ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠦᠨᠳᠦᠰᠦᠲᠡᠨ᠎ᠦ ᠪᠦᠯᠬᠦᠮᠳᠡᠯ᠎ᠢ ᠯᠠᠪᠳᠠᠭᠤᠨ ᠪᠠᠲᠤᠲᠠᠶ ᠠᠬᠢᠭᠤᠯᠪᠠ
ᠨᠡᠶ᠋ᠢᠲᠡᠯᠡᠭᠰᠡᠨ ᠴᠠᠭ᠄ 2025-12-23

12 ᠰᠠᠷ᠎ᠠ᠎ᠶᠢᠨ 22 ᠎ᠤᠨ ᠡᠲᠤᠷ᠂ ᠦᠪᠤᠷ ᠮᠤᠡᠭᠭᠤᠯ᠎ᠤᠨ ᠦᠪᠠᠷᠲᠠᠬᠡᠨ ᠵᠠᠰᠠᠬᠤ ᠤᠷᠤᠨ᠎ᠦ ᠠᠷᠠᠳ᠎ᠤᠨ ᠵᠠᠰᠠᠭ᠎ᠤᠨ ᠤᠷᠲᠤᠨ᠎ᠦ ᠰᠤᠨᠢᠨ ᠮᠠᠲᠠᠬᠡᠨ᠎ᠦ ᠠᠯᠪᠠᠨ ᠬᠡᠷ 《 〈ᠠᠷᠪᠠᠨ ᠳᠥᠷᠪᠡᠳᠦᠭᠡᠷ ᠲᠠᠪᠤᠨ ᠵᠢᠯ〉᠎ᠦᠨ ᠲᠥᠯᠥᠪᠵᠢᠭᠦᠯᠭᠡ᠎ᠶ᠋ᠢ ᠪᠡᠶᠡᠯᠡᠭᠦᠯᠵᠦ᠍ ᠴᠢᠨᠠᠷ ᠰᠠᠢᠲᠠᠶ ᠬᠦᠭᠵᠢᠯᠲᠠ᠎ᠶ᠋ᠢ ᠠᠬᠢᠭᠤᠯᠬᠤ》 ᠱᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠦᠨᠳᠦᠰᠦᠲᠡᠨ᠎ᠦ ᠪᠦᠯᠬᠦᠮᠳᠡᠯ᠎ᠢ ᠯᠠᠪᠳᠠᠭᠤᠨ ᠪᠠᠲᠤᠲᠠᠶ ᠠᠬᠢᠭᠤᠯᠬᠤ》 ᠲᠤᠰᠬᠠᠢ ᠲᠠᠯᠠᠪᠠᠢ ᠰᠤᠨᠢᠨ ᠮᠠᠲᠠᠬᠡ ᠨᠠᠢᠲᠠᠯᠠᠬᠦ ᠬᠤᠷᠠᠯ ᠬᠢᠵᠤ᠂ ᠦᠪᠠᠷᠲᠠᠬᠡᠨ ᠵᠠᠰᠠᠬᠤ ᠤᠷᠤᠨ᠎ᠦ ᠨᠠᠮ᠎ᠤᠨ ᠬᠤᠷᠢᠶ᠎ᠠ᠎ᠶᠢᠨ ᠤᠬᠠᠭᠤᠯᠬᠤ ᠬᠡᠯᠲᠠᠰ᠂ ᠦᠪᠠᠷᠲᠠᠬᠡᠨ ᠵᠠᠰᠠᠬᠤ ᠤᠷᠤᠨ᠎ᠦ ᠨᠠᠮ᠎ᠤᠨ ᠬᠤᠷᠢᠶ᠎ᠠ᠎ᠶᠢᠨ ᠨᠢᠬᠡᠲᠤᠮᠠᠯ ᠹᠷᠤᠨᠲ᠎ᠤᠨ ᠬᠡᠯᠲᠠᠰ ᠪᠠ ᠦᠪᠠᠷᠲᠠᠬᠡᠨ ᠵᠠᠰᠠᠬᠤ ᠤᠷᠤᠨ᠎ᠦ ᠦᠨᠲᠤᠰᠤᠲᠠᠨ᠎ᠦ ᠬᠡᠷᠡᠭ ᠡᠷᠬᠢᠯᠡᠬᠦ ᠵᠦᠪᠯᠡᠯ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠠᠴᠠ ᠰᠤᠷᠪᠤᠯᠵᠢᠯᠠᠭᠴᠢᠳ᠎ᠤᠨ ᠠᠰᠠᠭᠤᠯᠲᠠ᠎ᠶᠢ ᠬᠠᠷᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ ᠳ᠋ᠡᠬᠢ ᠦᠪᠤᠷ ᠮᠤᠡᠭᠭᠤᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠰᠢᠵᠢᠮ᠎ᠢ ᠲᠤᠭᠤᠰᠢᠯᠠᠭᠤᠯᠤᠭᠰᠠᠨ᠂ 《ᠭᠤᠷᠪᠠᠨ ᠵᠤᠢᠯ᠎ᠤᠨ ᠲᠦᠯᠤᠪᠯᠡᠬᠡ》᠎ᠶᠢ ᠬᠦᠨᠵᠡᠬᠡᠢᠷᠠᠬᠦᠯᠦᠭᠰᠠᠨ᠂ ᠦᠨᠲᠤᠰᠤᠲᠠᠨ᠎ᠦ ᠪᠦᠯᠬᠦᠮᠲᠠᠯ ᠲᠠᠪᠰᠢᠯᠲᠠ᠎ᠶᠢ ᠡᠬᠦᠲᠤᠨ ᠪᠠᠢᠭᠤᠯᠤᠭᠰᠠᠨ ᠲᠠᠯ᠎ᠠ᠎ᠪᠠᠷ ᠬᠢ ᠤᠯᠤᠭᠰᠠᠨ ᠬᠢᠯᠡᠰ ᠴᠡᠭ ᠪᠠ ᠠᠮᠵᠢᠯᠲᠠ ᠪᠦᠲᠦᠮᠵᠢ᠎ᠶᠢ ᠲᠠᠨᠢᠯᠴᠠᠭᠤᠯᠪᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠪᠠ

《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠦᠨ ᠤᠬᠠᠭᠠᠨ ᠪᠠ ᠨᠠᠢᠬᠡᠮ᠎ᠤᠨ ᠰᠢᠨᠵᠢᠯᠡᠬᠦ ᠤᠬᠠᠭᠠᠨ᠎ᠦ ᠲᠥᠯᠥᠪᠵᠢᠭᠦᠯᠭᠡ᠎ᠶ᠋ᠢᠨ ᠲᠥᠷᠥᠯ ᠵᠦᠶ᠋ᠯ ᠪᠤᠯᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠲᠥᠷᠥᠯ ᠵᠦᠶ᠋ᠯ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠡᠳᠦᠪ᠎ᠢ ᠪᠠᠢᠩᠭᠤᠵᠢᠭᠤᠯᠤᠨ ᠪᠠᠢᠷᠢᠯᠠᠭᠤᠯᠵᠤ᠂ 150 ᠭᠠᠷᠤᠶ ᠰᠡᠳᠦᠪ ᠲᠣᠭ᠍ᠲᠠᠭᠠᠪᠠ; ᠮᠤᠵᠢ᠎ᠶ᠋ᠢᠨ ᠲᠠᠰ᠎ᠤᠨ ᠤᠳᠤᠷᠢᠳᠭᠤ ᠨᠥᠬᠥᠳ 5 ᠵᠢᠯ ᠳᠠᠷᠠᠭᠠᠯᠠᠨ ᠶᠡᠬᠡ ᠳᠡᠭᠡᠳᠦ ᠰᠤᠷᠭᠠᠭᠤᠯᠢ᠎ᠳᠤ ᠬᠦᠷᠴᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠤᠨ ᠲᠠᠢᠯᠪᠤᠷᠢᠯᠠᠯᠳᠠ ᠬᠢᠵᠦ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠣᠯᠠᠨ ᠲᠦᠮᠡᠨᠴᠢ ᠬᠥᠮᠦᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ 5 ᠵᠢᠯ᠎ᠳᠦ ᠨᠡᠢᠳᠡ 17.3 ᠲᠦᠮᠡᠨ ᠳᠠᠯᠠᠪᠠᠢ ᠤᠳᠠᠭ᠎ᠠ᠎ᠶᠢᠨ ᠤᠬᠠᠭᠤᠯᠤᠨ ᠳᠠᠢᠯᠪᠤᠷᠢᠯᠠᠯᠳᠠ ᠬᠢᠵᠦ᠂ 1042.3 ᠲᠦᠮᠡᠨ ᠤᠳᠠᠭ᠎ᠠ ᠤᠷᠤᠯᠴᠠᠪᠠ᠃ 

ᠡᠯ᠎ᠡ ᠵᠠᠭᠤᠴᠢᠯᠠᠭᠤᠷ᠎ᠤᠨ ᠬᠢᠨ᠎ᠢ ᠵᠢᠯᠣᠭᠣᠳᠴᠤ᠌ ᠪᠠᠢᠭᠠᠳ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ》 ᠵᠡᠷᠭᠡ ᠲᠤᠰᠭᠠᠶ ᠪᠤᠯᠤᠩ᠎ᠢ ᠪᠠᠢᠡᠭᠭᠤᠵᠢᠭᠤᠯᠤᠨ ᠨᠡᠭᠡᠭᠡᠵᠦ᠍᠂ ᠶᠠᠷᠢᠶ᠎ᠠ ᠬᠡᠯᠡᠯᠴᠡᠭᠡ᠂ ᠮᠡᠳᠡᠭᠡ ᠴᠢᠮᠡᠬᠡᠯᠡᠯ᠂ ᠲᠤᠰᠭᠠᠶ ᠰᠡᠳᠦᠪᠲᠦ ᠫᠷᠤᠭ᠌ᠷᠠᠮ᠂ ᠺᠠᠷᠲ᠋ᠣᠨ ᠺᠢᠨᠣ᠋ ᠵᠡᠷᠭᠡ ᠡᠯ᠎ᠡ ᠲᠥᠷᠥᠯ᠎ᠦᠨ ᠮᠡᠳᠡᠭᠡᠯᠡᠯ᠎ᠢ 5 ᠲᠦᠮᠡ ᠭᠠᠷᠤᠶ (ᠵᠤᠷᠪᠤᠰ) ᠨᠡᠢᠲᠡᠯᠡᠵᠦ᠍᠂ ᠶᠡᠷᠦᠩᠬᠡᠶ ᠳᠠᠮᠵᠢᠭᠤᠯᠭ᠎ᠠ᠎ᠶᠢᠨ ᠬᠡᠮᠵᠢᠶ᠎ᠡ ᠵᠠᠭᠤᠨ ᠳ᠋ᠦᠩᠱᠢᠭᠤᠷ ᠤᠳᠠᠭ᠎ᠠ᠎ᠶ᠋ᠢ ᠳᠠᠪᠠᠪᠠ᠃ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠢᠨ 25 ᠪᠦᠯᠦᠭ 《ᠠᠢ ᠪᠸᠢ ᠵᠢᠶᠠᠩ ᠲᠠᠨ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢ ᠣᠢᠯᠠᠭᠠᠭᠤᠯᠤᠶ᠎ᠠ》 ᠭᠡᠬᠦ᠌ ᠱᠢᠷᠢᠰ ᠺᠠᠷᠲ᠋ᠣᠨ ᠸᠢᠳᠢᠣ᠋ ᠦᠶ᠋ᠯᠡᠳᠴᠦ᠍᠂ ᠣᠢᠯᠠᠭᠠᠮᠵᠢᠲᠠᠶ ᠬᠡᠯᠪᠡᠷᠢ᠎ᠪᠡᠷ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠪᠡ᠃ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠲᠣᠮᠣ ᠬᠡᠯᠪᠡᠷᠢ᠎ᠶ᠋ᠢᠨ ᠰᠣᠶᠣᠯ᠎ᠤᠨ ᠶᠡᠷᠦᠩᠬᠡᠢᠯᠡᠭ᠌ᠰᠡᠨ ᠤᠷᠠᠯᠢᠭ᠎ᠤᠨ ᠫᠷᠤᠭ᠌ᠷᠠᠮ 《ᠣᠷᠳᠣ ᠴᠠᠭᠠᠨ ᠬᠡᠷᠡᠮ ᠤᠷᠳᠦ》᠎ᠶᠢ ᠦᠢᠯᠡᠳᠴᠦ᠂ ᠠᠷᠠᠳ᠎ᠤᠨ ᠡᠳᠦᠷ᠎ᠦᠨ ᠰᠣᠨᠢᠨ᠎ᠤ ᠬᠡᠷᠡᠭ᠌ᠯᠡᠭ᠌ᠴᠢ᠎ᠶ᠋ᠢᠨ ᠦᠵᠦᠭᠦᠷᠯᠢᠭ᠂ ᠪᠢᠴᠢᠯ ᠪᠦᠷᠭᠡ᠂ ᠴᠤᠤᠷᠢᠶ᠎ᠠ᠎ᠳᠤ ᠵᠡᠷᠭᠡ᠎ᠪᠡᠷ ᠨᠡᠪᠲᠡᠷᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ 17 ᠬᠤᠪᠢ ᠬᠥᠮᠦᠨ᠂ 6 ᠬᠠᠮᠲᠤ 《ᠤᠮᠠᠷᠠᠲᠤ ᠬᠢᠯᠢ᠎ᠶ᠋ᠢᠨ ᠵᠢᠱ᠌ᠢᠶᠡᠴᠢ》᠎ᠶᠢᠨ ᠴᠣᠯᠠ ᠬᠦᠷᠳᠡᠵᠦ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ᠎ᠦᠨ ᠠᠵᠢᠯᠯᠠᠭ᠎ᠠ᠎ᠶ᠋ᠢᠨ ᠭᠤᠷᠪᠠᠨ ᠪᠦᠯᠦᠭ᠎ᠤᠨ 15 ᠦᠨᠳᠦᠰᠦᠨ ᠱᠠᠲᠤᠨ᠎ᠤ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠭᠠᠷᠭᠠᠵᠠᠢ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠪᠠ

《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠷᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠪᠠᠶ᠋ᠢᠭᠤᠯᠤᠯ ᠲᠣᠭᠲᠠᠴᠠ᠎ᠶᠢ ᠨᠡᠩ ᠲᠡᠭᠦᠯᠳᠡᠷᠵᠢᠭᠦᠯᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ ᠎ᠪᠠᠷ ᠪᠥᠲᠥᠭᠡᠨ ᠪᠠᠶ᠋ᠢᠭᠤᠯᠬᠤ ᠲᠤᠬᠠᠶ ᠲᠣᠭᠲᠠᠭᠠᠯ》᠎ᠢ ᠨᠡᠶ᠋ᠢᠲᠡᠯᠡᠵᠤ᠂《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠲᠦᠷᠢᠮ》 ᠵᠡᠷᠭᠡ ᠰᠢᠷᠢᠰ ᠲᠥᠷᠥ᠎ᠶᠢᠨ ᠪᠣᠳᠣᠯᠭ᠎ᠠ ᠲᠦᠷᠢᠮ ᠲᠣᠭᠲᠠᠭᠠᠯ ᠲᠤᠭᠲᠠᠭᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠎ᠶᠢᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ᠎ᠶᠢ ᠠᠵᠢᠯ᠎ᠤᠨ ᠲᠥᠯᠥᠪᠯᠡᠭᠡ ᠪᠠ ᠭᠣᠣᠯᠳᠠᠯᠭ᠎ᠠ᠎ᠳᠠᠭᠠᠨ ᠣᠷᠣᠭᠤᠯᠵᠠᠢ᠃ 

ᠪᠦᠬᠦ᠌ ᠨᠡᠶ᠋ᠢᠭᠡᠮ᠎ᠢᠶᠡᠷ᠎ᠢᠶᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠠᠭᠤᠷ ᠠᠮᠢᠰᠬᠤᠯ᠎ᠢ ᠨᠡᠩ ᠥᠳᠬᠡᠨ ᠵᠤᠵᠠᠭᠠᠨ ᠪᠣᠯᠭᠠᠪᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠭᠣᠣᠯ ᠰᠢᠵᠢᠮ᠎ᠦᠨ ᠱᠠᠭᠠᠷᠳᠠᠯᠭ᠎ᠠ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ᠎ᠶᠢ ᠡᠯ᠎ᠡ ᠰᠠᠯᠠᠭ᠎ᠠ ᠮᠥᠴᠢᠷ ᠨᠢᠭᠡᠴᠢ᠎ᠶᠢᠨ 《ᠭᠤᠷᠪᠠ᠎ᠶᠢ ᠲᠣᠭᠲᠠᠭᠠᠬᠤ》 ᠲᠣᠭᠲᠠᠭᠠᠯ᠂ ᠬᠡᠷᠡᠭ ᠵᠥᠪᠯᠡᠵᠦ᠍ ᠵᠣᠬᠢᠴᠠᠭᠤᠯᠬᠤ ᠪᠠᠶ᠋ᠢᠭᠤᠯᠤᠮᠵᠢ᠎ᠶᠢᠨ ᠠᠵᠢᠯ᠎ᠤᠨ ᠳᠦᠷᠢᠮ᠂ ᠠᠵᠢᠯ ᠲᠥᠷᠥᠯ᠎ᠦᠨ ᠳᠦᠷᠢᠮ ᠲᠣᠭᠲᠠᠭᠠᠯ᠂ ᠨᠡᠶ᠋ᠢᠭᠡᠮ᠎ᠦᠨ ᠵᠣᠬᠢᠶᠠᠨ ᠪᠠᠶ᠋ᠢᠭᠤᠯᠤᠯᠲᠠ᠎ᠶᠢᠨ ᠳᠦᠷᠢᠮ᠂ ᠭᠠᠴᠠᠭᠠᠨ᠎ᠤ ᠲᠦᠷᠢᠮ ᠠᠷᠠᠳ᠎ᠤᠨ ᠭᠡᠷ᠎ᠡ᠂ ᠰᠠᠭᠤᠭᠠᠯᠢ ᠠᠷᠠᠳ᠎ᠤᠨ ᠨᠡᠶ᠋ᠢᠲᠡ᠎ᠶᠢᠨ ᠭᠡᠷ᠎ᠡ ᠵᠡᠷᠭᠡ᠎ᠳᠦ ᠤᠷᠤᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠨᠠᠮ᠎ᠤᠨ ᠭᠡᠰᠢᠭᠦᠨ᠂ ᠺᠠᠳ᠋ᠷ᠎ᠤᠨ ᠪᠣᠯᠪᠠᠰᠤᠷᠠᠯ ᠪᠠ ᠰᠤᠷᠭᠠᠭᠤᠯᠢ᠎ᠶᠢᠨ ᠰᠤᠷᠭᠠᠨ ᠬᠥᠮᠦᠵᠢᠯ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠨᠡᠶ᠋ᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶᠢᠨ ᠬᠠᠮᠢᠶ᠎ᠠ ᠪᠥᠬᠥᠶ ᠲᠤᠰᠬᠠᠶ ᠰᠡᠳᠦᠪᠲᠦ᠍ ᠬᠢᠴᠢᠶᠡᠯ᠎ᠦᠨ ᠴᠠᠭ᠎ᠤᠨ ᠬᠤᠪᠢ᠎ᠶᠢᠨ ᠵᠢᠩ᠎ᠢ 20% ᠪᠣᠯᠭᠠᠨ ᠳᠡᠭᠡᠭᠰᠢᠯᠡᠭᠦᠯᠪᠡ᠃

ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠡᠬᠡ ᠪᠦᠯᠬᠦᠮᠳᠡᠯ᠎ᠦᠨ ᠰᠠᠢ᠌ᠨ ᠰᠠᠶ᠋ᠢᠬᠠᠨ ᠪᠠᠶ᠋ᠢᠳᠠᠯ ᠨᠡᠩ ᠪᠡᠬᠢᠵᠢᠪᠡ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠲᠠᠰᠤᠷᠠᠯᠳᠠ ᠦᠭᠡᠢ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠥᠲᠥᠭᠡᠨ ᠪᠠᠶ᠋ᠢᠭᠤᠯᠤᠯᠲᠠ᠎ᠶᠢᠨ ᠥᠪᠥᠷ ᠮᠣᠩᠭᠣᠯ᠎ᠤᠨ ᠦᠢᠯᠡᠲᠤᠯᠬᠡ᠎ᠶᠢ ᠬᠦᠴᠦᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ ᠎ᠪᠠᠷ ᠣᠳᠣᠬᠢᠴᠢᠯᠠᠯᠲᠠ ᠳᠠᠰᠢ ᠤᠷᠤᠭᠰᠢᠯᠠᠬᠤ ᠰᠠᠭᠤᠷᠢ᠎ᠶᠢ ᠪᠠᠲᠤᠳᠬᠠᠪᠠ᠃ 

《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠦᠪᠠᠷᠲᠠᠬᠡᠨ ᠵᠠᠰᠠᠬᠤ ᠤᠷᠤᠨ 《ᠲᠥᠷᠥᠯ ᠲᠡᠮᠳᠡᠭ᠌ᠵᠢᠯᠳᠡ》᠎ᠶᠢᠨ ᠠᠷᠭ᠎ᠠ ᠮᠠᠶᠢᠭ᠎ᠢᠶᠠᠷ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢ ᠭᠦᠨᠵᠡᠭᠡᠢᠷᠡᠭᠦᠯᠵᠤ᠂《ᠤᠮᠠᠷᠠᠲᠤ ᠬᠢᠯᠢ᠎ᠳᠦ ᠠᠭᠤᠰᠤᠯᠴᠠᠬᠤ》 ᠬᠡᠯᠪᠡᠷᠢ᠎ᠶ᠋ᠢᠨ ᠬᠥᠭ᠌ᠵᠢᠯᠲᠡ᠎ᠶ᠋ᠢᠨ ᠲᠥᠷᠥᠯ ᠲᠡᠮᠳᠡᠭ᠎ᠢ ᠡᠭᠦᠳᠴᠠᠢ᠃ ᠨᠡᠢᠭᠡᠮ ᠲᠣᠭᠣᠷᠢᠭ᠎ᠢᠶᠠᠷ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠵᠤ᠂ ᠦᠨᠳᠦᠰᠦᠲᠡᠨ ᠎ᠨᠦᠭᠦᠳ᠎ᠦᠨ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ 364 ᠨᠡᠢᠲᠡᠯᠢᠭ ᠵᠢᠱ᠌ᠢᠶ᠎ᠡ ᠦᠵᠡᠭᠦᠯᠬᠦ᠌ ᠴᠡᠭ᠎ᠢ ᠪᠤᠢᠵᠢᠭᠤᠯᠵᠤ᠂ 《ᠤᠯᠠᠭᠠᠨ ᠠᠨᠠᠷ+》 ᠵᠡᠷᠭᠡ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠭᠡᠨ ᠬᠥᠭ᠌ᠵᠢᠬᠦ᠌ ᠲᠠᠪᠴᠠᠩ᠎ᠤᠨ ᠠᠴᠢᠶᠠᠯᠠᠪᠤᠷᠢ ᠵᠢ 2057 ᠎ᠪᠣᠶ ᠪᠣᠯᠭᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠣᠷᠣᠱᠢᠨ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠠᠭᠤᠷ ᠠᠮᠢᠰᠭᠤᠯ᠎ᠢ ᠪᠣᠶ ᠪᠣᠯᠭᠠᠪᠠ᠃ 

《ᠪᠦᠬᠦ᠌ ᠣᠷᠣᠨ ᠪᠦᠰᠡᠵᠢᠯᠳᠡ》᠎ᠶᠢᠨ ᠵᠠᠭ᠍ᠪᠤᠷ᠎ᠢᠶᠠᠷ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠠᠢ᠃ ᠡᠯ᠎ᠡ ᠭᠠᠵᠠᠷ᠎ᠤᠨ ᠡᠯ᠎ᠡ ᠰᠤᠷᠭᠠᠭᠤᠯᠢ᠎ᠶ᠋ᠢᠨ ᠣᠷᠣᠨ ᠪᠦᠰᠡ ᠠᠯᠤᠰᠯᠠᠬᠰᠠᠨ ᠰᠤᠳᠤᠯᠤᠨ ᠰᠤᠷᠤᠯᠴᠠᠬᠤ ᠲᠣᠭ᠍ᠲᠠᠴᠠ ᠪᠠᠢᠭᠤᠯᠬᠤ᠎ᠶ᠋ᠢ ᠠᠬᠢᠭᠤᠯᠵᠤ᠂ 290 ᠭᠠᠷᠤᠶ ᠬᠡᠯᠡᠯᠴᠡᠭᠡᠷ ᠲᠣᠭ᠍ᠲᠠᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠠᠪᠴᠠᠩ᠎ᠢ ᠪᠠᠢᠭᠤᠯᠪᠠ᠃ ᠰᠤᠳᠤᠯᠤᠨ ᠰᠤᠷᠤᠯᠴᠠᠬᠤ ᠠᠷᠭ᠎ᠠ ᠵᠠᠮ᠎ᠤᠨ ᠱᠢᠨ᠎ᠡ᠎ᠶ᠋ᠢ ᠡᠭᠦᠳᠴᠦ᠍᠂ ᠣᠷᠣᠯᠴᠠᠬᠤ ᠬᠡᠮᠵᠢᠶ᠎ᠡ᠎ᠪᠡᠷ ᠥᠨᠳᠥᠷ᠂ ᠪᠡᠶᠡᠴᠢᠯᠡᠨ ᠣᠢᠯᠠᠭᠠᠬᠤ ᠰᠡᠳᠭᠢᠯᠭᠡ᠎ᠪᠡᠷ ᠴᠢᠩᠭ᠎ᠠ᠂ ᠨᠥᠯᠥᠭᠡᠯᠡᠬᠦ᠌ ᠬᠦᠴᠦᠨ᠎ᠢᠶᠡᠷ ᠥᠷᠭᠡᠨ ᠨᠢᠭᠡ ᠪᠦᠯᠦᠭ ᠵᠠᠯᠠᠭᠤᠴᠤᠳ ᠪᠠᠭᠠᠴᠤᠳ᠎ᠤᠨ ᠠᠵᠢᠯᠯᠠᠭ᠎ᠠ᠎ᠶ᠋ᠢᠨ ᠲᠥᠷᠥᠯ ᠲᠡᠮᠳᠡᠭ᠎ᠢ ᠡᠭᠦᠳᠪᠡ᠃ 

ᠵᠢᠭᠤᠯᠴᠢᠯᠠᠯ᠎ᠢ ᠭᠦᠨᠵᠡᠭᠡᠢᠷᠡᠭᠦᠯᠦᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ᠎ᠶ᠋ᠢ ᠭᠦᠨᠵᠡᠭᠡᠢᠷᠡᠭᠦᠯᠵᠦ᠍᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠷᠳᠡᠭ᠎ᠤ᠋ᠨ ᠵᠢᠯᠤᠭᠤᠲᠤᠯᠭ᠎ᠠ᠂ ᠭᠤᠤᠯᠯᠠᠭ᠍ᠴᠢ ᠬᠦᠴᠦᠨ᠎ᠦ ᠪᠣᠯᠪᠠᠰᠤᠷᠠᠯ᠂ ᠲᠠᠢᠯᠪᠤᠷᠢᠯᠠᠯᠲᠠ᠎ᠶᠢᠨ ᠵᠢᠷᠤᠮᠵᠢᠯ᠂ ᠳᠡᠯᠭᠡᠨ ᠦᠵᠡᠭᠦᠯᠬᠡ᠎ᠶᠢᠨ ᠳᠡᠭᠡᠭ᠌ᠰᠢᠯᠡᠯᠲᠠ ᠵᠡᠷᠭᠡ 6 ᠵᠦᠶ᠋ᠯ᠎ᠦᠨ ᠠᠵᠢᠯᠯᠠᠭ᠎ᠠ᠎ᠥᠷᠨᠢᠭᠦᠯᠵᠠᠢ᠃ ᠡᠯ᠎ᠡ ᠭᠠᠵᠠᠷ᠎ᠤᠨ ᠤᠨᠴᠠᠯᠢᠭ᠍ᠲᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠬᠠᠩᠭᠠᠯᠭ᠎ᠠ᠂ ᠤᠨᠴᠠᠯᠢᠭ᠍ᠲᠤ ᠰᠣᠶᠣᠯ ᠵᠢᠭᠤᠯᠴᠢᠯᠠᠯ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠴᠢᠡᠭᠭᠠᠳᠬᠠᠨ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠵᠤᠵᠠᠭᠠᠳᠬᠠᠪᠠ᠃ ᠬᠥᠯᠥᠨ ᠪᠣᠢᠷ ᠬᠣᠲᠠ᠎ᠶᠢᠨ 《ᠠᠭᠤᠰᠤᠯᠴᠠᠯ᠎ᠤᠨ ᠵᠠᠮ》 ᠰᠣᠶᠣᠯ ᠵᠢᠭᠤᠯᠴᠢᠯᠠᠯ᠎ᠤᠨ ᠠᠭᠤᠰᠤᠯᠴᠠᠭ᠍ᠰᠠᠨ ᠲᠥᠷᠥᠯ ᠲᠡᠮᠳᠡᠭ᠂ ᠪᠠᠶᠠᠨᠨᠠᠭᠤᠷ ᠬᠣᠲᠠ᠎ᠶᠢᠨ 《ᠮᠤᠨᠠ ᠠᠭᠤᠯᠠ》 ᠰᠣᠶᠣᠯ ᠵᠢᠭᠤᠯᠴᠢᠯᠠᠯ᠎ᠤᠨ ᠠᠭᠤᠰᠤᠯᠴᠠᠭ᠍ᠰᠠᠨ ᠱᠢᠷᠢᠰ ᠠᠵᠢᠯᠯᠠᠭ᠎ᠠ᠂ ᠣᠷᠳᠣᠰ ᠬᠣᠲᠠ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭ᠌ᠳᠡᠯᠲᠦ ᠵᠦᠴᠦᠭᠡ 《ᠣᠷᠳᠣᠰ᠎ᠬᠤᠷᠢᠮ》 ᠵᠡᠷᠭᠡ ᠨᠢ ᠳᠤᠮᠳᠠᠳᠤ᠎ᠶ᠋ᠢᠨ ᠱᠢᠯᠢᠳᠡᠭ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠬᠡᠷ ᠣᠷᠣᠨ᠎ᠢ ᠴᠣᠭ᠍ᠴᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ 

ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠦᠷᠬᠦᠯᠵᠢᠯᠠᠨ ᠭᠦᠨᠵᠡᠭᠡᠢᠷᠡᠭᠦᠯᠵᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠡᠨᠡ᠎ᠬᠦ᠌ ᠠᠯᠲᠠᠨ ᠦᠰᠦᠭᠲᠤ ᠫᠠᠢᠰᠠ᠎ᠶᠢ ᠦᠷᠭᠦᠯᠵᠢᠯᠡᠨ ᠭᠡᠷᠡᠯᠲᠦᠭᠦᠯᠪᠠ

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠤᠪᠵᠢᠬᠦᠯᠬᠡ᠎ᠶᠢᠨ ᠬᠤᠭᠤᠴᠠᠭᠠᠨ᠎ᠳᠤ᠂ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ 《8+N》 ᠬᠠᠮᠲᠤ᠎ᠪᠠᠷ ᠪᠠᠢᠭᠤᠯᠵᠤ ᠬᠠᠮᠲᠤ᠎ᠪᠠᠷ ᠡᠭᠦᠳᠬᠦ᠌ ᠵᠡᠷᠭᠡ ᠲᠦᠷᠢᠮ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠡᠭᠦᠳᠦᠨ ᠪᠠᠢᠭᠤᠯᠬᠤ ᠠᠵᠢᠯ᠎ᠤᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠲᠠᠰᠤᠷᠠᠯᠲᠠ ᠥᠬᠡᠶ ᠨᠢᠭ᠍ᠲᠠᠷᠠᠭᠤᠯᠵᠠᠢ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠰᠤᠳᠤᠯᠭᠠᠨ᠎ᠤ ᠢᠨᠵᠧᠨᠧᠷᠢᠩ᠎ᠢ ᠬᠡᠷᠡᠭ᠌ᠵᠢᠭᠦᠯᠦᠨ᠂ 《ᠰᠤᠳᠤᠯᠭᠠᠨ᠎ᠤ ᠲᠥᠪ+ ᠰᠠᠭᠤᠷᠢᠨ᠎ᠦ ᠬᠣᠯᠪᠣᠭ᠎ᠠ+ ᠰᠤᠳᠤᠯᠭᠠᠨ᠎ᠤ ᠰᠠᠭᠤᠷᠢᠨ》᠎ᠦ ᠠᠵᠢᠯ᠎ᠤᠨ ᠲᠣᠭ᠍ᠲᠠᠴᠠ᠎ᠶ᠋ᠢ ᠪᠠᠢᠭᠤᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ᠎ᠢ 26 ᠱᠢᠯᠭᠠᠷᠠᠭᠤᠯᠤᠨ ᠪᠠᠢᠭᠤᠯᠵᠤ᠂ 《ᠨᠠᠮ᠎ᠤᠨ ᠠᠴᠢ᠎ᠳᠦ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠨ ᠤᠷᠤᠬᠰᠢᠯᠠᠬᠤ》 ᠭᠤᠤᠯ ᠰᠡᠳᠤᠪᠳᠦ ᠤᠬᠠᠭᠤᠯᠤᠨ ᠳᠠᠢᠯᠪᠤᠷᠢᠯᠠᠯᠳᠠ ᠵᠢᠴᠢ 《ᠠᠨᠠᠷ᠎ᠤᠨ ᠬᠡᠯᠬᠢᠶ᠎ᠠ》 ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ᠎ᠶᠢ 8600 ᠭᠠᠷᠤᠢ ᠳᠠᠯᠠᠪᠠᠢ ᠤᠳᠠᠭ᠎ᠠ ᠥᠷᠨᠢᠭᠦᠯᠪᠡ; ᠴᠥᠭᠡᠨ ᠲᠣᠭᠠᠲᠤ᠌ ᠦᠨᠳᠦᠰᠦᠲᠡᠨ᠎ᠦ ᠬᠥᠭᠵᠢᠯᠲᠡ᠎ᠶᠢᠨ ᠡᠭᠦᠷᠭᠡ᠎ᠶᠢᠨ ᠪᠠᠯᠠ ᠮᠥᠩᠭᠥ᠎ᠶᠢ ᠨᠡᠶ᠋ᠢᠲᠡ 35.39 ᠳ᠋ᠦᠩᠰᠢᠭᠤᠷ ᠲᠥᠭᠥᠷᠢᠭ ᠪᠠᠭᠤᠯᠭᠠᠵᠤ᠂ ᠬᠠᠮᠲᠤ᠎ᠪᠠᠷ ᠴᠢᠨᠡᠭᠡᠯᠢᠭᠵᠢᠬᠦ᠌ ᠲᠥᠷᠥᠯ ᠵᠦᠢᠯ᠎ᠢ 3640 ᠬᠡᠷᠡᠭᠵᠢᠭᠦᠯᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠢᠨᠡᠭᠡᠯᠢᠭᠵᠢᠬᠦ᠌᠎ᠶᠢ ᠠᠬᠢᠭᠤᠯᠵᠠᠢ᠃ ᠬᠢᠯᠢ ᠬᠢᠵᠠᠭᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶᠢ ᠭᠦᠨᠵᠡᠭᠡᠶ᠋ᠢᠷᠡᠭᠦᠯᠵᠦ᠍᠂ ᠥᠪᠡᠷᠲᠡᠭᠡᠨ ᠵᠠᠰᠠᠬᠤ ᠣᠷᠣᠨ ᠨᠡᠶ᠋ᠢᠲᠡ 216 ᠳ᠋ᠦᠡᠭᠰᠢᠭᠤᠷ ᠲᠥᠭᠥᠷᠢᠭ᠎ᠦᠨ ᠪᠡᠯᠡ ᠮᠥᠩᠭᠥ᠌ ᠲᠣᠬᠢᠷᠠᠭᠤᠯᠵᠤ᠂ ᠬᠢᠯᠢ ᠬᠢᠵᠠᠭᠠᠷ ᠣᠷᠣᠨ᠎ᠤ ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ ᠵᠡᠷᠭᠡ ᠰᠠᠭᠤᠷᠢ ᠲᠦᠬᠦᠬᠡᠷᠤᠮᠵᠢ᠎ᠶᠢᠨ ᠪᠦᠲᠦᠭᠡᠨ ᠪᠠᠶ᠋ᠢᠭᠤᠯᠤᠯᠲᠠ᠎ᠶᠢᠨ ᠢᠨᠵᠧᠨᠧᠷᠢᠩ᠎ᠢ ᠠᠬᠢᠭᠤᠯᠪᠠ᠃ ᠡᠨᠡ ᠵᠢᠯ 《ᠠᠷᠠᠳ᠎ᠤᠨ ᠡᠵᠡᠩᠨᠡᠯᠳᠡ᠎ᠶᠢᠨ ᠠᠵᠤ ᠠᠬᠤᠶ᠋ᠢᠯᠠᠯ᠎ᠤᠨ ᠬᠢᠯᠢ ᠬᠢᠵᠠᠭᠠᠷ ᠣᠷᠣᠨ᠎ᠳᠤ ᠬᠦᠨᠵᠡᠭᠡᠢᠷᠡᠬᠦ ᠥᠪᠥᠷ ᠮᠣᠩᠭᠣᠯ᠎ᠳᠠᠬᠢ ᠠᠶᠠᠯᠠᠯ》᠎ᠦᠨ ᠠᠵᠢᠯᠯᠠᠭ᠎ᠠ᠎ᠶᠢ ᠠᠮᠵᠢᠯᠲᠠ᠎ᠲᠠᠶ ᠡᠷᠭᠢᠯᠡᠵᠦ᠍᠂ 40 ᠲᠥᠷᠥᠯ ᠵᠦᠢᠯ᠎ᠤᠨ ᠭᠡᠷ᠎ᠡ ᠲᠣᠭᠲᠠᠬᠤ᠎ᠶᠢ ᠠᠬᠢᠭᠤᠯᠵᠤ᠂ ᠬᠡᠯᠡᠯᠴᠡᠭᠡᠷ᠎ᠦᠨ ᠪᠥᠬᠥ᠌ ᠵᠣᠭᠣᠰ᠎ᠤᠨ ᠲᠣᠭ᠎ᠠ 517.2 ᠳ᠋ᠦᠩᠰᠢᠭᠤᠷ ᠲᠥᠭᠥᠷᠢᠭ᠎ᠲᠦ᠍ ᠬᠦᠷᠴᠠᠢ᠃

ᠪᠥᠬᠥ᠌ ᠲᠠᠯ᠎ᠠ᠎ᠪᠠᠷ ᠰᠢᠭᠢᠳᠬᠡᠨ ᠣᠷᠣᠭᠤᠯᠬᠤ ᠠᠷᠭ᠎ᠠ ᠵᠠᠮ᠎ᠢ ᠥᠷᠭᠡᠳᠬᠡᠬᠦ᠌᠂ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠠᠯ᠎ᠠ᠎ᠪᠠᠷ ᠲᠠᠰ ᠳᠡᠪᠰᠢᠭᠦᠯᠦᠨ ᠬᠦᠴᠦᠯᠡᠵᠦ᠍᠂ ᠦᠨᠳᠦᠰᠦᠨ ᠱᠠᠲᠤᠨ᠎ᠤ ᠲᠦᠷᠦᠯ ᠲᠠᠮᠳᠡᠭ᠎ᠢ 500 ᠭᠠᠷᠤᠶ ᠡᠭᠦᠳᠴᠦ᠂ ᠡᠭᠦᠳᠦᠨ ᠪᠠᠶ᠋ᠢᠭᠤᠯᠤᠭᠰᠠᠨ ᠦᠷ᠎ᠡ ᠪᠦᠲᠦᠭᠡᠯ᠎ᠦᠨ ᠴᠡᠭ᠎ᠨᠢ 3000 ᠎ᠶ᠋ᠢ ᠳᠠᠪᠠᠵᠤ᠂ 42 ᠭᠠᠵᠠᠷ ᠣᠷᠣᠨ ᠪᠠ ᠨᠢᠭᠡᠴᠢ᠎ᠨᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ᠌ ᠲᠣᠭᠣᠷᠢᠭ᠎ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠦᠨᠡᠯᠡᠭᠳᠡᠵᠦ᠂ ᠦᠨᠳᠦᠰᠦᠳᠡᠨ᠎ᠤ ᠪᠦᠯᠬᠦᠮᠳᠡᠯ ᠳᠠᠪᠰᠢᠯᠳᠠ᠎ᠶᠢᠨ ᠵᠢᠱ᠌ᠢᠶ᠎ᠡ ᠦᠵᠡᠭᠦᠯᠦᠨ ᠬᠦᠳᠦᠯᠦᠨ ᠳᠠᠭᠠᠭᠤᠯᠬᠤ ᠪᠠᠶ᠋ᠢᠷᠢᠰᠢᠯ᠎ᠢ ᠦᠨᠳᠦᠰᠦᠨ᠎ᠳᠡᠭᠡᠨ ᠪᠦᠷᠢᠯᠳᠦᠬᠦᠯᠪᠡ᠃ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠥᠬᠢᠭᠦᠯᠦᠯ᠎ᠢ ᠶᠡᠬᠡ᠎ᠪᠡᠷ ᠥᠷᠨᠢᠭᠦᠯᠤᠨ᠂ 14 ᠬᠠᠮᠲᠤ᠌ ᠪᠠ 17 ᠬᠤᠪᠢ ᠬᠥᠮᠦᠨ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠬᠠᠮᠲᠤ᠌ ᠪᠠ ᠵᠢᠱ᠌ᠢᠶᠡᠴᠢ ᠬᠤᠪᠢ ᠬᠥᠮᠦᠨ᠎ᠦ ᠢᠷᠠᠭᠤ ᠠᠯᠳᠠᠷ᠎ᠢ ᠬᠦᠷᠲᠡᠵᠦ᠍᠂ ᠥᠪᠡᠷᠲᠡᠭᠡᠨ ᠵᠠᠰᠠᠬᠤ ᠣᠷᠣᠨ᠎ᠠᠴᠠ 200 ᠵᠢᠱ᠌ᠢᠶᠡᠴᠢ ᠬᠠᠮᠲᠤ᠌ ᠪᠠ 300 ᠵᠢᠱ᠌ᠢᠶᠡᠴᠢ ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠵᠤ᠂ ᠨᠡᠶ᠋ᠢᠭᠡᠮ ᠳᠠᠶᠠᠭᠠᠷ᠎ᠲᠤ᠌ 《ᠳᠤᠮᠳᠠᠳᠤ᠎ᠶᠢᠨ ᠦᠨᠳᠦᠰᠦᠲᠡᠨ ᠨᠢᠭᠡ ᠬᠡᠷ᠎ᠤᠨ ᠬᠦᠮᠦᠨ ᠮᠡᠲᠦ᠍ ᠳᠣᠲᠣᠨᠣ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠪᠡᠨ ᠬᠠᠮᠲᠤ᠎ᠪᠠᠷ ᠲᠡᠷᠭᠡᠯᠰᠢᠭᠦᠯᠬᠦ᠌》 ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠪᠠ᠃

ᠢᠷᠡᠯᠲᠡ᠄    