ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ ᠵᠠᠮ ᠲᠡᠭᠡᠭᠡᠪᠦᠷᠢ᠎ᠶᠢᠨ 《ᠮᠤᠵᠢ ᠠᠯᠤᠰᠯᠠᠨ ᠨᠡᠢᠳᠡᠮ ᠭᠦᠢᠴᠡᠳᠬᠡᠭᠰᠡᠨ》 ᠬᠡᠮᠵᠢᠶ᠎ᠡ 117 ᠲᠦᠮᠡ᠎ᠶᠢ ᠳᠠᠪᠠᠵᠤ  ᠣᠨᠳᠣᠣ ᠭᠠᠵᠠᠷ᠎ᠲᠤ ᠠᠵᠢᠯ ᠶᠠᠪᠤᠳᠠᠯ ᠭᠦᠢᠴᠡᠳᠬᠡᠬᠦ ᠬᠦᠴᠢᠷᠳᠡᠯ᠎ᠢ ᠪᠦᠲᠦᠮᠵᠢᠲᠡᠢ ᠰᠢᠢᠳᠪᠦᠷᠢᠯᠡᠪᠡ
ᠨᠡᠶ᠋ᠢᠲᠡᠯᠡᠭᠰᠡᠨ ᠴᠠᠭ᠄ 2025-12-25

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠄ 12 ᠳ᠋ᠤᠭᠠᠷ ᠰᠠᠷ᠎ᠠ᠎ᠶᠢᠨ 24 ᠎ᠦ ᠡᠳᠦᠷ ᠪᠣᠯᠲᠠᠯ᠎ᠠ᠂ ᠪᠥᠬᠥ ᠣᠷᠣᠨ᠎ᠤ ᠵᠠᠮ ᠲᠡᠭᠡᠭᠡᠪᠦᠷᠢ᠎ᠶᠢᠨ ᠬᠦᠷᠢᠶᠡᠨ᠎ᠳᠡᠬᠢ 《ᠮᠤᠵᠢ ᠠᠯᠤᠰᠯᠠᠨ ᠨᠡᠢᠳᠡᠮ ᠭᠦᠢᠴᠡᠳᠬᠡᠬᠦ》 22 ᠵᠦᠢᠯ᠎ᠦᠨ ᠲᠤᠬᠠᠢᠯᠠᠭᠰᠠᠨ ᠠᠵᠢᠯ᠎ᠳᠠᠬᠢ ᠭᠦᠢᠴᠡᠳᠬᠡᠭᠰᠡᠨ ᠬᠡᠮᠵᠢᠶ᠎ᠡ ᠨᠡᠶ᠋ᠢᠲᠡ 117 ᠲᠦᠮᠡ᠎ᠶᠢ ᠳᠠᠪᠠᠵᠤ᠂ ᠠᠵᠢᠯ ᠬᠢᠭᠰᠡᠳ᠎ᠦᠨ ᠣᠨᠳᠣᠣ ᠭᠠᠵᠠᠷ᠎ᠲᠤ ᠠᠵᠢᠯ ᠶᠠᠪᠤᠳᠠᠯ ᠭᠦᠢᠴᠡᠳᠬᠡᠬᠦ᠎ᠳᠦ 《ᠬᠦᠴᠢᠷ᠂ ᠤᠳᠠᠭᠠᠨ᠂ ᠪᠤᠳᠤᠯᠢᠶᠠᠨᠲᠠᠢ》 ᠪᠠᠢᠳᠠᠭ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃

ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠬᠦ᠂ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠢ ᠲᠣᠭᠲᠠᠮᠠᠯ ᠬᠤᠭᠤᠴᠠᠭ᠎ᠠ᠎ᠲᠠᠢ ᠵᠣᠬᠢᠶᠠᠨ ᠪᠠᠢᠭᠤᠯᠬᠤ᠂ ᠰᠢᠰᠲᠧᠮ᠎ᠦᠨ ᠴᠢᠳᠠᠮᠵᠢ᠎ᠶᠢ ᠬᠥᠳᠡᠯᠦᠩᠭᠦᠢ ᠰᠢᠯᠢᠳᠡᠭᠵᠢᠭᠦᠯᠬᠦ᠎ᠪᠡᠷ ᠳᠠᠮᠵᠢᠭᠤᠯᠤᠨ᠂ ᠦᠢᠯᠡᠴᠢᠯᠡᠭᠡᠨ᠎ᠦ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠩ᠎ᠦᠨ ᠡᠳ᠋ ᠪᠠᠷᠠᠭᠠᠨ᠎ᠤ ᠲᠡᠭᠡᠭᠡᠪᠦᠷᠢ᠎ᠶᠢᠨ ᠬᠦᠷᠢᠶᠡᠨ᠎ᠳᠦ᠂ ᠥᠪᠥᠷ ᠮᠣᠩᠭᠣᠯ ᠡᠵᠡᠩᠨᠡᠯᠲᠡ᠎ᠶᠢᠨ ᠵᠥᠪᠰᠢᠶᠡᠷᠡᠯ᠎ᠦᠨ ᠦᠨᠡᠮᠯᠡᠯ᠂ ᠲᠡᠭᠡᠭᠡᠪᠦᠷᠢ᠎ᠶᠢᠨ ᠦᠨᠡᠮᠯᠡᠯ ᠪᠠ ᠠᠵᠢᠯ ᠡᠷᠭᠢᠯᠡᠬᠦ ᠬᠢᠷᠢ ᠬᠡᠮ᠎ᠦᠨ ᠦᠨᠡᠮᠯᠡᠯ ᠵᠡᠷᠭᠡ 《ᠬᠥᠮᠥᠨ ᠲᠡᠷᠭᠡ ᠡᠷᠦᠬᠡ》 ᠭᠤᠷᠪᠠᠨ ᠲᠥᠷᠥᠯ᠎ᠦᠨ ᠦᠨᠡᠮᠯᠡᠯ᠎ᠦᠨ ᠪᠥᠬᠥ ᠴᠤᠪᠤᠷᠠᠯ᠎ᠢ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠡᠶᠡᠯᠡᠭᠦᠯᠵᠦ᠂ ᠭᠤᠶᠤᠴᠢᠯᠠᠬᠤ᠂ ᠬᠤᠪᠢᠷᠠᠭᠤᠯᠬᠤ᠂ ᠦᠨᠡᠮᠯᠡᠯ ᠰᠣᠯᠢᠬᠤ᠂ ᠬᠢᠨᠠᠨ ᠰᠢᠯᠭᠠᠬᠤ᠂ ᠬᠦᠴᠦᠨ ᠦᠭᠡᠢ ᠪᠣᠯᠭᠠᠬᠤ ᠵᠡᠷᠭᠡ ᠪᠥᠬᠥ ᠭᠣᠭᠴᠣᠭ᠎ᠠ᠎ᠶᠢ ᠬᠠᠮᠤᠷᠴᠤ᠂ ᠪᠠᠷᠠᠭᠠᠨ᠎ᠤ ᠲᠡᠭᠡᠭᠡᠪᠦᠷᠢ᠎ᠶᠢᠨ ᠲᠤᠬᠠᠢᠯᠠᠭᠰᠠᠨ ᠠᠵᠢᠯ᠎ᠤᠨ ᠭᠦᠢᠴᠡᠳᠬᠡᠬᠦ ᠦᠷ᠎ᠡ ᠪᠦᠲᠦᠮᠵᠢ᠎ᠶᠢ ᠢᠯᠡᠳᠲᠡ ᠳᠡᠭᠡᠭᠰᠢᠯᠡᠭᠦᠯᠦᠭᠰᠡᠨ ᠪᠠᠢᠨ᠎ᠠ᠃ ᠠᠳᠠᠯᠢ ᠬᠤᠭᠤᠴᠠᠭᠠᠨ᠎ᠳᠤ ᠪᠣᠯᠲᠠᠯ᠎ᠠ᠂ ᠪᠥᠬᠥ ᠣᠷᠣᠨ᠎ᠤ ᠡᠩ᠎ᠦᠨ ᠪᠠᠷᠠᠭᠠᠨ᠎ᠤ ᠲᠡᠭᠡᠭᠡᠪᠦᠷᠢ᠎ᠶᠢᠨ ᠲᠡᠷᠭᠡ ᠬᠥᠰᠬᠡ᠎ᠶᠢᠨ ᠣᠨ᠎ᠤ ᠬᠢᠨᠠᠨ ᠰᠢᠯᠭᠠᠬᠤ ᠲᠤᠬᠠᠢᠯᠠᠭᠰᠠᠨ ᠠᠵᠢᠯ᠎ᠢ ᠭᠦᠢᠴᠡᠳᠬᠡᠭᠰᠡᠨ ᠬᠡᠮᠵᠢᠶ᠎ᠡ 43 ᠲᠦᠮᠡᠨ ᠬᠤᠪᠢ᠎ᠳᠤ ᠬᠥᠷᠪᠡ᠃

ᠡᠭᠦᠨ᠎ᠡᠴᠡ ᠭᠠᠳᠠᠨ᠎ᠠ᠂ 2025 ᠣᠨ᠎ᠤ 9 ᠳ᠋ᠦ᠍ᠭᠡᠷ ᠰᠠᠷ᠎ᠠ᠎ᠳᠤ᠂ ᠥᠪᠥᠷ ᠮᠣᠩᠭᠣᠯ ᠲᠦᠷᠢᠶᠡᠰᠦᠨ ᠮᠠᠰᠢᠨ ᠲᠡᠷᠭᠡᠨ᠎ᠦ ᠵᠢᠯᠣᠭᠣᠴᠢ᠎ᠶᠢᠨ ᠠᠵᠢᠯ ᠡᠷᠭᠢᠯᠡᠬᠦ ᠬᠢᠷᠢ ᠬᠡᠮ᠎ᠦᠨ ᠦᠨᠡᠮᠯᠡᠯ᠎ᠢ ᠳᠠᠩᠰᠠᠯᠠᠭᠤᠯᠬᠤ ᠪᠠ ᠬᠦᠴᠦᠨ ᠦᠭᠡᠢ ᠪᠣᠯᠭᠠᠬᠤ᠂ ᠲᠡᠭᠡᠭᠡᠪᠦᠷᠢ ᠡᠵᠡᠩᠨᠡᠯᠲᠡ᠎ᠶᠢᠨ ᠮᠠᠰᠢᠨ ᠲᠡᠷᠭᠡᠨ᠎ᠦ ᠲᠡᠭᠡᠭᠡᠪᠦᠷᠢᠯᠡᠬᠦ᠎ᠶᠢ ᠨᠢ ᠵᠣᠭᠰᠤᠭᠠᠬᠤ ᠪᠠ ᠲᠡᠭᠡᠭᠡᠪᠦᠷᠢᠯᠡᠬᠦ᠎ᠪᠡᠨ ᠰᠡᠷᠭᠦᠭᠡᠬᠦ ᠵᠡᠷᠭᠡ 4 ᠵᠦᠢᠯ᠎ᠦᠨ ᠥᠨᠳᠥᠷ ᠳᠠᠪᠲᠠᠮᠵᠢᠲᠤ ᠲᠤᠬᠠᠢᠯᠠᠭᠰᠠᠨ ᠠᠵᠢᠯ᠎ᠢᠶᠠᠨ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠪᠥᠬᠥ ᠤᠯᠤᠰ᠎ᠲᠤ ᠤᠷᠢᠳ᠎ᠢᠶᠠᠷ ᠪᠡᠶᠡᠯᠡᠭᠦᠯᠦᠭᠰᠡᠨ ᠪᠠᠢᠨ᠎ᠠ᠃ ᠰᠦᠯᠵᠢᠶᠡᠨ᠎ᠳᠦ ᠭᠠᠷᠭᠠᠵᠤ ᠠᠵᠢᠯᠯᠠᠭᠤᠯᠤᠭᠰᠠᠨ᠎ᠠᠴᠠ ᠨᠠᠭᠠᠰᠢ᠂ ᠬᠣᠯᠪᠣᠭᠳᠠᠯ ᠪᠦᠬᠦᠢ ᠲᠤᠬᠠᠢᠯᠠᠭᠰᠠᠨ ᠠᠵᠢᠯ᠎ᠤᠨ ᠭᠦᠢᠴᠡᠳᠬᠡᠭᠰᠡᠨ ᠬᠡᠮᠵᠢᠶ᠎ᠡ 5800 ᠎ᠶᠢ ᠳᠠᠪᠠᠵᠠᠢ᠃

ᠢᠷᠡᠯᠲᠡ᠄    