ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠠᠮᠤᠷ ᠲᠦᠪᠰᠢᠨ ᠲᠣᠭ᠍ᠲᠠᠭᠤᠨ᠎ᠦ ᠬᠠᠯᠬᠠᠪᠴᠢ ᠪᠠᠲᠤ ᠪᠠᠬᠢ   ᠡᠬᠡ ᠤᠯᠤᠰ᠎ᠤᠨ ᠤᠮᠠᠷᠠᠲᠤ ᠬᠢᠯᠢ ᠠᠮᠤᠭᠤᠯᠠᠩ ᠲᠠᠢᠪᠤᠩ ​— ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠤᠭᠰᠠᠨ ᠥᠪᠥᠷ ᠮᠣᠩᠭᠣᠯ᠎ᠤᠨ ᠦᠶ᠋ᠯᠡᠳᠦᠯᠭᠡ
ᠨᠡᠶ᠋ᠢᠲᠡᠯᠡᠭᠰᠡᠨ ᠴᠠᠭ᠄ 2025-11-12

8000 ᠭᠠᠵᠠᠷ᠎ᠤᠨ ᠬᠢᠯᠢ᠎ᠶᠢᠨ ᠱᠤᠭᠤᠮ ᠨᠠᠮ ᠵᠠᠰᠠᠭ ᠴᠡᠷᠢᠭ ᠴᠠᠭ᠍ᠳᠠᠭ᠎ᠠ ᠠᠷᠠᠳ᠎ᠤᠨ ᠬᠢᠯᠢ ᠬᠢᠵᠠᠭᠠᠷ᠎ᠢᠶᠠᠨ ᠦᠨᠡᠨᠴᠢ ᠱᠢᠳᠤᠷᠭᠤ ᠰᠠᠬᠢᠨ ᠬᠠᠮᠠᠭᠠᠯᠠᠨ᠎ᠠ ᠬᠡᠰᠡᠨ ᠪᠠᠳᠤ ᠲᠠᠩᠭᠠᠷᠢᠭ᠎ᠢ ᠭᠡᠷᠡᠴᠢᠯᠡᠵᠦ᠍᠂ 118.3 ᠲᠦᠮᠡᠨ ᠲᠡᠭ᠌ᠰᠢ ᠳᠥᠷᠪᠡᠯᠵᠢᠨ ᠺᠢᠯᠦᠮᠸᠲᠷ᠎ᠤᠨ ᠬᠠᠯᠠᠭᠤᠨ ᠬᠥᠷᠥᠰᠥᠨ᠎ᠳᠤ ᠦᠨᠳᠦᠰᠦᠲᠡᠨ ᠨᠤᠭᠦᠳ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠴᠠᠭ ᠦᠶ᠎ᠡ᠎ᠶᠢᠨ ᠢᠷᠠᠭᠤ ᠬᠠᠭᠤᠳᠠᠰᠤ ᠳᠡᠯᠭᠡᠭᠳᠡᠨ᠎ᠠ᠃

ᠥᠪᠥᠷ ᠮᠣᠩᠭᠣᠯ ᠪᠣᠯ ᠡᠬᠡ ᠤᠯᠤᠰ᠎ᠤᠨ 《ᠤᠮᠠᠷᠠᠲᠤ ᠬᠠᠭᠠᠯᠭ᠎ᠠ》᠂ ᠨᠡᠢᠰᠯᠡᠯ᠎ᠤᠨ《ᠬᠤᠳᠠ᠎ᠶᠢᠨ ᠬᠠᠮᠠᠭᠠᠯᠠᠯᠳᠠ᠎ᠶᠢᠨ ᠭᠤᠤᠯ》 ᠮᠥᠨ᠂ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠳᠤ ᠲᠤᠭᠳᠠᠭᠠᠵᠦ ᠦᠭᠭᠦᠭᠰᠡᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭ᠍ᠲᠠᠭᠠᠯᠲᠠ᠎ᠶᠢᠨ ᠨᠢᠭᠡ ᠪᠣᠯ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠰᠢᠨ ᠲᠣᠭ᠍ᠲᠠᠭᠤᠨ᠎ᠦ ᠬᠠᠯᠬᠠᠪᠴᠢ᠎ᠶᠢ ᠪᠠᠲᠤ ᠴᠣᠭ᠍ᠴᠠᠯᠠᠬᠤ ᠶᠠᠪᠤᠳᠠᠯ ᠪᠣᠯᠤᠨ᠎ᠠ᠃

ᠨᠠᠮ᠎ᠤᠨ ᠲᠥᠪ ᠬᠣᠷᠢᠶᠠᠨ᠎ᠦ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ ᠶᠡᠷᠦᠩᠬᠡᠢ ᠴᠣᠭ᠍ᠴᠠ᠎ᠶᠢᠨ ᠤᠯᠤᠰ᠎ᠤᠨ ᠠᠮᠤᠷ ᠲᠦᠪᠱᠢᠨ᠎ᠦ ᠦᠵᠡᠯᠲᠡ᠎ᠶᠢ ᠭᠤᠢᠪᠢᠰᠢ ᠦᠭᠡᠢ ᠲᠤᠭᠤᠱᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠤᠨ ᠲᠣᠭᠣᠷᠢᠨ᠎ᠳᠤ ᠦᠨᠳᠦᠰᠦᠲᠡᠨ ᠨᠤᠭᠦᠳ᠎ᠤᠨ 2400 ᠲᠦᠮᠡ ᠭᠠᠷᠤᠢ ᠬᠥᠪᠡᠭᠦᠳ ᠥᠬᠢᠳ᠎ᠤᠨ ᠡᠭᠡ ᠤᠯᠤᠰ᠎ᠤᠨ᠎ᠢᠶᠠᠨ ᠬᠢᠯᠢ ᠬᠢᠵᠠᠭᠠᠷ᠎ᠢ ᠬᠠᠮᠲᠤ᠎ᠪᠠᠷ ᠰᠠᠬᠢᠨ ᠬᠠᠮᠠᠭᠠᠯᠠᠬᠤ᠂ ᠰᠠᠢ᠌ᠨ ᠰᠠᠢᠬᠠᠨ ᠠᠮᠢᠳᠤᠷᠠᠯ᠎ᠢ ᠬᠠᠮᠲᠤ᠎ᠪᠠᠷ ᠴᠣᠭ᠍ᠴᠠᠯᠠᠬᠤ ᠡᠷᠡᠰ ᠪᠠᠲᠤ ᠵᠣᠷᠢᠭ ᠰᠠᠨᠠᠭ᠎ᠠ ᠪᠤᠯᠤᠨ ᠣᠷᠭᠢᠯᠤᠮ᠎ᠠ ᠬᠠᠯᠠᠭᠤᠨ ᠰᠡᠳᠭᠢᠯᠭᠡ᠎ᠶᠢ ᠨᠢᠭ᠍ᠲᠠᠷᠠᠭᠤᠯᠪᠠ᠃

ᠭᠤᠤᠯ ᠱᠢᠵᠢᠮ᠎ᠢᠶᠠᠷ ᠬᠥᠲᠥᠯᠥᠨ ᠳᠠᠭᠠᠭᠤᠯᠵᠤ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠪᠠ

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠬᠡᠷᠬᠢᠨ ᠬᠥᠮᠦᠰ᠎ᠤᠨ ᠰᠡᠳᠭᠢᠯ᠎ᠳᠤ ᠭᠦᠨ ᠬᠠᠳᠠᠩᠱᠢᠭᠤᠯᠵᠤ᠂ ᠨᠢᠳᠤᠨ᠎ᠳᠤ ᠦᠵᠡᠭᠳᠡᠵᠤ ᠭᠠᠷ᠎ᠲᠤ ᠪᠠᠷᠢᠭᠳᠠᠮ᠎ᠠ ᠪᠤᠯᠭᠠᠬᠤ ᠪᠤᠢ?ᠥᠪᠥᠷ ᠮᠣᠩᠭᠣᠯ ᠱᠢᠰᠲ᠋ᠧᠮᠳᠤ ᠰᠡᠳᠭᠢᠬᠦᠶ᠎ᠪᠠᠷ ᠪᠠᠢᠷᠢᠯᠠᠭᠤᠯᠤᠯᠲᠠ ᠬᠢᠵᠦ᠍᠂ ᠯᠠᠪᠳᠠᠭᠤᠨ ᠪᠠᠲᠤᠲᠠᠶ ᠠᠵᠢᠯᠯᠠᠭ᠎ᠠ ᠪᠠᠷ᠎ᠢᠶᠠᠨ ᠪᠤᠳᠠᠳᠠᠢ ᠬᠠᠷᠢᠭᠤᠯᠲᠠ ᠥᠭ᠌ᠴᠠᠢ᠃

— ᠲᠦᠷᠢᠮ᠎ᠢᠶᠠᠷ ᠬᠥᠲᠥᠯᠪᠦᠷᠢ ᠪᠣᠯᠭᠠᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠪᠠ᠃ ᠥᠪᠥᠷ ᠮᠣᠩᠭᠣᠯ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠶ ᠠᠷᠭ᠎ᠠ ᠬᠡᠮᠵᠢᠶ᠎ᠡ ᠨᠤᠭᠦᠳ》ᠢ᠋ ᠲᠣᠭ᠍ᠲᠠᠭᠠᠨ ᠬᠡᠷᠡᠭ᠌ᠵᠢᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠤᠨ ᠲᠤᠱᠢᠶᠠᠯ ᠬᠠᠷᠢᠭᠤᠴᠠᠯᠭ᠎ᠠ᠎ᠶᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶᠢ ᠡᠯ᠎ᠡ ᠱᠠᠲᠤᠨ᠎ᠦ ᠨᠠᠮ ᠵᠠᠰᠠᠭ᠎ᠤᠨ ᠰᠠᠯᠠᠭ᠎ᠠ ᠮᠥᠴᠢᠷ᠂ ᠣᠯᠠᠨ ᠲᠦᠮᠡᠨ᠎ᠦ ᠪᠦᠯᠬᠦᠮ᠎ᠤᠨ ᠵᠣᠬᠢᠶᠠᠨ ᠪᠠᠢᠭᠤᠯᠤᠯᠲᠠ᠂ ᠠᠵᠢᠯ ᠦᠶ᠋ᠯᠡᠰ᠎ᠤᠨ ᠨᠢᠭᠡᠴᠢ ᠵᠢᠨ《ᠭᠤᠷᠪᠠ᠎ᠶᠢ ᠲᠣᠭ᠍ᠲᠠᠭᠠᠬᠤ》ᠲᠣᠭ᠍ᠲᠠᠭᠠᠯ ᠪᠠ ᠬᠡᠷᠡᠭ ᠶᠠᠪᠤᠳᠠᠯ᠎ᠢ ᠵᠥᠪᠯᠡᠵᠦ᠍ ᠵᠣᠬᠢᠴᠠᠭᠤᠯᠬᠤ ᠪᠠᠢᠭᠤᠯᠤᠮᠵᠢ᠎ᠶᠢᠨ ᠠᠵᠢᠯ᠎ᠤᠨ ᠲᠦᠷᠢᠮ᠎ᠳᠤ ᠪᠢᠴᠢᠵᠦ᠍ ᠣᠷᠣᠭᠤᠯᠬᠤ᠎ᠶᠢ ᠠᠬᠢᠭᠤᠯᠪᠠ᠃

— ᠰᠤᠳᠤᠯᠭᠠᠨ᠎ᠢᠶᠠᠷ ᠰᠠᠭᠤᠷᠢ ᠪᠣᠯᠭᠠᠵᠤ᠂ ᠨᠠᠷᠢᠨ ᠠᠭᠤᠯᠭ᠎ᠠ᠎ᠶᠢ ᠪᠠᠶᠠᠯᠢᠭᠵᠢᠭᠤᠯᠪᠠ᠃ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢᠨ ᠰᠤᠳᠤᠯᠭᠠᠨ᠎ᠦ ᠢᠨᠵᠧᠨᠧᠷᠢᠩ᠎ᠢ ᠢᠳᠡᠪᠬᠢᠲᠡᠶ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠦ ᠲᠥᠪ᠎ᠢ ᠪᠠᠢᠭᠤᠯᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠦ ᠲᠠᠰ᠎ᠤᠨ ᠣᠨᠣᠯ᠎ᠤᠨ ᠰᠤᠳᠤᠯᠭᠠᠨ᠎ᠦ ᠰᠠᠭᠤᠷᠢᠨ᠂ ᠰᠤᠷᠭᠠᠨ ᠬᠥᠮᠦᠵᠢᠯ᠎ᠤᠨ ᠦᠶ᠋ᠯᠡᠳᠦᠯᠭᠡ᠎ᠶᠢᠨ ᠰᠠᠭᠤᠷᠢᠨ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠳᠤ ᠪᠠᠲᠤ ᠪᠠᠬᠢ ᠶᠣᠰᠣ ᠵᠦᠢ᠎ᠶᠢᠨ ᠲᠤᠯᠭᠠᠭᠤᠷᠢᠯᠠᠯ ᠬᠠᠩᠭᠠᠪᠠ᠃

— ᠦᠶ᠋ᠯᠡᠳᠦᠯᠭᠡ᠎ᠪᠠᠷ ᠭᠤᠤᠯᠳᠠᠯᠭ᠎ᠠ ᠪᠣᠯᠭᠠᠵᠤ᠂ ᠰᠤᠷᠤᠯᠴᠠᠯᠭ᠎ᠠ ᠬᠦᠮᠦᠵᠢᠯ᠎ᠢ ᠴᠢᠡᠭᠭᠠᠳᠬᠠᠪᠠ᠃ ᠥᠪᠥᠷ ᠮᠣᠩᠭᠣᠯ《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》ᠣᠯᠠᠨ ᠲᠦᠮᠡᠨᠴᠢ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶᠢ ᠡᠭᠦᠳᠦᠨ ᠪᠠᠢᠭᠤᠯᠬᠤ ᠠᠵᠢᠯᠯᠠᠭ᠎ᠠ᠎ᠶᠢ ᠭᠦᠨᠵᠡᠭᠡᠶ ᠥᠷᠨᠢᠭᠦᠯᠤᠨ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠬᠦᠯᠵᠤ᠂ ᠦᠨᠳᠦᠰᠦᠲᠡᠨ ᠨᠤᠭᠦᠳ᠎ᠤᠨ ᠪᠥᠬᠥ᠌ ᠲᠠᠯ᠎ᠠ᠎ᠪᠠᠷ ᠠᠭᠤᠰᠤᠯᠴᠠᠨ ᠱᠢᠭᠢᠳᠭᠡᠬᠦ᠌᠎ᠶᠢ ᠶᠡᠬᠡ᠎ᠪᠠᠷ ᠠᠬᠢᠭᠤᠯᠵᠤ᠂ ᠦᠨᠳᠦᠰᠦᠲᠡᠨ ᠨᠤᠭᠦᠳ᠎ᠤᠨ ᠣᠯᠠᠨ ᠲᠦᠮᠡᠨ᠎ᠢ ᠬᠥᠷᠰᠢ ᠵᠡᠷᠭᠡᠯᠡᠳᠡᠭᠡ᠎ᠶᠢᠨ᠎ᠬᠢᠨ ᠲᠡᠶ᠎ᠪᠠᠨ ᠳᠣᠲᠣᠨᠣᠴᠢᠯᠠᠵᠤ᠂ ᠠᠮᠤᠷ ᠲᠠᠢᠪᠤᠩ ᠠᠵᠤ ᠲᠦᠷᠦᠭᠦ᠌ ᠵᠣᠯ ᠵᠢᠷᠭᠠᠯ᠎ᠤᠨ ᠲᠤᠤᠷ᠎ᠢ ᠬᠠᠮᠲᠤ᠎ᠪᠠᠷ ᠰᠦᠯᠵᠢᠪᠡ᠃

ᠥᠪᠥᠷ ᠮᠣᠩᠭᠣᠯ 《ᠲᠣᠭ᠍ᠲᠠᠭᠤᠨ》ᠵᠢᠡᠷ ᠦᠨᠳᠤᠰᠤ ᠰᠠᠭᠤᠷᠢ ᠪᠤᠯᠭᠠᠨ᠂ ᠠᠵᠢᠯ᠎ᠤᠨ ᠭᠤᠤᠯ ᠱᠢᠵᠢᠮ᠎ᠢ ᠬᠥᠭ᠌ᠵᠢᠯᠲᠡ᠎ᠳᠤ ᠠᠭᠤᠰᠭᠠᠨ ᠣᠷᠣᠭᠤᠯᠵᠤ᠂ ᠦᠨᠢ ᠡᠬᠦᠷᠢᠳᠡ ᠠᠮᠤᠷ ᠲᠦᠪᠰᠢᠨ ᠪᠠᠢᠬᠤ᠎ᠶᠢᠨ 《ᠭᠤᠤᠯ ᠲᠤᠯᠭᠠᠭᠤᠷᠢ》᠎ᠶᠢ ᠪᠤᠰᠬᠠᠯ᠎ᠠ᠃

ᠬᠢᠯᠢ ᠬᠢᠵᠠᠭᠠᠷ᠎ᠢ ᠬᠦᠴᠦᠷᠬᠡᠭ᠌ᠵᠢᠭᠦᠯᠤᠨ ᠰᠡᠷᠭᠡᠢᠯᠡᠯᠲᠡ᠎ᠶᠢ ᠪᠡᠬᠢᠵᠢᠭᠦᠯᠵᠦ᠍ 《ᠪᠤᠯᠤᠳ ᠬᠡᠷᠡᠮ》᠎ᠢ ᠴᠣᠭ᠍ᠴᠠᠯᠠᠪᠠ

ᠡᠪᠦᠯ᠎ᠤᠨ ᠡᠬᠢᠨ᠎ᠦ ᠪᠠᠶᠠᠨᠨᠠᠭᠤᠷ᠎ᠤᠨ ᠲᠡᠭᠷᠢ ᠨᠢ ᠴᠡᠯᠮᠡᠭ ᠠᠭᠠᠷ ᠨᠢ ᠲᠠᠭᠠᠯᠠᠮᠵᠢᠳᠠᠢ᠃ ᠤᠷᠠᠳ᠎ᠤᠨ ᠳᠤᠮᠳᠠᠳᠤ ᠬᠣᠱᠢᠭᠤᠨ᠎ᠦ ᠪᠠᠶᠠᠠᠠᠤᠯᠠᠭᠠᠨ ᠰᠤᠮᠤ᠎ᠶᠢᠨ ᠵᠡᠭᠦᠨ ᠤᠰᠤ ᠭᠠᠴᠠᠭ᠎ᠠ᠎ᠶᠢᠨ ᠬᠢᠯᠢ ᠬᠠᠮᠠᠭᠠᠯᠠᠭ᠍ᠴᠢ ᠶᠠᠩ ᠳ᠋ᠦᠩ 40 ᠭᠠᠷᠤᠢ ᠺᠢᠯᠤᠮᠸᠲᠷ᠎ᠤᠨ ᠬᠢᠯᠢ᠎ᠶᠢᠨ ᠱᠤᠭᠤᠮ᠎ᠢ ᠰᠠᠬᠢᠨ ᠬᠠᠮᠠᠭᠠᠯᠠᠬᠰᠠᠭᠠᠷ ᠡᠳᠤᠭᠡ᠎ᠳᠤ ᠬᠦᠷᠴᠠᠢ᠃ ᠲᠡᠷᠡ᠎ᠪᠠᠷ 2004 ᠣᠨ᠎ᠳᠤ ᠴᠡᠷᠢᠭ᠎ᠤᠨ ᠠᠯᠪᠠ᠎ᠡᠴᠡ ᠬᠠᠯᠠᠭ᠍ᠳᠠᠨ ᠨᠤᠲᠤᠭ ᠲᠠᠭᠠᠨ ᠪᠤᠴᠠᠬᠰᠠᠨ᠎ᠦ ᠲᠠᠷᠠᠭ᠎ᠠ ᠠᠪᠤ᠎ᠶᠢᠨ᠎ᠢᠶᠠᠨ ᠭᠠᠷ᠎ᠡᠴᠡ ᠬᠢᠯᠢ ᠴᠠᠭᠳᠠᠬᠤ ᠳᠤᠷᠠᠨ᠎ᠢ ᠲᠤᠰᠤᠨ ᠠᠪᠴᠦ᠂ ᠬᠢᠯᠢ ᠰᠠᠬᠢᠬᠤ ᠲᠠᠷᠬᠠᠨ ᠬᠦᠨᠳᠦ ᠬᠠᠷᠢᠭᠤᠴᠠᠯᠭ᠎ᠠ᠎ᠶᠢ ᠡᠬᠦᠷᠭᠡᠯᠡᠭᠰᠡᠨ ᠪᠠᠢᠨ᠎ᠠ᠃

ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠨᠢ ᠨᠢᠭᠡ ᠬᠥᠮᠦᠨ᠎ᠦ ᠶᠠᠪᠤᠳᠠᠯ ᠪᠢᠰᠢ᠂ ᠨᠡᠡᠭ ᠴᠸ᠋ ᠨᠢᠭᠡ ᠦᠶ᠎ᠡ᠎ᠶᠢᠨ ᠬᠥᠮᠦᠨ᠎ᠦ ᠶᠠᠪᠤᠳᠠᠯ ᠪᠢᠰᠢ ᠶᠤᠮ᠃ ᠬᠢᠯᠢ᠎ᠶᠢᠨ ᠱᠤᠭᠤᠮ᠎ᠢ ᠲᠠᠭᠠᠨ ᠠᠮᠢᠳᠤᠷᠠᠵᠤ ᠪᠠᠢᠭ᠎ᠠ ᠮᠠᠯᠴᠢᠨ ᠨᠢᠭᠡᠪᠦᠷᠢ ᠴᠥᠮ ᠬᠠᠷᠠᠭᠤᠯ᠎ᠤᠨ ᠴᠡᠷᠢᠭ ᠪᠠᠢᠵᠤ᠂ ᠮᠣᠩᠭᠣᠯ ᠭᠡᠷ ᠨᠢᠭᠡᠪᠦᠷᠢ ᠴᠥᠮ ᠬᠠᠷᠠᠭᠤᠯ᠎ᠤᠨ ᠭᠠᠵᠠᠷ ᠪᠠᠢᠵᠤ᠂ ᠬᠠᠮᠲᠤ᠎ᠪᠠᠷ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶᠢ ᠪᠡᠬᠢᠵᠢᠭᠦᠯᠬᠦ᠌ ᠪᠤᠯᠤᠳ ᠬᠡᠷᠡᠮ ᠲᠡᠮᠦᠷ ᠴᠠᠢᠵᠠ᠎ᠶᠢ ᠪᠦᠷᠢᠯᠳᠦᠭᠦᠯᠦᠭᠰᠡᠨ ᠪᠢᠯᠡ᠃

ᠬᠢᠯᠢ ᠎ᠬᠢᠵᠠᠭᠠᠷ᠎ᠤᠨ ᠪᠠᠳᠤ ᠪᠡᠬᠢ ᠨᠢ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠬᠠᠬᠤ᠎ᠳᠤ ᠪᠤᠢ᠃ ᠥᠪᠥᠷ ᠮᠣᠩᠭᠣᠯ 《ᠨᠠᠮ᠎ᠤᠨ ᠬᠣᠷᠢᠶ᠎ᠠ ᠴᠢᠭ᠌ᠯᠡᠯ᠎ᠢ ᠡᠵᠡᠮᠳᠡᠵᠦ᠍᠂ ᠵᠠᠰᠠᠭ᠎ᠤᠨ ᠣᠷᠳᠣᠨ ᠶᠡᠷᠦᠩᠬᠡᠶ ᠵᠣᠬᠢᠴᠠᠭᠤᠯᠭ᠎ᠠ ᠬᠢᠵᠦ᠍᠂ ᠴᠡᠷᠢᠭ ᠠᠩᠭᠢ ᠭᠤᠤᠯ ᠬᠦᠴᠦᠨ ᠪᠣᠯᠵᠣ᠂ ᠴᠠᠭ᠍ᠳᠠᠭᠠᠨ᠎ᠦ ᠲᠠᠯ᠎ᠠ᠎ᠶᠢᠨ ᠬᠢᠨ ᠵᠠᠰᠠᠯᠲᠠ᠎ᠶᠢ ᠠᠳᠭᠤᠵᠤ᠂ ᠠᠷᠠᠳ ᠣᠯᠠᠨ᠎ᠢᠶᠠᠷ ᠰᠠᠭᠤᠷᠢ ᠪᠣᠯᠭᠠᠭ᠍ᠰᠠᠨ》 ᠬᠢᠯᠢ᠎ᠶᠢᠨ ᠬᠠᠮᠠᠭᠠᠯᠠᠯᠲᠠ᠎ᠶᠢᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠦᠷᠭᠦᠯᠵᠢᠯᠡᠨ ᠪᠠᠢᠭᠤᠯᠤᠨ ᠬᠦᠴᠦᠷᠬᠡᠭ᠌ᠵᠢᠭᠦᠯᠵᠦ᠍᠂ ᠬᠢᠯᠢ᠎ᠶᠢᠨ ᠭᠠᠵᠠᠷ ᠣᠷᠣᠨ᠎ᠦ ᠣᠯᠠᠨ ᠲᠦᠮᠡᠨ᠎ᠦ ᠬᠠᠮᠠᠭᠠᠯᠠᠯᠲᠠ᠎ᠶᠢᠨ ᠡᠩᠨᠡᠭᠡ᠎ᠶᠢᠨ ᠪᠠᠢᠭᠤᠯᠤᠯᠲᠠ᠎ᠶᠢ ᠲᠠᠰᠤᠷᠠᠯᠲᠠ ᠥᠬᠡᠶ ᠴᠢᠩᠭᠠᠳᠭᠠᠨ᠂ ᠬᠢᠯᠢ ᠬᠠᠮᠠᠭᠠᠯᠠᠭ᠍ᠴᠢ᠎ᠶᠢ ᠪᠠᠢᠩᠭᠤ ᠵᠣᠬᠢᠶᠠᠨ ᠪᠠᠢᠭᠤᠯᠵᠤ ᠬᠢᠯᠢ ᠬᠢᠵᠠᠭᠠᠷ᠎ᠢ ᠬᠠᠮᠠᠭᠠᠯᠠᠬᠤ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠬᠢᠵᠦ᠍᠂ 《ᠬᠢᠯᠢ ᠬᠠᠮᠠᠭᠠᠯᠠᠬᠤ ᠥᠷᠲᠡᠭᠡ》᠂ 《ᠮᠣᠩᠭᠣᠯ ᠬᠡᠷ᠎ᠤᠨ ᠬᠠᠷᠠᠭᠤᠯ᠎ᠤᠨ ᠭᠠᠵᠠᠷ》 ᠵᠡᠷᠭᠡ ᠤᠨᠴᠠᠯᠢᠬ᠍ᠳᠤ ᠠᠷᠭ᠎ᠠ ᠪᠠᠷᠢᠯ᠎ᠢ ᠶᠡᠬᠡ᠎ᠪᠠᠷ ᠳᠡᠯᠭᠡᠷᠡᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠱᠢᠨ ᠲᠣᠭ᠍ᠲᠠᠭᠤᠨ᠎ᠦ ᠬᠠᠯᠬᠠᠪᠴᠢ᠎ᠶᠢ ᠡᠳᠦᠷ ᠢᠷᠡᠬᠦᠶ᠎ᠡ ᠪᠡᠬᠢᠵᠢᠬᠦᠯᠪᠡ᠃

ᠬᠢᠯᠢ ᠬᠢᠵᠠᠭᠠᠷ᠎ᠤᠨ ᠪᠠᠲᠤ ᠪᠡᠬᠢ ᠨᠢ ᠬᠢᠯᠢ ᠎ᠬᠢᠵᠠᠭᠠᠷ᠎ᠢ ᠬᠦᠭᠵᠢᠬᠦᠯᠵᠤ ᠠᠷᠠᠳ᠎ᠢ ᠪᠠᠶᠠᠵᠢᠭᠤᠯᠬᠤ᠎ᠳᠤ ᠪᠤᠢ᠃ ᠥᠪᠥᠷ ᠮᠣᠩᠭᠣᠯ ᠠᠷᠠᠳ᠎ᠤᠨ ᠠᠮᠢᠳᠤᠷᠠᠯ᠎ᠤᠨ ᠦᠶ᠋ᠯᠡᠴᠢᠯᠡᠭᠡᠨ᠎ᠦ ᠳᠤᠲᠠᠭᠤᠳᠠᠯ᠎ᠢ ᠬᠦᠴᠦᠯᠡᠨ ᠨᠦᠬᠦᠪᠤᠷᠢᠯᠡᠵᠤ᠂ 《ᠤᠰᠤ ᠴᠠᠬᠢᠯᠭᠠᠨ ᠵᠠᠮ ᠬᠠᠷᠢᠯᠴᠠᠭ᠎ᠠ ᠴᠢᠮᠡᠭᠡ ᠬᠣᠯᠪᠣᠭ᠎ᠠ》 ᠵᠡᠷᠭᠡ ᠰᠠᠭᠤᠷᠢ ᠲᠦᠬᠦᠭᠡᠷᠤᠮᠵᠢ᠎ᠶᠢᠨ ᠨᠢᠭᠡ ᠴᠣᠭ᠍ᠴᠠᠵᠢᠭᠤᠯᠤᠬᠰᠠᠨ ᠪᠥᠲᠥᠭᠡᠨ ᠪᠠᠢᠭᠤᠯᠤᠯᠲᠠ᠎ᠶᠢᠨ ᠭᠤᠷᠪᠠᠨ ᠵᠢᠯ᠎ᠤᠨ ᠠᠵᠢᠯᠯᠠᠭ᠎ᠠ᠎ᠶᠢ ᠠᠬᠢᠭᠤᠯᠤᠨ᠂ 《ᠡᠴᠦᠰ᠎ᠤᠨ ᠨᠢᠭᠡ ᠺᠢᠯᠣᠮᠧᠲ᠋ᠷ》ᠤ᠋ᠨ ᠠᠰᠠᠭᠤᠳᠠᠯ᠎ᠢ ᠱᠢᠶ᠋ᠳᠪᠦᠷᠢᠯᠡᠵᠤ᠂ ᠤᠰᠤ ᠬᠠᠩᠭᠠᠬᠤ ᠬᠤᠳᠳᠤᠭ᠎ᠢ 2058 ᠮᠠᠯᠳᠠᠨ ᠤᠰᠤᠨ ᠵᠣᠭᠣᠷᠢ᠎ᠶᠢ 1883 ᠪᠠᠢᠭᠤᠯᠤᠭᠰᠠᠨ᠎ᠡᠴᠡ ᠭᠠᠳᠠᠨ᠎ᠠ 9746 ᠺᠢᠯᠣᠮᠧᠲ᠋ᠷ᠎ᠤᠨ ᠴᠠᠬᠢᠯᠭᠠᠨ ᠬᠠᠩᠭᠠᠬᠤ ᠱᠤᠭᠤᠮ᠎ᠢ ᠱᠢᠨ᠎ᠡ᠎ᠪᠠᠷ ᠪᠠᠢᠭᠤᠯᠤᠨ ᠥᠭᠡᠷᠡᠴᠢᠯᠡᠵᠦ᠍᠂ ᠡᠯ᠎ᠡ ᠲᠠᠰ᠎ᠤᠨ ᠵᠠᠰᠠᠮᠠᠯ ᠵᠠᠮ᠎ᠢ 1676 ᠺᠢᠯᠣᠮᠧᠲ᠋ᠷ ᠨᠡᠪᠲᠡᠷᠡᠭᠦᠯᠦᠨ᠂ ᠬᠢᠯᠢ ᠬᠢᠵᠠᠭᠠᠷ᠎ᠤᠨ ᠰᠠᠭᠤᠷᠢ ᠥᠷᠲᠡᠭᠡ᠎ᠶᠢ 633 ᠪᠠᠢᠭᠤᠯᠵᠤ᠂ 6966 ᠺᠢᠯᠣᠮᠧᠲ᠋ᠷ᠎ᠤᠨ ᠭᠡᠷᠡᠯᠯᠢᠭ ᠤᠳᠠᠰᠤ ᠲᠠᠳᠠᠵᠤ᠂ ᠬᠢᠯᠢ ᠬᠢᠵᠠᠭᠠᠷ ᠤᠷᠤᠨ᠎ᠦ ᠰᠠᠭᠤᠷᠢ ᠦᠶ᠋ᠯᠡᠴᠢᠯᠡᠭᠡᠨ᠎ᠦ ᠪᠠᠲᠤᠯᠠᠭ᠎ᠠ᠎ᠶᠢᠨ ᠲᠦᠪᠱᠢᠨ᠎ᠢ ᠶᠡᠬᠡ᠎ᠪᠠᠷ ᠳᠡᠭᠡᠭ᠌ᠰᠢᠯᠡᠭᠦᠯᠪᠡ᠃

ᠥᠪᠥᠷ ᠮᠣᠩᠭᠣᠯ ᠬᠢᠯᠢ᠎ᠶᠢᠨ ᠠᠮᠤᠷ ᠲᠦᠪᠱᠢᠨ᠎ᠢᠶᠠᠷ ᠬᠢᠯᠢ ᠬᠢᠵᠠᠭᠠᠷ᠎ᠤᠨ ᠲᠣᠭ᠍ᠲᠠᠭᠤᠨ᠎ᠢ ᠪᠠᠳᠤᠯᠠᠵᠤ᠂ ᠬᠢᠯᠢ ᠬᠢᠵᠠᠭᠠᠷ᠎ᠢ ᠬᠥᠭ᠌ᠵᠢᠭᠦᠯᠵᠤ ᠠᠷᠠᠳ᠎ᠢ ᠪᠠᠶᠠᠵᠢᠭᠤᠯᠤᠭ᠍ᠰᠠᠨ ᠦᠷ᠎ᠡ ᠪᠦᠲᠦᠭᠡᠯ᠎ᠢᠶᠠᠷ ᠡᠬᠡ ᠤᠯᠤᠰ᠎ᠤᠨ ᠤᠮᠠᠷᠠᠲᠤ᠎ᠶᠢᠨ ᠦᠵᠡᠮᠵᠢ᠎ᠶᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠪᠠ᠃

ᠨᠠᠷᠢᠯᠢᠭ ᠵᠠᠰᠠᠵᠤ ᠴᠢᠳᠠᠮᠠᠭᠠᠶ ᠵᠠᠰᠠᠵᠤ ᠠᠮᠤᠷ ᠲᠦᠪᠱᠢᠨ᠎ᠦ ᠰᠠᠭᠤᠷᠢ᠎ᠶᠢ ᠪᠡᠬᠢᠵᠢᠭᠦᠯᠪᠡ

ᠨᠡᠢᠭᠡᠮ᠎ᠤᠨ ᠲᠣᠭ᠍ᠲᠠᠭᠤᠨ ᠪᠠ ᠠᠮᠤᠷ ᠲᠦᠪᠱᠢᠨ ᠪᠣᠯ ᠠᠷᠠᠳ ᠲᠦᠮᠡᠨ᠎ᠦ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠪᠠᠰᠠ ᠴᠤ᠌ ᠡᠬᠡ ᠤᠯᠤᠰ᠎ᠤᠨ ᠤᠮᠠᠷᠠᠲᠤ ᠬᠢᠯᠢ᠎ᠶᠢᠨ ᠠᠮᠤᠷ ᠲᠦᠪᠱᠢᠨ ᠲᠣᠭ᠍ᠲᠠᠭᠤᠨ᠎ᠦ ᠬᠠᠯᠬᠠᠪᠴᠢ᠎ᠶᠢ ᠪᠠᠲᠤ ᠴᠣᠭ᠍ᠴᠠᠯᠠᠬᠤ ᠵᠢᠨ 《ᠵᠠᠪᠠᠯ ᠰᠣᠩᠭᠣᠬᠤ ᠵᠦᠶ᠋ᠯ》 ᠶᠤᠮ᠃

ᠥᠪᠥᠷ ᠮᠣᠩᠭᠣᠯ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠤᠨ ᠪᠥᠲᠥᠭᠡᠨ ᠪᠠᠢᠭᠤᠯᠬᠤ ᠲᠤᠬᠠᠢ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠵᠤ᠂ ᠱᠢᠶᠠᠨ ᠱᠢᠶᠠᠩ ᠬᠣᠶᠠᠷ ᠱᠠᠲᠤᠨ᠎ᠦ ᠶᠡᠷᠦᠩᠬᠡᠢᠯᠡᠨ ᠵᠠᠰᠠᠬᠤ ᠲᠥᠪ᠎ᠤᠨ《ᠲᠠᠪᠤ ᠪᠠᠢᠬᠤ》 ᠨᠣᠷᠮ᠎ᠠ᠎ᠶᠢ 100%᠎ᠳᠤ ᠬᠦᠷᠬᠡᠨ᠂ ᠣᠯᠠᠨ ᠲᠦᠮᠡᠨ᠎ᠦ ᠵᠥᠷᠢᠴᠡᠯ ᠵᠠᠭᠤᠷᠠᠯᠳᠤᠭᠠᠨ᠎ᠢ 《ᠨᠢᠭᠡ ᠯᠡ ᠭᠠᠵᠠᠷ᠎ᠲᠤ ᠱᠢᠶ᠋ᠳᠪᠦᠷᠢᠯᠡᠬᠦ᠌》᠎ᠶᠢ ᠪᠡᠶᠡᠯᠡᠭᠦᠯᠪᠡ᠃ ᠡᠭᠦᠨ᠎ᠦ ᠬᠠᠮᠲᠤ 《ᠨᠠᠮ᠎ᠤᠨ ᠳᠤᠭᠤᠢᠯᠠᠩ + ᠲᠤᠤᠷᠵᠢᠯ᠎ᠤᠨ ᠠᠵᠢᠯᠲᠠᠨ + ᠬᠣᠯᠪᠣᠭᠠᠲᠤ ᠡᠷᠦᠬᠡ᠎ᠶᠢᠨ ᠳᠠᠷᠤᠭ᠎ᠠ(ᠤᠷᠤᠴᠠ᠎ᠶᠢᠨ ᠳᠠᠷᠤᠭ᠎ᠠ)》ᠵᠢᠨ ᠦᠨᠳᠦᠰᠦᠨ ᠱᠠᠲᠤᠨ᠎ᠦ ᠪᠢᠴᠢᠯ ᠵᠠᠰᠠᠯᠲᠠ᠎ᠶᠢᠨ ᠲᠣᠭ᠍ᠲᠠᠴᠠ᠎ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠣᠯᠠᠨ ᠲᠦᠮᠡᠨ᠎ᠳᠤ ᠳᠥᠭᠥᠮ ᠳᠥᠲᠡ ᠡᠶᠡᠳᠡᠭᠦᠯᠬᠦ᠌ ᠦᠶ᠋ᠯᠡᠴᠢᠯᠡᠭᠡ ᠬᠠᠩᠭᠠᠵᠤ ᠪᠠᠢᠨ᠎ᠠ᠃

ᠠᠶᠤᠯᠬᠦᠢ ᠦᠶ᠋ᠯᠡᠳᠪᠦᠷᠢᠯᠡᠯ ᠪᠠ ᠪᠠᠢᠭᠠᠯᠢ᠎ᠶᠢᠨ ᠭᠠᠮᠱᠢᠭ᠎ᠤᠨ ᠠᠶᠤᠯ ᠲᠦᠭ᠌ᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ ᠵᠠᠮ ᠬᠠᠷᠢᠯᠴᠠᠭ᠎ᠠ᠂ ᠢᠳᠡᠭᠡᠨ ᠪᠠ ᠡᠮ᠎ᠤᠨ ᠵᠦᠶ᠋ᠯ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠱᠢᠨ ᠵᠡᠷᠭᠡ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠬᠦᠨᠳᠦ ᠶᠡᠬᠡ ᠭᠡᠨᠡᠳᠲᠡ᠎ᠶᠢᠨ ᠣᠯᠠᠨ ᠨᠡᠢᠲᠡ᠎ᠶᠢᠨ ᠬᠡᠷᠡᠭ᠎ᠢ ᠱᠢᠶ᠋ᠳᠪᠦᠷᠢᠯᠡᠬᠦ᠌ ᠪᠠᠲᠤᠯᠠᠭ᠎ᠠ᠎ᠶᠢᠨ ᠱᠢᠰᠲ᠋ᠧᠮ᠎ᠢ ᠪᠦᠷᠢᠨᠱᠢᠬᠦᠯᠥᠨ᠂ ᠣᠯᠠᠨ ᠲᠦᠮᠡᠨ᠎ᠦ ᠠᠮᠤᠷ ᠲᠦᠪᠱᠢᠨ᠎ᠢ ᠬᠠᠮᠠᠭᠠᠯᠠᠬᠤ᠂ ᠣᠯᠠᠨ ᠲᠦᠮᠡᠨ᠎ᠦ ᠡᠷᠬᠡ ᠠᠱᠢᠭ᠎ᠢ ᠪᠠᠲᠤᠯᠠᠬᠤ ᠴᠢᠳᠠᠪᠤᠷᠢ ᠪᠠ ᠲᠦᠪᠰᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠤ ᠪᠠᠢᠨ᠎ᠠ᠃

ᠵᠠᠰᠠᠯᠲᠠ᠎ᠶᠢᠨ ᠡᠷᠴᠢᠮ᠎ᠢ ᠦᠢᠯᠡ ᠠᠵᠢᠯᠯᠠᠭ᠎ᠠ ᠳ᠋ᠠᠭᠠᠨ ᠢᠯᠡᠷᠡᠭᠦᠯᠵᠤ᠂ ᠠᠷᠠᠳ᠎ᠤᠨ ᠰᠡᠳᠭᠢᠯ᠎ᠳᠤ ᠬᠠᠳᠠᠩᠰᠢᠭᠤᠯᠤᠨ᠎ᠠ᠃ ᠥᠪᠥᠷ ᠮᠣᠩᠭᠣᠯ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠣᠯᠠᠨ ᠲᠦᠮᠡᠨ᠎ᠢ ᠲᠦᠪᠡᠭ᠌ᠰᠢᠶᠡᠵᠤ ᠪᠠᠢ᠌ᠭ᠎ᠠ ᠶᠠᠪᠤᠳᠠᠯ᠎ᠢᠶᠠᠨ ᠬᠤᠯᠠ ᠶᠠᠪᠤᠬᠤ ᠦᠬᠡᠢ᠎ᠪᠠᠷ ᠬᠡᠷ᠎ᠤᠨ᠎ᠢᠶᠠᠨ ᠡᠭᠦᠳᠡᠨ᠎ᠳᠤ ᠱᠢᠶ᠋ᠳᠪᠦᠷᠢᠯᠡᠵᠦ᠍ ᠳᠡᠢᠯᠬᠦ᠌ ᠪᠣᠯᠭᠠᠪᠠ; ᠨᠡᠢᠭᠡᠮ᠎ᠤᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠰᠡᠷᠭᠡᠢᠯᠡᠨ ᠡᠵᠡᠮᠳᠡᠬᠦ᠌᠎ᠶᠢ ᠴᠢᠩᠭᠠᠳᠭᠠᠵᠤ᠂ 《ᠤᠯᠠᠨ ᠨᠡᠢᠲᠡ᠎ᠶᠢᠨ ᠠᠮᠤᠷ ᠲᠦᠪᠱᠢᠨ᠎ᠦ ᠸᠢᠳᠢᠣ᠋ ᠬᠢᠨᠠᠨ ᠡᠵᠡᠮᠳᠡᠯ᠎ᠤᠨ ᠪᠠᠢᠭᠤᠯᠤᠯᠲᠠ ᠬᠡᠷᠡᠭ᠌ᠯᠡᠯᠲᠡ》᠎ᠶᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠎ᠠ᠎ᠶᠢ ᠪᠠᠢᠷᠢᠯᠠᠭᠤᠯᠪᠠ; ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶᠢ ᠵᠢᠷᠤᠮᠵᠢᠭᠤᠯᠬᠤ ᠲᠤᠰᠭᠠᠢ ᠠᠵᠢᠯᠯᠠᠭ᠎ᠠ ᠥᠷᠨᠢᠭᠦᠯᠵᠦ᠍᠂ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠡᠪᠳᠡᠭ᠌ᠰᠡᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠴᠢᠩᠭ᠎ᠠ ᠱᠢᠳᠭᠡᠪᠡ ᠁ ᠤᠯᠠᠨ ᠲᠦᠮᠡᠨ᠎ᠦ ᠨᠡᠢᠭᠡᠮ᠎ᠤᠨ ᠠᠮᠤᠷ ᠲᠦᠪᠱᠢᠨ᠎ᠳᠤ ᠰᠡᠳᠭᠢᠯ ᠬᠠᠨᠤᠮᠵᠢᠲᠠᠢ ᠪᠠᠢᠬᠤ ᠬᠡᠮᠵᠢᠢ᠎ᠡ 《ᠠᠷᠪᠠᠨ ᠭᠤᠷᠪᠠᠳᠤᠭᠠᠷ ᠲᠠᠪᠤᠨ ᠵᠢᠯ》ᠤ᠋ᠨ ᠬᠤᠭᠤᠴᠠᠭᠠᠨ᠎ᠦ ᠬᠢ᠎ᠡᠴᠡ ᠵᠠᠭᠤᠨ᠎ᠦ ᠬᠠᠷᠢᠴᠠᠯ᠎ᠢᠶᠠᠷ 7.8 ᠬᠤᠪᠢ ᠳᠡᠭᠡᠭ᠌ᠰᠢᠯᠡᠵᠦ᠍᠂ ᠪᠦᠬᠦ ᠤᠷᠤᠨ᠎ᠦ ᠠᠷᠠᠳ ᠲᠦᠮᠡᠨ ᠠᠮᠤᠷ ᠵᠢᠮᠦᠷ ᠠᠵᠤ ᠲᠦᠷᠤᠵᠤ ᠪᠠᠢᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ