ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠠᠩᠬ᠎ᠠ ᠤᠳᠠᠭ᠎ᠠ ᠮᠣᠩᠭᠣᠯ ᠤᠯᠤᠰ᠎ᠲᠤ ᠠᠮᠢᠳᠤ ᠦᠬᠡᠷ᠎ᠢ ᠪᠥᠭᠡᠮ᠎ᠢᠶᠡᠷ ᠭᠠᠷᠭᠠᠬᠤ ᠪᠣᠯᠪᠠ
ᠨᠡᠶ᠋ᠢᠲᠡᠯᠡᠭᠰᠡᠨ ᠴᠠᠭ᠄ 2025-11-10

11 ᠳ᠋ᠦ᠍ᠭᠡᠷ ᠰᠠᠷ᠎ᠠ᠎ᠶᠢᠨ 6 ᠎ᠤ ᠡᠳᠦᠷ᠂ 393 ᠬᠣᠰᠲ᠋ᠠᠨ ᠰᠠᠭᠠᠯᠢ᠎ᠶᠢᠨ ᠦᠨᠢᠶ᠎ᠡ᠎ᠶ᠋ᠢ ᠲᠡᠭᠡᠭᠡᠭᠰᠡᠨ 20 ᠲᠡᠭᠡᠭᠡᠪᠦᠷᠢ᠎ᠶᠢᠨ ᠲᠡᠷᠭᠡ ᠬᠥᠬᠡᠬᠣᠲᠠ᠎ᠡᠴᠡ ᠮᠣᠷᠳᠠᠵᠤ᠂ ᠡᠷᠢᠶᠡᠨ ᠬᠣᠲᠠ᠎ᠶᠢᠨ ᠬᠢᠯᠢ᠎ᠶ᠋ᠢᠨ ᠪᠣᠭᠣᠮᠲᠠ᠎ᠪᠠᠷ ᠭᠠᠷᠴᠤ᠂ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ᠎ᠶ᠋ᠢ ᠴᠢᠭ᠌ᠯᠡᠪᠡ᠃ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠩᠬ᠎ᠠ ᠤᠳᠠᠭ᠎ᠠ ᠮᠣᠩᠭᠣᠯ ᠤᠯᠤᠰ᠎ᠲᠤ ᠠᠮᠢᠳᠤ ᠦᠬᠡᠷ ᠪᠦᠭᠡᠮ᠎ᠢᠶᠡᠷ ᠭᠠᠷᠭᠠᠵᠤ ᠪᠠᠢᠭ᠎ᠠ ᠶᠠᠪᠤᠳᠠᠯ ᠪᠣᠯᠣᠨ᠎ᠠ᠃ 

ᠲᠣᠰ ᠤᠳᠠᠭᠠᠨ᠎ᠤ ᠭᠠᠳᠠᠭᠠᠳᠤ᠎ᠳᠤ ᠭᠠᠷᠭᠠᠬᠤ ᠲᠤᠬᠠᠢᠯᠠᠭᠰᠠᠨ ᠠᠵᠢᠯ᠎ᠤᠨ ᠤᠷᠤᠭᠰᠢᠲᠠᠢ ᠶᠠᠪᠤᠭᠳᠠᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠬᠥᠬᠡᠬᠣᠲᠠ᠎ᠶᠢᠨ ᠪᠣᠭᠣᠮᠲᠠ᠎ᠶᠢᠨ ᠬᠢᠨ ᠤᠷᠢᠳᠴᠢᠯᠠᠨ ᠲᠦᠯᠦᠪᠯᠡᠵᠦ᠍᠂ ᠭᠠᠳᠠᠭᠠᠳᠤ᠎ᠳᠤ ᠭᠠᠷᠭᠠᠬᠤ ᠠᠵᠤ ᠠᠬᠤᠢᠯᠠᠯ ᠵᠢᠴᠢ ᠭᠠᠳᠠᠭᠠᠳᠤ ᠶᠠᠪᠤᠳᠠᠯ᠎ᠤᠨ ᠰᠠᠯᠠᠭ᠎ᠠ ᠮᠥᠴᠢᠷ ᠯᠦ᠍ᠭᠡ ᠰᠠᠨᠠᠭᠠᠴᠢᠯᠠᠭ᠎ᠠ᠎ᠡᠴᠡ᠎ᠪᠠᠨ ᠵᠣᠯᠭᠠᠭᠤᠯᠵᠤ᠂ ᠭᠠᠳᠠᠭᠠᠳᠤ᠎ᠡᠴᠡ ᠣᠷᠣᠭᠤᠯᠬᠤ ᠤᠯᠤᠰ᠎ᠤᠨ ᠠᠯᠪᠠᠨ᠎ᠤ ᠲᠠᠯ᠎ᠠ᠎ᠶᠢᠨ ᠬᠢᠵᠢᠭ᠎ᠤᠨ ᠪᠠᠢᠴᠠᠭᠠᠯᠲᠠ᠎ᠶ᠋ᠢᠨ ᠱᠠᠭᠠᠷᠳᠠᠯᠭ᠎ᠠ᠎ᠶᠢ ᠣᠯᠠᠨ ᠠᠷᠭ᠎ᠠ ᠵᠠᠮ᠎ᠢᠶᠠᠷ ᠲᠣᠳᠣᠷᠬᠠᠢᠯᠠᠨ᠂ ᠳᠤᠮᠳᠠᠳᠤ ᠤᠯᠤᠰ ᠬᠢᠭᠡᠳ ᠮᠣᠩᠭᠣᠯ ᠤᠯᠤᠰ᠎ᠤᠨ ᠭᠠᠳᠠᠭᠠᠳᠤ᠎ᠳᠤ ᠭᠠᠷᠭᠠᠬᠤ ᠰᠠᠭᠠᠯᠢ᠎ᠶᠢᠨ ᠦᠨᠢᠶ᠎ᠡ᠎ᠶᠢᠨ ᠲᠤᠬᠠᠢ ᠡᠯ᠎ᠡ ᠵᠦᠢᠯ᠎ᠦᠨ ᠪᠠᠷᠢᠮᠲᠠ ᠭᠡᠷᠡᠴᠢ᠎ᠶ᠋ᠢᠨ ᠱᠠᠭᠠᠷᠳᠠᠯᠭ᠎ᠠ᠎ᠶᠢ ᠨᠠᠷᠢᠨ ᠲᠠᠢᠯᠪᠤᠷᠢᠯᠠᠪᠠ᠃ 

《ᠣᠶᠤᠨᠲᠤ ᠪᠣᠭᠣᠮᠲᠠ》᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠳᠦ ᠲᠦᠰᠢᠭᠯᠡᠨ᠂ ᠬᠥᠬᠡᠬᠣᠲᠠ ᠪᠣᠭᠣᠮᠲᠠ᠎ᠶᠢᠨ ᠬᠠᠷᠢᠶ᠎ᠠ ᠪᠣᠯᠬᠤ ᠰᠠᠢᠬᠠᠨ ᠪᠣᠭᠣᠮᠲᠠ᠎ᠶ᠋ᠢᠨ ᠬᠢᠨ ᠲᠤᠰᠬᠠᠢ ᠠᠵᠢᠯᠲᠠᠨ᠎ᠢᠶᠠᠷ ᠠᠵᠤ ᠠᠬᠤᠢᠯᠠᠯ᠎ᠳᠤ ᠦᠢᠯᠡᠴᠢᠯᠡᠭᠡ ᠬᠠᠩᠭᠠᠵᠤ᠂ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠦᠭ᠌ᠰᠡᠨ ᠠᠬᠢᠴᠠ᠎ᠶᠢ ᠳᠠᠭᠠᠵᠤ᠂ 《ᠤᠷᠢᠳᠴᠢᠯᠠᠨ ᠭᠤᠶᠤᠴᠢᠯᠠᠨ ᠮᠡᠳᠡᠭᠦᠯᠬᠦ》 《ᠪᠣᠭᠣᠮᠲᠠ ᠥᠩᠭᠡᠷᠡᠬᠦ᠌᠎ᠪᠡᠷ ᠪᠣᠯᠵᠣᠬᠤ》 ᠵᠡᠷᠭᠡ ᠳᠦᠭᠦᠮᠴᠢᠯᠡᠭ᠌ᠰᠡᠨ ᠠᠷᠭ᠎ᠠ ᠬᠡᠮᠵᠢᠶ᠎ᠡ᠎ᠶᠢ ᠬᠡᠷᠡᠭ᠌ᠵᠢᠭᠦᠯᠵᠡᠢ᠃ ᠪᠠᠷᠠᠭ᠎ᠠ ᠨᠢ ᠬᠢᠯᠢ᠎ᠶ᠋ᠢᠨ ᠪᠣᠭᠣᠮᠲᠠ᠎ᠳᠤ ᠬᠦᠷᠦᠭᠰᠡᠨ᠎ᠦ ᠳᠠᠷᠠᠭ᠎ᠠ᠂ ᠬᠠᠷᠢᠶ᠎ᠠ ᠪᠣᠯᠬᠤ ᠡᠷᠢᠶᠡᠨ᠎ᠦ ᠪᠣᠭᠣᠮᠲᠠ᠎ᠶᠢᠨ ᠠᠵᠢᠯᠲᠠᠳ ᠪᠦᠲᠦᠮᠵᠢᠲᠡᠶ ᠬᠢᠨᠠᠨ ᠬᠠᠮᠢᠶᠠᠷᠤᠯᠲᠠ᠎ᠶᠢ ᠪᠠᠲᠤᠯᠠᠭᠰᠠᠨ ᠤᠷᠢᠲᠠᠯ ᠳᠣᠣᠷ᠎ᠠ᠂ 《ᠬᠦᠷᠴᠦ ᠢᠷᠡᠮᠡᠭᠴᠡ ᠪᠠᠢᠴᠠᠭᠠᠵᠤ᠂ ᠲᠦᠷᠭᠡᠨ ᠱᠢᠯᠭᠠᠵᠤ ᠶᠠᠪᠤᠭᠤᠯᠬᠤ》᠎ᠶᠢ ᠬᠡᠷᠡᠭ᠌ᠵᠢᠭᠦᠯᠦᠨ᠂ ᠬᠢᠯᠢ᠎ᠶ᠋ᠢᠨ ᠪᠣᠭᠣᠮᠲᠠ᠎ᠳᠠᠬᠢ ᠪᠠᠷᠠᠭᠠᠨ᠎ᠤ ᠰᠠᠭᠠᠲᠠᠬᠤ ᠴᠠᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠣᠭᠣᠨᠢᠰᠬᠠᠭᠰᠠᠨ ᠪᠠᠢᠨ᠎ᠠ᠃ 

ᠪᠣᠭᠣᠮᠲᠠ᠎ᠪᠠᠷ ᠥᠨᠳᠥᠷ ᠪᠦᠲᠦᠮᠵᠢᠲᠡᠢ ᠥᠩᠭᠡᠷᠡᠭᠦᠯᠬᠦ᠌᠎ᠶ᠋ᠢ ᠬᠥᠭᠡᠭᠡᠴᠡᠯᠳᠦᠬᠦ᠎ᠶᠢᠨ ᠳᠠᠭᠠᠤ᠎ᠳᠤ᠎ᠪᠠᠨ᠂ ᠪᠣᠭᠣᠮᠲᠠ᠎ᠶᠢᠨ ᠬᠢᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠪᠠ᠃ ᠭᠠᠳᠠᠭᠠᠳᠤ ᠭᠠᠷᠭᠠᠯᠲᠠ᠎ᠶ᠋ᠢᠨ ᠲᠤᠰᠠᠭᠠᠷᠯᠠᠬᠤ ᠲᠠᠯᠠᠪᠠᠢ᠎ᠶᠢᠨ ᠪᠠᠢᠳᠠᠯ᠎ᠢ ᠲᠤᠬᠠᠢ᠎ᠶᠢᠨ ᠭᠠᠵᠠᠷ᠎ᠲᠤ ᠨᠢ ᠪᠠᠢᠴᠠᠭᠠᠨ ᠦᠵᠡᠵᠦ᠂ ᠠᠵᠤ ᠠᠬᠤᠢᠯᠠᠯ᠎ᠢ ᠬᠠᠪᠰᠤᠷᠤᠨ ᠲᠤᠰᠠᠭᠠᠷᠯᠠᠬᠤ ᠪᠠᠢᠷᠢᠱᠢᠯ᠎ᠢ ᠨᠢ ᠲᠥᠯᠥᠪᠵᠢᠭᠦᠯᠦᠨ᠂ ᠬᠢᠵᠢᠭ᠎ᠢ ᠰᠡᠷᠭᠡᠢᠯᠡᠨ ᠠᠷᠢᠭᠤᠳᠬᠠᠬᠤ ᠳᠦᠷᠢᠮ᠎ᠢ ᠨᠢ ᠨᠠᠷᠢᠯᠢᠭ᠍ᠵᠢᠭᠤᠯᠵᠤ᠂ ᠭᠠᠳᠠᠭᠠᠳᠤ᠎ᠠᠴᠠ ᠣᠷᠣᠭᠤᠯᠬᠤ ᠤᠯᠤᠰ᠎ᠤᠨ ᠤᠷᠢᠳᠴᠢᠯᠠᠭ᠍ᠰᠠᠨ ᠪᠠᠢᠴᠠᠭᠠᠯᠲᠠ᠎ᠶ᠋ᠢ ᠭᠦᠢᠴᠡᠳᠭᠡᠵᠡᠢ᠃ ᠠᠬᠤᠢ ᠲᠠᠯᠠᠪᠠᠢ᠎ᠳᠦ ᠠᠵᠢᠯᠯᠠᠬᠤ ᠪᠣᠭᠣᠮᠲᠠ᠎ᠶᠢᠨ ᠠᠵᠢᠯᠲᠠᠳ ᠠᠵᠢᠯ᠎ᠤᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠡᠨᠡ ᠬᠦ᠌ ᠪᠦᠯᠦᠭ ᠭᠠᠳᠠᠭᠠᠳᠤ᠎ᠳᠤ ᠭᠠᠷᠭᠠᠬᠤ ᠰᠠᠭᠠᠯᠢ᠎ᠶᠢᠨ ᠦᠨᠢᠶ᠎ᠡ᠎ᠳᠦ ᠨᠠᠷᠢᠯᠢᠭ᠋ ᠣᠨᠣᠴᠠᠲᠠᠢ ᠪᠦᠭᠡᠳ ᠥᠨᠳᠥᠷ ᠪᠦᠲᠦᠮᠵᠢᠲᠡᠶ ᠰᠢᠯᠭᠠᠨ ᠪᠠᠢᠴᠠᠭᠠᠯᠲᠠ ᠬᠢᠵᠢᠭ᠎ᠦᠨ ᠪᠠᠢᠴᠠᠭᠠᠯᠲᠠ ᠬᠢᠵᠦ᠂ ᠮᠣᠩᠭᠣᠯ ᠤᠯᠤᠰ᠎ᠲᠦ ᠣᠷᠣᠬᠤ ᠵᠥᠪᠰᠢᠶᠡᠷᠡᠯ᠎ᠦᠨ ᠱᠠᠭᠠᠷᠳᠠᠯᠭ᠎ᠠ ᠪᠠ ᠳᠤᠮᠳᠠᠳᠤ ᠤᠯᠤᠰ᠎ᠤᠨ ᠭᠠᠳᠠᠭᠠᠳᠤ᠎ᠳᠤ ᠭᠠᠷᠭᠠᠬᠤ ᠶᠠᠰᠤ ᠴᠢᠨᠠᠷ᠎ᠤᠨ ᠪᠠᠷᠢᠮᠵᠢᠶ᠎ᠠ᠎ᠳᠤ ᠨᠡᠢᠴᠡᠬᠦ᠎ᠶᠢ ᠨᠢ ᠦᠨᠡᠨ ᠬᠦ᠌ ᠪᠠᠲᠤᠯᠠᠪᠠ᠃ 

《ᠡᠨᠡ ᠤᠳᠠᠭ᠎ᠠ ᠠᠮᠵᠢᠯᠲᠠ᠎ᠲᠠᠢ᠎ᠪᠠᠷ ᠠᠮᠢᠳᠤ ᠦᠬᠡᠷ᠎ᠢ ᠭᠠᠳᠠᠭᠠᠳᠤ᠎ᠳᠤ ᠭᠠᠷᠭᠠᠭᠰᠠᠨ ᠨᠢ ᠬᠥᠬᠡᠬᠣᠲᠠ᠎ᠶᠢᠨ ᠪᠣᠭᠣᠮᠲᠠ᠎ᠶᠢᠨ ᠬᠢᠨ ᠮᠠᠨ᠎ᠤ ᠠᠵᠤ ᠠᠬᠤᠢᠯᠠᠯ᠎ᠳᠤ ᠬᠠᠩᠭᠠᠭᠰᠠᠨ ᠪᠥᠬᠥ ᠲᠠᠯ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠵᠢᠯᠣᠭᠣᠳᠤᠯᠭ᠎ᠠ ᠪᠠ ᠪᠣᠭᠣᠮᠲᠠ᠎ᠪᠠᠷ ᠥᠩᠭᠡᠷᠡᠬᠦ᠎ᠳᠦ ᠲᠥᠬᠥᠮ ᠦᠵᠡᠭᠦᠯᠦᠭᠰᠡᠨ ᠦᠢᠯᠡᠴᠢᠯᠡᠭᠡ᠎ᠡᠴᠡ ᠪᠣᠯᠤᠭᠰᠠᠨ ᠶᠤᠮ᠃》 ᠥᠪᠥᠷ ᠮᠣᠩᠭᠣᠯ᠎ᠤᠨ ᠵᠥᠩ ᠯᠦ᠍ ᠣᠯᠠᠨ ᠤᠯᠤᠰ᠎ᠤᠨ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ ᠰᠡᠴᠡᠨᠲᠠᠨ᠎ᠠ᠎ᠶ᠋ᠢᠨ ᠲᠠᠨᠢᠯᠴᠠᠭᠤᠯᠤᠭᠰᠠᠨ᠎ᠢᠶᠠᠷ᠂ ᠠᠮᠢᠳᠤ ᠦᠬᠡᠷ᠎ᠢ ᠭᠠᠳᠠᠭᠠᠳᠤ᠎ᠳᠤ ᠭᠠᠷᠭᠠᠬᠤ ᠪᠣᠯ ᠨᠢᠭᠡ ᠵᠦᠢᠯ᠎ᠦᠨ ᠲᠤᠢᠯ᠎ᠤᠨ ᠪᠤᠳᠤᠯᠢᠶᠠᠨᠲᠠᠢ ᠮᠥᠷᠲᠡᠭᠡᠨ ᠥᠷᠢᠰᠦᠯᠳᠦᠭᠡᠨ ᠲᠠᠢ ᠲᠤᠬᠠᠢᠯᠠᠭᠰᠠᠨ ᠠᠵᠢᠯ ᠪᠣᠯᠣᠨ᠎ᠠ᠂ ᠡᠨᠡ ᠨᠢ ᠲᠡᠵᠢᠭᠡᠨ ᠦᠷᠡᠵᠢᠭᠦᠯᠬᠦ᠂ ᠲᠤᠰᠠᠭᠠᠷᠯᠠᠬᠤ᠂ ᠠᠴᠢᠶᠠᠯᠠᠨ ᠲᠡᠭᠡᠭᠡᠪᠦᠷᠢᠯᠡᠬᠦ ᠵᠡᠷᠭᠡ ᠤᠯᠠᠨ ᠴᠤᠪᠤᠷᠠᠯ᠎ᠳᠤ ᠬᠣᠯᠪᠣᠭ᠍ᠳᠠᠵᠤ᠂ ᠲᠡᠵᠢᠭᠡᠨ ᠠᠷᠠᠴᠢᠯᠠᠬᠤ᠂ ᠲᠤᠰᠠᠭᠠᠷᠯᠠᠬᠤ ᠵᠡᠷᠭᠡ ᠴᠢᠩᠭ᠎ᠠ ᠳᠦᠷᠢᠮ᠎ᠢ ᠲᠣᠭ᠍ᠲᠠᠭᠠᠵᠤ ᠪᠠᠢᠭᠠᠳ ᠲᠤᠰᠠᠭᠠᠷᠯᠠᠬᠤ ᠬᠤᠭᠤᠴᠠᠭᠠᠨ᠎ᠳᠠᠬᠢ ᠬᠠᠯᠳᠠᠪᠤᠷᠢᠲᠤ ᠡᠪᠡᠳᠴᠢᠨ᠂ ᠬᠣᠣᠷ ᠬᠥᠨᠥᠭᠡᠯᠲᠦ ᠪᠣᠳᠠᠰ᠎ᠤᠨ ᠠᠮᠢᠳᠤ ᠦᠬᠡᠷ᠎ᠲᠦ ᠦᠵᠡᠭᠦᠯᠬᠦ ᠨᠥᠯᠥᠭᠡ᠎ᠶᠢ ᠰᠡᠷᠭᠡᠢᠯᠡᠬᠦ ᠮᠥᠷᠲᠡᠭᠡᠨ ᠸᠠᠺᠼᠢᠨ᠎ᠤ ᠲᠠᠷᠢᠯᠭ᠎ᠠ ᠬᠢᠵᠦ᠂ ᠭᠠᠳᠠᠭᠠᠳᠤ᠎ᠠᠴᠠ ᠣᠷᠣᠭᠤᠯᠬᠤ ᠤᠯᠤᠰ᠎ᠤᠨ ᠱᠠᠭᠠᠷᠳᠠᠭᠰᠠᠨ ᠬᠢᠵᠢᠭ ᠡᠪᠡᠳᠴᠢᠨ᠎ᠢ ᠪᠠᠢᠴᠠᠭᠠᠨ ᠰᠢᠯᠭᠠᠵᠤ᠂ ᠭᠠᠳᠠᠭᠠᠳᠤ᠎ᠳᠤ ᠭᠠᠷᠭᠠᠭᠰᠠᠨ᠎ᠤ ᠳᠠᠷᠠᠭᠠᠬᠢ ᠬᠢᠵᠢᠭ᠎ᠦᠨ ᠪᠠᠢᠴᠠᠭᠠᠯᠲᠠ᠎ᠶᠢ ᠭᠦᠢᠴᠡᠳᠭᠡᠨ᠂ ᠪᠠᠰᠠ ᠬᠤᠯᠠ ᠲᠡᠭᠡᠭᠡᠪᠦᠷᠢᠯᠡᠬᠦ᠌᠎ᠡᠴᠡ ᠪᠣᠯᠣᠭ᠍ᠰᠠᠨ ᠠᠮᠢᠳᠠᠨ᠎ᠤ ᠰᠡᠷᠡᠯᠵᠢᠯ ᠵᠡᠷᠭᠡ ᠬᠦᠴᠦᠨ ᠵᠦᠢᠯ᠎ᠢ ᠴᠦ᠍ ᠪᠣᠳᠣᠯᠬᠢᠯᠠᠬᠤ ᠬᠡᠷᠡᠭᠲᠡᠢ᠃ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ᠎ᠤ ᠱᠢᠯᠭᠠᠨ ᠪᠠᠢᠴᠠᠭᠠᠯᠲᠠ ᠪᠠ ᠪᠣᠭᠣᠮᠲᠠ᠎ᠪᠠᠷ ᠲᠦᠷᠭᠡᠨ ᠥᠩᠭᠡᠷᠡᠬᠦ᠌ ᠵᠡᠷᠭᠡ᠎ᠶ᠋ᠢᠨ ᠠᠯᠢ᠎ᠳᠤ ᠨᠢ ᠴᠦ᠍ ᠭᠡᠰᠡᠨ᠂ ᠬᠥᠬᠡᠬᠣᠲᠠ᠎ᠶ᠋ᠢᠨ ᠪᠣᠭᠣᠮᠲᠠ᠎ᠶ᠋ᠢᠨ ᠬᠢᠨ ᠴᠦᠮ ᠠᠵᠤ ᠠᠬᠤᠢᠯᠠᠯ᠎ᠳᠤ ᠬᠦᠴᠦᠲᠡᠢ ᠳᠡᠮᠵᠢᠯᠭᠡ ᠦᠵᠡᠭᠦᠯᠵᠦ᠂ ᠠᠵᠤ ᠠᠬᠤᠢᠯᠠᠯ᠎ᠤᠨ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ ᠢᠲᠡᠭᠡᠯ ᠵᠣᠷᠢᠭ᠎ᠢ ᠨᠢ ᠬᠥᠪᠴᠢᠯᠡᠭᠰᠡᠨ ᠪᠠᠢᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ