᠶ᠍ᠸᠲ᠋ᠨᠠᠮ ᠬᠣᠶᠠᠷ ᠤᠯᠤᠰ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠡᠯ᠎ᠡ ᠵᠦᠢᠯ᠎ᠦᠨ ᠦᠢᠯᠡᠰ᠎ᠦᠨ ᠥᠷᠨᠢᠩᠭᠦᠢ ᠬᠥᠭ᠌ᠵᠢᠯᠲᠡ᠎ᠶ᠋ᠢ ᠠᠬᠢᠭᠤᠯᠵᠤ᠂ ᠳᠡᠯᠡᠬᠡᠢ ᠳ᠋ᠠᠬᠢᠨ᠎ᠳᠤ ᠨᠡᠢᠭᠡᠮ ᠵᠢᠷᠤᠮ᠎ᠤᠨ ᠪᠠᠢᠭᠤᠯᠤᠯ᠎ᠤᠨ ᠦᠷᠨᠢᠭᠦᠨ ᠬᠦᠭᠵᠢᠩᠭᠦᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠳᠤᠮᠳᠠᠳᠤ ᠤᠯᠤᠰ ᠳᠤᠮᠳᠠᠳᠤ ᠸᠢᠶ᠍ᠸᠲ᠋ᠨᠠᠮ᠎ᠤᠨ ᠬᠠᠷᠢᠯᠴᠠᠭ᠎ᠠ᠎ᠶ᠋ᠢ ᠬᠥᠭ᠌ᠵᠢᠭᠦᠯᠬᠦ᠌᠎ᠶ᠋ᠢ ᠢᠮᠠᠭ᠍ᠲᠠ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠸᠢᠶ᠍ᠸᠲ᠋ᠨᠠᠮ᠎ᠤᠨ ᠬᠢᠨ᠎ᠲᠡᠶ ᠬᠠᠮᠲᠤ᠎ᠪᠠᠷ ᠨᠡᠢᠭᠡᠮ ᠵᠢᠷᠤᠮ᠎ᠤᠨ ᠢᠷᠡᠭᠡᠳᠦᠢ ᠬᠤᠪᠢ ᠵᠠᠶᠠᠭ᠎ᠠ᠎ᠶ᠋ᠢ ᠪᠠᠲᠤ ᠡᠵᠡᠮᠳᠡᠵᠦ᠍᠂ 《ᠠᠷᠪᠠᠨ ᠵᠢᠷᠭᠤᠭᠠᠨ ᠦᠰᠦᠭᠲᠦ》 ᠴᠢᠭ᠌ᠯᠡᠯᠲᠡ ᠪᠣᠯᠤᠨ 《ᠲᠦᠷᠪᠡᠨ ᠰᠠᠢ᠌ᠨ》᠎ᠤ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ 《ᠵᠢᠷᠭᠤᠭᠠᠨ ᠨᠡᠩ》᠎ᠤᠨ ᠶᠡᠷᠦᠩᠬᠡᠢ ᠬᠠᠷᠠᠯᠲᠠ ᠶᠣᠰᠣᠭᠠᠷ᠂ ᠳᠡᠭᠡᠳᠦ ᠳᠠᠪᠬᠤᠷᠭ᠎ᠠ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠤᠯᠠᠮᠵᠢᠯᠠᠯᠲᠤ ᠨᠥᠬᠥᠷᠯᠡᠯ᠎ᠢᠶᠡᠨ ᠲᠠᠰᠤᠷᠠᠯᠳᠠ ᠦᠭᠡᠢ ᠪᠠᠳᠠᠷᠠᠭᠤᠯᠵᠤ᠂ ᠡᠯ᠎ᠡ ᠲᠡᠰ ᠳᠠᠪᠬᠤᠷᠭ᠎ᠠ᠎ᠶ᠋ᠢᠨ ᠶᠠᠪᠤᠯᠴᠠᠭ᠎ᠠ ᠪᠣᠯᠤᠨ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠵᠥᠷᠢᠯᠳᠦᠭᠡᠨ᠎ᠢᠶᠡᠨ ᠲᠣᠬᠢᠲᠠᠢ ᠬᠠᠮᠢᠶᠠᠷᠤᠨ ᠡᠵᠡᠮᠳᠡᠵᠦ᠍᠂ ᠳᠤᠮᠳᠠᠳᠤ ᠸᠢᠶ᠍ᠸᠲ᠋ᠨᠠᠮ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠲᠤᠮᠤ ᠠᠯᠬᠤᠮ᠎ᠢᠶᠠᠷ ᠤᠷᠤᠭ᠍ᠰᠢᠯᠠᠬᠤ᠎ᠶ᠋ᠢ ᠠᠬᠢᠭᠤᠯᠤᠨ᠎ᠠ ᠭᠡᠵᠦ᠍ ᠴᠢᠬᠤᠯᠠᠴᠢᠯᠠᠪᠠ᠃
ᠯᠢ ᠬᠤᠸᠠᠢ ᠵᠥᠩ ᠸᠢᠶᠧᠲ᠋ᠨᠠᠮ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ ᠰᠤ᠌ ᠯᠢᠨᠦ ᠶᠡᠷᠦᠩᠬᠡᠶ ᠱᠦᠵᠢ ᠰᠢ᠎ᠵᠢᠨ᠎ᠫᠢᠩ᠎ᠳᠦ ᠢᠯᠡᠭᠡᠭ᠌ᠰᠡᠨ ᠲᠠᠯᠠᠷᠬᠠᠯ᠎ᠤᠨ ᠵᠠᠬᠢᠳᠠᠯ᠎ᠢ ᠳᠠᠮᠵᠢᠭᠤᠯᠤᠨ ᠲᠤᠱᠢᠶᠠᠭ᠍ᠰᠠᠨ ᠪᠥᠭᠡᠳ ᠠᠮᠠᠨ ᠵᠠᠬᠢᠶ᠎ᠠ᠎ᠶ᠋ᠢ ᠨᠢ ᠳᠠᠮᠵᠢᠭᠤᠯᠪᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠠᠭ ᠭᠠᠷᠭᠠᠵᠤ ᠠᠭᠤᠯᠵᠠᠭ᠍ᠰᠠᠨ᠎ᠳᠤ ᠲᠠᠯᠠᠷᠬᠠᠵᠤ ᠪᠠᠢᠨ᠎ᠠ᠂ ᠸᠢᠶᠧᠲ᠋ᠨᠠᠮ᠎ᠤᠨ ᠡᠪ ᠬᠠᠮᠲᠤ ᠨᠠᠮ᠎ᠤᠨ ᠠᠷᠪᠠᠨ ᠳᠥᠷᠪᠡᠳᠦᠭᠡᠷ ᠶᠡᠬᠡ ᠬᠤᠷᠠᠯ ᠸᠢᠶᠧᠲ᠋ᠨᠠᠮ᠎ᠤᠨ ᠦᠨᠳᠦᠰᠦᠲᠡᠨ᠎ᠦ ᠬᠥᠭ᠌ᠵᠢᠯᠲᠡ᠎ᠶ᠋ᠢᠨ ᠱᠢᠨ᠎ᠡ ᠴᠠᠭ ᠦᠶ᠎ᠡ᠎ᠶ᠋ᠢ ᠨᠡᠭᠡᠭᠡᠪᠡ᠂ ᠸᠢᠶ᠍ᠸᠲ᠋ᠨᠠᠮ᠎ᠤᠨ ᠬᠢᠨ ᠢᠮᠠᠭ᠍ᠲᠠ ᠳᠤᠮᠳᠠᠳᠤ ᠤᠯᠤᠰ᠎ᠯᠤᠭ᠎ᠠ᠎ᠶ᠋ᠢᠨ ᠬᠠᠷᠢᠯᠴᠠᠭ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌᠎ᠶ᠋ᠢ ᠭᠠᠳᠠᠭᠠᠳᠤ ᠲᠦᠷᠦ᠍᠎ᠶ᠋ᠢᠨ ᠪᠤᠳᠤᠯᠭ᠎ᠠ᠎ᠶ᠋ᠢᠨ᠎ᠢᠶᠠᠨ ᠲᠡᠷᠢᠭᠦᠨ ᠴᠢᠬᠤᠯᠠ ᠪᠠᠢᠷᠢᠨ᠎ᠳᠤ ᠲᠠᠯᠪᠢᠭ᠍ᠰᠠᠭᠠᠷ ᠢᠷᠡᠵᠠᠢ᠂ ᠳᠤᠷᠠᠲᠠᠶ᠎ᠠ ᠳᠤᠮᠳᠠᠳᠤ ᠤᠯᠤᠰ᠎ᠯᠤᠭ᠎ᠠ ᠱᠢᠨ᠎ᠡ ᠬᠥᠭ᠌ᠵᠢᠯᠲᠡ᠎ᠶ᠋ᠢᠨ ᠠᠶᠠᠨ᠎ᠳᠠᠭᠠᠨ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠵᠤ᠂ ᠬᠣᠶᠠᠷ ᠨᠠᠮ ᠬᠣᠶᠠᠷ ᠤᠯᠤᠰ᠎ᠤᠨ ᠤᠳᠤᠷᠢᠳᠭᠤ ᠬᠥᠮᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠪᠠᠷ ᠵᠢᠯᠤᠭᠤᠳᠤᠯᠭ᠎ᠠ ᠪᠣᠯᠭᠠᠵᠤ᠂ ᠤᠯᠤᠰ ᠲᠥᠷᠥ᠎ᠶ᠋ᠢᠨ ᠰᠠᠭᠤᠷᠢ᠂ ᠪᠣᠳᠠᠰ᠎ᠤᠨ ᠰᠠᠭᠤᠷᠢ ᠪᠠ ᠠᠷᠠᠳ᠎ᠤᠨ ᠰᠠᠨᠠᠭᠠᠨ᠎ᠤ ᠰᠠᠭᠤᠷᠢ ᠶ᠋ᠢ ᠤᠯᠠᠮ ᠪᠡᠬᠢᠵᠢᠭᠦᠯᠵᠦ᠂ ᠸᠢᠶᠧᠲ᠋ᠨᠠᠮ ᠳᠤᠮᠳᠠᠳᠤ᠎ᠶ᠋ᠢᠨ ᠬᠠᠷᠢᠯᠴᠠᠭ᠎ᠠ᠎ᠶ᠋ᠢᠨ ᠱᠢᠨ᠎ᠡ ᠦᠨᠳᠦᠷᠴᠡ᠎ᠳᠤ ᠭᠠᠷᠬᠤ᠎ᠶ᠋ᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠭᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃