2025 ᠣᠨ᠎ᠤ 12 ᠳ᠋ᠤᠭᠠᠷ ᠰᠠᠷ᠎ᠠ᠎ᠶᠢᠨ 23᠎ᠤ ᠡᠳᠦᠷ᠎ᠦᠨ 10 ᠴᠠᠭ 08 ᠮᠢᠨᠦ᠋ᠲ᠎ᠲᠦ D4667 ᠳ᠋ᠤᠭᠠᠷ ᠭᠠᠯᠲᠤ ᠲᠡᠷᠭᠡ ᠪᠤᠭᠤᠲᠤ ᠥᠷᠲᠡᠭᠡ᠎ᠡᠴᠡ ᠮᠣᠷᠳᠠᠵᠠᠢ᠂ ᠡᠨᠡ ᠨᠢ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠾᠦᠢ ᠨᠦᠩ ᠬᠦᠷᠬᠦ ᠬᠡᠰᠡᠭ᠎ᠤᠨ ᠵᠠᠮ ᠵᠢᠩᠬᠢᠨᠢ᠎ᠪᠡᠷ ᠠᠰᠢᠭ᠍ᠯᠠᠯᠲᠠ᠎ᠳᠤ ᠣᠷᠣᠵᠤ᠂ ᠪᠤᠭᠤᠲᠤ᠎ᠡᠴᠡ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠥᠬᠥ ᠱᠤᠭᠤᠮ᠎ᠢᠶᠠᠷ ᠲᠡᠷᠭᠡ ᠨᠡᠪᠲᠡᠷᠡᠭᠰᠡᠨ᠎ᠢ ᠬᠠᠷᠠᠭᠤᠯᠵᠤ ᠪᠠᠢᠨ᠎ᠠ᠃
ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠪᠤᠭᠤᠲᠤ ᠥᠷᠲᠡᠭᠡ᠎ᠡᠴᠡ ᠡᠬᠢᠯᠡᠵᠦ᠂ ᠭᠣᠣᠯ ᠱᠤᠭᠤᠮ᠎ᠤᠨ ᠪᠦᠬᠦ ᠤᠷᠲᠤ ᠨᠢ 519 ᠺᠢᠯᠣᠮᠧᠲᠷ᠂ ᠲᠥᠯᠥᠪᠯᠡᠭᠰᠡᠨ ᠬᠤᠷᠳᠤᠴᠠ ᠨᠢ 250 ᠺᠢᠯᠣᠮᠧᠲᠷ / ᠴᠠᠭ ᠪᠠᠢᠵᠤ᠂ ᠵᠠᠮ ᠳᠠᠭᠠᠤ 13 ᠥᠷᠲᠡᠭᠡ᠎ᠶᠢ ᠳᠠᠮᠵᠢᠵᠤ᠂ ᠪᠤᠭᠤᠲᠤ᠎ᠡᠴᠡ ᠢᠷᠭᠠᠢ᠎ᠳᠤ ᠬᠠᠮᠤᠭ ᠬᠤᠷᠳᠤᠨᠳᠦᠪᠡᠨ 2 ᠴᠠᠭ 38 ᠮᠢᠨᠦ᠋ᠲ᠎ᠲᠦ ᠬᠦᠷᠬᠦ ᠪᠣᠯᠣᠨ᠎ᠠ᠃
ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠡᠪᠲᠡᠷᠡᠭᠰᠡᠨ ᠨᠢ ᠮᠠᠨ᠎ᠤ ᠤᠯᠤᠰ᠎ᠤᠨ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠡᠭᠡᠵᠢᠩ᠎ᠡᠴᠡ ᠯᠠᠨᠵᠧᠦ ᠬᠦᠷᠬᠦ ᠨᠡᠪᠲᠡᠷᠡᠯ ᠵᠠᠮ ᠪᠥᠬᠥ ᠱᠤᠭᠤᠮ᠎ᠢᠶᠠᠷ ᠲᠡᠷᠭᠡ ᠨᠡᠪᠲᠡᠷᠡᠵᠦ᠂ ᠪᠠᠶᠠᠨᠨᠠᠭᠤᠷ ᠬᠤᠳᠠ᠂ ᠦᠬᠠᠢ ᠬᠤᠳᠠ ᠲᠦᠷᠭᠡᠨ᠎ᠦ ᠲᠡᠮᠦᠷ ᠵᠠᠮ᠎ᠤᠨ ᠴᠠᠭ ᠦᠶ᠎ᠡ᠎ᠳᠦ ᠣᠷᠣᠭᠰᠠᠨ᠎ᠢ ᠬᠠᠷᠠᠭᠤᠯᠵᠤ ᠪᠠᠢᠨ᠎ᠠ᠃ ᠮᠠᠨ᠎ᠤ ᠤᠯᠤᠰ᠎ᠤᠨ ᠪᠠᠷᠠᠭᠤᠨ ᠬᠣᠢᠲᠤ ᠣᠷᠣᠨ᠎ᠤ ᠲᠦᠷᠭᠡᠨ᠎ᠦ ᠲᠡᠮᠦᠷ ᠵᠠᠮ᠎ᠤᠨ ᠲᠣᠣᠷ᠎ᠤᠨ ᠪᠠᠢᠷᠢᠰᠢᠭᠤᠯᠤᠯᠲᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠨᠢ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠰᠢᠨ᠎ᠡ ᠴᠠᠭ ᠦᠶ᠎ᠡ᠎ᠳᠡᠬᠢ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠳᠦ ᠮᠠᠰᠢ ᠴᠢᠬᠤᠯᠠ ᠠᠴᠢ ᠬᠣᠯᠪᠣᠭᠳᠠᠯ ᠲᠠᠢ ᠶᠤᠮ᠃