ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠮᠠᠨ᠎ᠤ ᠣᠷᠣᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭ᠎ᠠ ᠪᠠᠢᠭᠤᠯᠬᠤ ᠡᠭᠦᠷᠭᠡ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-11-26

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ ᠄ ᠮᠠᠨ᠎ᠤ ᠣᠷᠣᠨ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭ᠎ᠠ ᠪᠠᠢᠭᠤᠯᠬᠤ ᠡᠯ᠎ᠡ ᠵᠦᠢᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠥᠬᠥ ᠣᠷᠣᠨ᠎ᠤ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶᠢ ᠨᠢᠭᠡᠨᠲᠡ 《ᠰᠠᠭᠤᠷᠢ᠎ᠶᠢ ᠴᠣᠭᠴᠠᠯᠠᠨ ᠪᠠᠶ᠋ᠢᠭᠤᠯᠬᠤ》᠎ᠡᠴᠡ 《ᠭᠦᠨᠵᠡᠭᠡᠢ ᠬᠡᠷᠡᠭᠯᠡᠬᠦ》 ᠲᠡᠢᠰᠢ ᠠᠬᠢᠭᠤᠯᠪᠠ᠃ 

2021 ᠣᠨ᠎ᠤ 6 ᠳ᠋ᠤᠭᠠᠷ ᠰᠠᠷ᠎ᠠ᠎ᠶᠢᠨ 1᠎ᠦ ᠡᠳᠦᠷ᠂ ᠥᠪᠥᠷ ᠮᠣᠩᠭᠣᠯ᠎ᠤᠨ ᠨᠡᠢᠭᠡᠮ᠎ᠦᠨ ᠢᠲᠡᠭᠡᠮᠵᠢ᠎ᠶᠢᠨ ᠲᠣᠭᠲᠠᠯᠴᠠᠭ᠎ᠠ᠎ᠶᠢᠨ ᠪᠠᠢᠭᠤᠯᠤᠯᠲᠠ᠎ᠶᠢᠨ ᠲᠤᠬᠠᠢ ᠠᠩᠬᠠᠳᠠᠭ᠍ᠴᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭᠠᠯ ᠪᠣᠯᠬᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠳᠦᠷᠢᠮ》᠎ᠢ ᠵᠢᠩᠬᠢᠨᠢ᠎ᠪᠡᠷ ᠬᠡᠷᠡᠭᠵᠢᠭᠦᠯᠵᠡᠢ᠃ 2024 ᠣᠨ᠎ᠤ 9 ᠳ᠋ᠦ᠍ᠭᠡᠷ ᠰᠠᠷ᠎ᠠ᠎ᠶᠢᠨ 1᠎ᠦ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶᠢᠨ ᠳᠦᠷᠢᠮ》᠎ᠢ ᠵᠢᠩᠬᠢᠨᠢ᠎ᠪᠡᠷ ᠬᠡᠷᠡᠭᠵᠢᠭᠦᠯᠦᠭᠰᠡᠨ᠎ᠢᠶᠡᠷ᠂ ᠥᠪᠥᠷ ᠮᠣᠩᠭᠣᠯ ᠴᠤ᠌ ᠢᠲᠡᠭᠡᠮᠵᠢ᠎ᠶᠢᠨ ᠪᠠᠢᠭᠤᠯᠤᠯᠲᠠ᠎ᠶᠢᠨ ᠣᠷᠣᠨ ᠨᠤᠲᠤᠭ᠎ᠤᠨ ᠴᠢᠨᠠᠷᠲᠠᠢ ᠬᠣᠶᠠᠷ ᠬᠠᠤᠯᠢ ᠲᠣᠭᠲᠠᠭᠠᠯ᠎ᠢ ᠬᠡᠷᠡᠭᠵᠢᠭᠦᠯᠵᠦ ᠡᠬᠢᠯᠡᠭᠰᠡᠨ ᠪᠥᠬᠥ ᠤᠯᠤᠰ ᠲᠠᠬᠢ 3 ᠮᠤᠵᠢ ᠣᠷᠣᠨ᠎ᠤ ᠨᠢᠭᠡ ᠨᠢ ᠪᠣᠯᠤᠭᠰᠠᠨ ᠪᠠᠢᠨ᠎ᠠ᠃ 

ᠳᠦᠷᠢᠮ᠎ᠦᠨ ᠪᠠᠲᠤᠯᠠᠭ᠎ᠠ ᠲᠠᠢ ᠪᠣᠯᠣᠭᠰᠠᠨ᠎ᠢᠶᠠᠷ᠂ ᠥᠪᠥᠷ ᠮᠣᠩᠭᠣᠯ᠎ᠤᠨ ᠢᠲᠡᠭᠡᠮᠵᠢ᠎ᠶᠢᠨ ᠮᠡᠳᠡᠭᠡ ᠵᠠᠩᠭᠢ᠎ᠶᠢ ᠴᠤᠭᠯᠠᠭᠤᠯᠵᠤ ᠬᠠᠮᠲᠤ᠎ᠪᠠᠷ ᠡᠳ᠋ᠯᠡᠬᠦ ᠬᠡᠷᠡᠭᠯᠡᠯᠲᠡ᠎ᠶᠢᠨ ᠬᠢᠷᠢ ᠲᠦᠪᠰᠢᠨ ᠴᠤ᠌ ᠳᠠᠪᠠᠯᠲᠠ ᠮᠠᠶᠢᠭ᠋᠎ᠤᠨ ᠰᠢᠪᠲᠤᠯᠤᠯᠲᠠ᠎ᠶᠢ ᠪᠡᠶᠡᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠨᠡᠢᠭᠡᠮ᠎ᠦᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠲᠠᠪᠴᠠᠩ᠎ᠢᠶᠠᠷ ᠴᠤᠭᠯᠠᠭᠤᠯᠤᠭᠰᠠᠨ ᠪᠥᠬᠥ ᠣᠷᠣᠨ᠎ᠤ ᠡᠯ᠎ᠡ ᠲᠥᠷᠥᠯ᠎ᠦᠨ ᠭᠣᠣᠯ ᠴᠣᠭᠴᠠ᠎ᠶᠢᠨ ᠢᠲᠡᠭᠡᠮᠵᠢ᠎ᠶᠢᠨ ᠮᠡᠳᠡᠭᠡ ᠵᠠᠩᠭᠢ ᠨᠢ 5.97 ᠳ᠋ᠦᠩᠰᠢᠭᠤᠷ ᠵᠤᠷᠪᠤᠰ᠎ᠢ ᠳᠠᠪᠠᠭᠰᠠᠨ ᠪᠠᠢᠨ᠎ᠠ; ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ ᠵᠠᠬᠢᠷᠭᠠᠨ᠎ᠤ ᠠᠵᠢᠯ ᠶᠠᠪᠤᠳᠠᠯ᠎ᠢ ᠭᠦᠢᠴᠡᠳᠬᠡᠬᠦ ᠶᠠᠪᠤᠴᠠ᠎ᠳᠤ᠂ ᠢᠲᠡᠭᠡᠮᠵᠢ᠎ᠶᠢᠨ ᠮᠡᠳᠡᠭᠡ ᠵᠠᠩᠭᠢ᠎ᠶᠢ ᠨᠡᠶ᠋ᠢᠲᠡ 8984 ᠲᠦᠮᠡᠨ ᠤᠳᠠᠭ᠎ᠠ ᠰᠢᠯᠵᠢᠭᠦᠯᠦᠨ ᠬᠡᠷᠡᠭᠯᠡᠵᠦ ᠬᠠᠢᠨ ᠯᠠᠪᠯᠠᠵᠠᠢ; ᠢᠲᠡᠭᠡᠮᠵᠢ ᠰᠡᠷᠭᠦᠭᠡᠬᠦ ᠠᠵᠢᠯ᠎ᠤᠨ ᠬᠦᠷᠢᠶᠡᠨ᠎ᠳᠦ 《ᠨᠢᠭᠡ ᠠᠵᠢᠯ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ》᠎ᠶᠢ ᠪᠡᠶᠡᠯᠡᠭᠦᠯᠵᠦ᠂ ᠨᠡᠶ᠋ᠢᠲᠡ 9154 ᠢᠲᠡᠭᠡᠯ ᠠᠯᠳᠠᠭᠰᠠᠨ ᠭᠣᠣᠯ ᠴᠣᠭᠴᠠ᠎ᠳᠤ 2 ᠲᠦᠮᠡᠨ ᠤᠳᠠᠭ᠎ᠠ ᠢᠲᠡᠭᠡᠮᠵᠢ ᠰᠡᠷᠭᠦᠭᠡᠬᠦ ᠳᠥᠭᠥᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠠᠢ; ᠠᠯᠪᠠᠨ ᠲᠤᠰᠢᠶᠠᠯᠲᠠᠨ᠎ᠢ ᠰᠢᠯᠵᠢᠭᠦᠯᠦᠨ ᠲᠣᠮᠢᠯᠠᠬᠤ ᠪᠠ ᠰᠣᠩᠭᠣᠨ ᠲᠣᠮᠢᠯᠠᠬᠤ᠂ ᠲᠡᠷᠢᠭᠦᠨ᠎ᠦ ᠬᠢ᠎ᠶᠢ ᠪᠠ ᠰᠢᠯᠢᠳᠡᠭ᠎ᠢ ᠰᠢᠯᠭᠠᠷᠠᠭᠤᠯᠬᠤ ᠵᠡᠷᠭᠡ ᠠᠵᠢᠯ᠎ᠤᠨ ᠳᠤᠮᠳᠠ᠂ ᠢᠲᠡᠭᠡᠮᠵᠢ᠎ᠶᠢᠨ ᠮᠡᠳᠡᠭᠡ ᠵᠠᠩᠭᠢ᠎ᠶᠢ ᠨᠡᠶ᠋ᠢᠲᠡ 130 ᠲᠦᠮᠡᠨ ᠬᠥᠮᠥᠨ ᠤᠳᠠᠭ᠎ᠠ  ᠬᠠᠢᠵᠤ ᠯᠠᠪᠯᠠᠪᠠ᠃ 

ᠢᠲᠡᠭᠡᠮᠵᠢ᠎ᠪᠡᠷ ᠠᠵᠤ ᠠᠬᠤᠢᠯᠠᠯ᠎ᠳᠤ ᠲᠥᠬᠥᠮ ᠦᠵᠡᠭᠦᠯᠬᠦ ᠲᠠᠯ᠎ᠠ᠎ᠪᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠬᠠᠮᠢᠶ᠎ᠠ ᠪᠦᠬᠦᠢ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠵᠤ᠂ ᠪᠥᠬᠥ ᠣᠷᠣᠨ᠎ᠤ ᠭᠣᠣᠯᠳᠠᠯᠭ᠎ᠠ ᠪᠣᠯᠬᠤ 42 ᠠᠵᠢᠯ ᠲᠥᠷᠥᠯ᠎ᠦᠨ ᠬᠦᠷᠢᠶᠡᠨ᠎ᠳᠦ ᠲᠤᠰᠬᠠᠢ ᠵᠦᠢᠯ᠎ᠦᠨ ᠢᠲᠡᠭᠡᠮᠵᠢ᠎ᠶᠢᠨ ᠮᠡᠳᠡᠭᠦᠯᠦᠯᠲᠡ᠎ᠪᠡᠷ ᠬᠠᠤᠯᠢ ᠲᠣᠭᠲᠠᠭᠠᠯ ᠵᠥᠷᠢᠴᠡᠭᠰᠡᠨ ᠲᠡᠮᠳᠡᠭᠯᠡᠯ ᠦᠭᠡᠢ ᠪᠠᠢᠬᠤ ᠭᠡᠷᠡᠴᠢ ᠣᠷᠣᠯᠠᠭᠤᠯᠬᠤ᠎ᠶᠢ ᠬᠡᠷᠡᠭᠵᠢᠭᠦᠯᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠠᠵᠢᠯ ᠶᠠᠪᠤᠳᠠᠯ ᠭᠦᠢᠴᠡᠳᠬᠡᠬᠦ ᠴᠤᠪᠤᠷᠠᠯ᠎ᠢ ᠬᠠᠮᠤᠭ ᠶᠡᠬᠡ᠎ᠪᠡᠷ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠮᠠᠲᠧᠷᠢᠶᠠᠯ᠎ᠢ ᠬᠠᠮᠤᠭ᠎ᠤᠨ ᠲᠥᠬᠥᠮ ᠪᠣᠯᠭᠠᠬᠤ᠎ᠪᠠᠨ ᠦᠨᠡᠨ ᠬᠦ᠌ ᠠᠬᠢᠭᠤᠯᠪᠠ᠃ 

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠣᠷᠣᠨ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠯᠡ ᠲᠣᠬᠢᠷᠠᠭᠤᠯᠭ᠎ᠠ᠎ᠶᠢᠨ ᠢᠲᠡᠭᠡᠮᠵᠢ᠎ᠶᠢᠨ ᠦᠢᠯᠡᠴᠢᠯᠡᠭᠡᠨ᠎ᠦ ᠲᠠᠪᠴᠠᠩ ᠪᠠ ᠡᠯ᠎ᠡ ᠲᠥᠷᠥᠯ᠎ᠦᠨ ᠪᠡᠯᠡ ᠲᠣᠬᠢᠷᠠᠭᠤᠯᠭ᠎ᠠ᠎ᠶᠢᠨ ᠢᠲᠡᠭᠡᠮᠵᠢ᠎ᠶᠢᠨ ᠦᠢᠯᠡᠴᠢᠯᠡᠭᠡᠨ᠎ᠦ ᠲᠠᠪᠴᠠᠩ᠎ᠢᠶᠠᠨ ᠡᠮᠬᠢᠯᠡᠨ ᠨᠡᠢᠯᠡᠭᠦᠯᠬᠦ ᠠᠵᠢᠯ᠎ᠢ ᠪᠡᠶᠡᠯᠡᠭᠦᠯᠦᠭᠰᠡᠨ ᠪᠠᠢᠨ᠎ᠠ᠃ ᠣᠲᠣ᠌ ᠪᠣᠯᠲᠠᠯ᠎ᠠ᠂ ᠲᠠᠪᠴᠠᠩ᠎ᠢᠶᠡᠷ ᠨᠡᠶ᠋ᠢᠲᠡ 1037 ᠳ᠋ᠦᠩᠰᠢᠭᠤᠷ ᠲᠥᠭᠥᠷᠢᠭ᠎ᠦᠨ ᠵᠢᠭᠡᠯᠡᠯᠭᠡ ᠲᠠᠯᠪᠢᠵᠠᠢ᠂ ᠡᠭᠦᠨ᠎ᠦ ᠳᠣᠲᠣᠷ᠎ᠠ ᠢᠲᠡᠭᠡᠮᠵᠢᠲᠦ ᠵᠢᠭᠡᠯᠡᠯᠭᠡ 536 ᠳ᠋ᠦᠩᠰᠢᠭᠤᠷ ᠲᠥᠭᠥᠷᠢᠭ ᠪᠠᠢᠵᠤ᠂ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠡᠭᠦᠯᠴᠢ᠎ᠶᠢᠨ ᠬᠢ ᠲᠠᠢ ᠬᠠᠷᠢᠴᠠᠭᠤᠯᠬᠤ᠎ᠳᠤ 31 ᠳᠠᠬᠢᠨ ᠢᠯᠡᠭᠦᠦ ᠨᠡᠮᠡᠭᠳᠡᠵᠡᠢ᠃ ᠡᠭᠦᠨ᠎ᠦ ᠬᠠᠮᠲᠤ᠂ ᠮᠠᠨ᠎ᠤ ᠣᠷᠣᠨ ᠠᠷᠠᠳ᠎ᠡᠴᠡ ᠡᠵᠡᠩᠨᠡᠭᠰᠡᠨ ᠳᠤᠮᠳᠠ ᠵᠢᠵᠢᠭ ᠪᠢᠴᠢᠯ ᠠᠵᠤ ᠠᠬᠤᠢᠯᠠᠯ᠎ᠤᠨ ᠢᠲᠡᠭᠡᠮᠵᠢ᠎ᠶᠢᠨ ᠪᠡᠯᠡ ᠲᠣᠬᠢᠷᠠᠭᠤᠯᠭ᠎ᠠ᠎ᠶᠢᠨ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠪᠡᠯᠡ ᠮᠥᠩᠭᠥ᠎ᠶᠢ 1 ᠳ᠋ᠦᠩᠰᠢᠭᠤᠷ ᠲᠥᠭᠥᠷᠢᠭ ᠭᠠᠷᠭᠠᠵᠤ᠂ 《ᠪᠠᠩᠬᠢ ᠨᠠᠩ ᠢᠯᠡᠭᠦᠦ ᠵᠢᠭᠡᠯᠡᠯᠭᠡ ᠲᠠᠯᠪᠢᠬᠤ ᠳᠤᠷᠠᠲᠠᠢ᠂ ᠠᠵᠤ ᠠᠬᠤᠢᠯᠠᠯ ᠨᠠᠩ ᠠᠮᠠᠷᠬᠠᠨ ᠵᠢᠭᠡᠯᠡᠯᠭᠡ ᠣᠯᠵᠤ ᠳᠡᠢᠯᠬᠦ》 ᠪᠣᠯᠭᠠᠪᠠ᠃ 

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠣᠷᠣᠨ᠎ᠤ ᠦᠨᠡᠨᠴᠢ ᠢᠲᠡᠭᠡᠮᠵᠢ᠎ᠶᠢᠨ ᠨᠡᠢᠲᠡᠯᠢᠭ ᠵᠢᠱ᠌ᠢᠶ᠎ᠡ᠎ᠪᠠᠷ ᠰᠣᠩᠭᠣᠭᠳᠠᠭᠰᠠᠨ ᠠᠵᠤ ᠠᠬᠤᠢᠯᠠᠯ 21 ᠲᠦᠮᠡ᠎ᠶᠢ ᠳᠠᠪᠠᠵᠠᠢ᠂ ᠡᠲᠡᠭᠡᠷ ᠠᠵᠤ ᠠᠬᠤᠢᠯᠠᠯ ᠨᠢ ᠳᠠᠪᠬᠤᠴᠠᠭᠤᠯᠤᠨ ᠲᠠᠰ ᠳᠡᠪᠰᠢᠭᠦᠯᠦᠭᠰᠡᠨ 《ᠢᠲᠡᠭᠡᠮᠵᠢ᠎ᠲᠠᠢ ᠪᠠᠢᠭ᠍ᠰᠠᠳ᠎ᠢ ᠤᠷᠮᠠᠰᠢᠭᠤᠯᠬᠤ ᠠᠷᠭ᠎ᠠ ᠬᠡᠮᠵᠢᠶ᠎ᠡ᠎ᠶᠢᠨ ᠲᠣᠳᠣᠷᠬᠠᠢ ᠬᠠᠭᠤᠳᠠᠰᠤ ( 3.0 ᠬᠡᠪᠯᠡᠯ )》᠎ᠶᠢᠨ 23 ᠵᠦᠢᠯ᠎ᠦᠨ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠬᠦᠷᠲᠡᠬᠦ ᠪᠣᠯᠣᠨ᠎ᠠ᠂ ᠡᠭᠦᠨ᠎ᠳᠦ A ᠲᠠᠰ᠎ᠤᠨ ᠭᠠᠢᠯᠢ ᠲᠤᠰᠢᠶᠠᠭ᠍ᠴᠢ ᠨᠢ ᠪᠠᠰᠠ ᠢᠯᠡᠭᠦᠴᠡ 40 ᠭᠠᠷᠤᠢ ᠵᠦᠢᠯ᠎ᠦᠨ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠭᠥᠷᠳᠡᠵᠦ᠂ ᠢᠲᠡᠭᠡᠮᠵᠢ᠎ᠲᠠᠢ ᠪᠠᠢᠭ᠍ᠰᠠᠳ᠎ᠤᠨ ᠬᠦᠷᠲᠡᠮᠵᠢ᠎ᠶᠢᠨ ᠰᠡᠳᠬᠢᠯᠭᠡ ᠪᠠ ᠢᠷᠠᠭᠤ ᠠᠯᠳᠠᠷ᠎ᠤᠨ ᠰᠡᠳᠬᠢᠯᠭᠡ᠎ᠶᠢ ᠨᠢ ᠦᠨᠡᠨ ᠬᠦ᠌ ᠳᠡᠭᠡᠭᠰᠢᠯᠡᠭᠦᠯᠦᠭᠰᠡᠨ ᠪᠠᠢᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ