ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠯᠵᠡᠢ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ ᠤᠯᠤᠰ᠎ᠤᠨ ᠰᠢᠯᠭᠠᠨ ᠪᠠᠢᠴᠠᠭᠠᠯᠲᠠ᠎ᠳᠤ ᠪᠠᠲᠤᠯᠠᠭᠳᠠᠪᠠ
ᠨᠡᠶ᠋ᠢᠲᠡᠯᠡᠭᠰᠡᠨ ᠴᠠᠭ᠄ 2025-12-26

ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 12 ᠳ᠋ᠤᠭᠠᠷ ᠰᠠᠷ᠎ᠠ᠎ᠶᠢᠨ 25᠎ᠤ ᠡᠳᠦᠷ᠂ ᠥᠯᠵᠡᠢ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ ᠨᠢ ᠤᠯᠤᠰ᠎ᠤᠨ ᠰᠢᠯᠭᠠᠨ ᠪᠠᠢᠴᠠᠭᠠᠯᠲᠠ᠎ᠳᠦ ᠤᠷᠤᠭᠰᠢᠲᠠᠢ ᠪᠠᠲᠤᠯᠠᠭᠳᠠᠪᠠ᠂ ᠡᠨᠡ ᠨᠢ ᠠᠯᠠᠱᠠ ᠠᠢᠮᠠᠭ᠎ᠤᠨ ᠤᠮᠠᠷᠠᠰᠢ ᠨᠡᠭᠡᠭᠡᠯᠲᠡ ᠬᠢᠬᠦ ᠶᠠᠪᠤᠴᠠ᠎ᠳᠤ᠎ᠪᠡᠨ ᠳᠠᠬᠢᠨᠲᠠ ᠵᠠᠩᠭᠢᠯᠠᠭ᠎ᠠ᠎ᠶᠢᠨ ᠬᠦᠢᠰᠦ ᠪᠠ ᠴᠢᠬᠤᠯᠠ ᠡᠭᠦᠳᠡ ᠡᠷᠦᠬᠡ ᠨᠡᠮᠡᠵᠦ᠂ ᠥᠪᠡᠷᠲᠡᠭᠡᠨ ᠵᠠᠰᠠᠬᠤ ᠣᠷᠣᠨ᠎ᠠᠴᠠ ᠮᠣᠩᠭᠣᠯ ᠤᠯᠤᠰ ᠲᠡᠢᠰᠢ ᠨᠡᠭᠡᠭᠡᠯᠲᠡ ᠬᠢᠭᠰᠡᠨ ᠬᠢᠯᠢ᠎ᠶᠢᠨ ᠪᠣᠭᠣᠮᠲᠠ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠳᠦ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠭᠰᠡᠨ᠎ᠢ ᠬᠠᠷᠠᠭᠤᠯᠵᠤ ᠪᠠᠢᠨ᠎ᠠ᠃ 

ᠥᠯᠵᠡᠢ ᠬᠢᠯᠢ᠎ᠶᠢᠨ ᠪᠣᠭᠣᠮᠲᠠ ᠨᠢ ᠠᠯᠠᠱᠠ ᠵᠡᠭᠦᠨ ᠬᠣᠰᠢᠭᠤᠨ᠎ᠤ ᠥᠯᠵᠡᠢ ᠰᠤᠮᠤ᠎ᠳᠤ ᠪᠠᠢᠷᠢᠯᠠᠵᠤ᠂ ᠮᠣᠩᠭᠣᠯ ᠤᠯᠤᠰ᠎ᠤᠨ ᠡᠮᠦᠨ᠎ᠡ ᠭᠣᠪᠢ ᠠᠢᠮᠠᠭ᠎ᠤᠨ ᠴᠠᠭᠠᠨ ᠳᠡᠯ ᠠᠭᠤᠯᠠ ᠬᠢᠯᠢ᠎ᠶᠢᠨ ᠪᠣᠭᠣᠮᠲᠠ ᠯᠤᠭ᠎ᠠ ᠬᠠᠷᠠᠭᠠᠯᠵᠠᠭᠰᠠᠨ ᠮᠠᠨ᠎ᠤ ᠤᠯᠤᠰ᠎ᠡᠴᠡ ᠮᠣᠩᠭᠣᠯ ᠤᠯᠤᠰ᠎ᠲᠤ ᠨᠡᠪᠲᠡᠷᠡᠬᠦ ᠬᠠᠮᠤᠭ᠎ᠤᠨ ᠳᠥᠭᠥᠮ ᠳᠥᠲᠡ ᠬᠠᠭᠤᠷᠠᠢ ᠵᠠᠮ᠎ᠤᠨ ᠬᠢᠯᠢ᠎ᠶᠢᠨ ᠪᠣᠭᠣᠮᠲᠠ᠎ᠶᠢᠨ ᠨᠢᠭᠡ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠥᠯᠵᠡᠢ ᠬᠢᠯᠢ᠎ᠶᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠯᠠᠪᠳᠠᠭᠤᠨ᠎ᠢᠶᠠᠷ ᠠᠬᠢᠵᠤ᠂ 21 ᠲᠦᠷᠦᠯ᠎ᠦᠨ ᠭᠣᠣᠯᠳᠠᠯᠭ᠎ᠠ ᠪᠣᠯᠬᠤ ᠲᠦᠷᠦᠯ ᠵᠦᠢᠯ᠎ᠢ ᠬᠡᠷᠡᠭᠵᠢᠭᠦᠯᠦᠨ᠂ ᠲᠥᠯᠦᠪᠵᠢᠭᠦᠯᠭᠡ᠎ᠶᠢᠨ ᠶᠡᠷᠦᠩᠬᠡᠢ ᠪᠡᠯᠡ ᠣᠷᠣᠭᠤᠯᠤᠯᠲᠠ ᠨᠢ 26.6 ᠳ᠋ᠦᠩᠰᠢᠭᠤᠷ ᠲᠥᠭᠥᠷᠢᠭ᠎ᠲᠦ ᠬᠦᠷᠴᠡᠢ᠃ ᠬᠣᠯᠪᠣᠭᠠᠯᠠᠨ ᠪᠠᠢᠴᠠᠭᠠᠬᠤ ᠠᠰᠠᠷ᠂ ᠪᠠᠷᠠᠭᠠᠨ᠎ᠤ ᠲᠡᠭᠡᠭᠡᠪᠦᠷᠢ᠎ᠶᠢᠨ ᠵᠠᠮ᠂ ᠠᠶᠠᠨᠴᠢᠳ᠎ᠤᠨ ᠵᠥᠭᠡᠭᠡᠪᠦᠷᠢ᠎ᠶᠢᠨ ᠵᠠᠮ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠬᠢᠨᠠᠯᠲᠠ ᠬᠠᠮᠢᠶᠠᠷᠤᠯᠲᠠ᠎ᠶᠢᠨ ᠲᠠᠯᠠᠪᠤᠷ ᠵᠡᠷᠭᠡ ᠭᠣᠣᠯᠯᠠᠬᠤ ᠲᠥᠷᠥᠯ ᠵᠦᠢᠯ᠎ᠢ ᠵᠠᠯᠭᠠᠭ᠎ᠠ᠎ᠪᠠᠷ ᠪᠠᠢᠭᠤᠯᠵᠤ ᠳᠠᠭᠤᠰᠬᠠᠨ᠂ ᠤᠰᠤ᠂ ᠴᠠᠬᠢᠯᠭᠠᠨ᠂ ᠵᠠᠮ᠂ ᠴᠢᠮᠡᠭᠡ ᠬᠣᠯᠪᠣᠭ᠎ᠠ ᠵᠡᠷᠭᠡ ᠢᠵᠢ ᠪᠦᠷᠢᠳᠦᠭᠰᠡᠨ ᠰᠠᠭᠤᠷᠢ ᠪᠡᠯᠡᠳᠬᠡᠮᠵᠢ᠎ᠶᠢ ᠪᠥᠬᠥ ᠲᠠᠯ᠎ᠠ᠎ᠪᠠᠷ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠭᠤᠯᠵᠤ᠂ ᠬᠢᠯᠢ᠎ᠶᠢᠨ ᠪᠣᠭᠣᠮᠲᠠ᠎ᠶᠢᠨ ᠵᠢᠩᠬᠢᠨᠢ᠎ᠪᠡᠷ ᠨᠡᠭᠡᠭᠡᠯᠲᠡ ᠬᠢᠵᠦ ᠠᠵᠢᠯᠯᠠᠭᠤᠯᠬᠤ᠎ᠳᠤ ᠰᠠᠭᠤᠷᠢ ᠲᠠᠯᠪᠢᠵᠤ ᠥᠭᠪᠡ᠃ 

ᠥᠯᠵᠡᠢ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ ᠨᠢ 2016 ᠣᠨ᠎ᠳᠤ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠭᠠᠳᠠᠭ᠍ᠰᠢ ᠨᠡᠭᠡᠭᠡᠯᠲᠡ ᠬᠢᠬᠦ ᠴᠣᠬᠣᠯᠠᠪᠤᠷᠢᠯᠠᠭᠰᠠᠨ ᠵᠥᠪᠰᠢᠶᠡᠷᠡᠯ᠎ᠢ ᠣᠯᠵᠤ᠂ ᠲᠥᠯᠥᠪᠵᠢᠭᠦᠯᠦᠨ ᠪᠦᠲᠦᠭᠡᠨ ᠪᠠᠢᠭᠤᠯᠵᠤ ᠡᠬᠢᠯᠡᠭᠡᠳ᠂ 2020 ᠣᠨ᠎ᠤ 12 ᠳ᠋ᠤᠭᠠᠷ ᠰᠠᠷ᠎ᠠ᠎ᠳᠤ ᠲᠦᠷ ᠴᠠᠭ᠎ᠤᠨ ᠨᠡᠪᠲᠡᠷᠡᠬᠦ ᠬᠢᠯᠢ᠎ᠶᠢᠨ ᠪᠣᠭᠣᠮᠲᠠ ᠪᠣᠯᠪᠠ᠃ ᠡᠨᠡ ᠤᠳᠠᠭᠠᠨ᠎ᠤ ᠰᠢᠯᠭᠠᠨ ᠪᠠᠢᠴᠠᠭᠠᠯᠲᠠ᠎ᠳᠤ ᠪᠠᠲᠤᠯᠠᠭᠳᠠᠭᠰᠠᠨ᠎ᠤ ᠳᠠᠷᠠᠭ᠎ᠠ᠂ ᠥᠯᠵᠡᠢ ᠬᠢᠯᠢ᠎ᠶᠢᠨ ᠪᠣᠭᠣᠮᠲᠠ ᠨᠢ ᠠᠯᠠᠱᠠ ᠠᠢᠮᠠᠭ᠎ᠤᠨ ᠬᠢᠯᠢ᠎ᠶᠢᠨ ᠠᠷᠠᠯᠵᠢᠶᠠᠨ᠎ᠤ ᠬᠣᠶᠠᠳᠠᠭᠢ ᠰᠢᠨ᠎ᠡ ᠵᠠᠮ ᠪᠣᠯᠵᠤ᠂ ᠳᠤᠮᠳᠠᠳᠤ ᠪᠠ ᠮᠣᠩᠭᠣᠯ᠎ᠤᠨ ᠡᠨᠧᠷᠭᠢ᠂ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ᠎ᠶᠢ ᠤᠯᠠᠮ ᠨᠢᠭᠡ ᠠᠯᠬᠤᠮ ᠰᠠᠭᠠᠳ ᠦᠭᠡᠢ ᠨᠠᠪᠲᠠᠷᠡᠭᠦᠯᠵᠦ᠂ ᠬᠣᠶᠠᠷ ᠤᠯᠤᠰ᠎ᠤᠨ ᠰᠣᠶᠣᠯ᠂ ᠵᠢᠭᠤᠯᠴᠢᠯᠠᠯ᠂ ᠡᠷᠡᠭᠦᠯ ᠬᠠᠮᠠᠭᠠᠯᠠᠯ ᠵᠡᠷᠭᠡ ᠣᠯᠠᠨ ᠬᠦᠷᠢᠶᠡᠨ᠎ᠳᠡᠬᠢ ᠭᠦᠨᠵᠡᠭᠡᠢ ᠬᠠᠮᠲᠤᠷᠠᠯᠴᠠᠭ᠎ᠠ᠎ᠶᠢ ᠠᠬᠢᠭᠤᠯᠬᠤ᠎ᠶᠢᠨ ᠬᠠᠮᠲᠤ᠂ ᠥᠯᠵᠡᠢ ᠬᠢᠯᠢ᠎ᠶᠢᠨ ᠪᠣᠭᠣᠮᠲᠠ ᠨᠢ ᠭᠠᠭᠴᠠᠮᠣᠳᠤ᠂ ᠴᠡᠭᠡ ᠬᠢᠯᠢ᠎ᠶᠢᠨ ᠪᠣᠭᠣᠮᠲᠠ ᠯᠤᠭ᠎ᠠ ᠴᠢᠳᠠᠮᠵᠢ᠎ᠪᠠᠨ ᠬᠠᠷᠢᠯᠴᠠᠨ ᠨᠥᠬᠥᠪᠦᠷᠢᠯᠡᠭᠰᠡᠨ᠂ ᠪᠠᠢᠷᠢ ᠰᠣᠯᠪᠢᠴᠠᠨ ᠬᠥᠭᠵᠢᠭᠰᠡᠨ᠂ ᠣᠨᠴᠠᠯᠢᠭ᠋᠎ᠢᠶᠠᠷ ᠳᠣᠪᠤᠢᠮ᠎ᠠ ᠥᠪᠥᠷ ᠮᠣᠩᠭᠣᠯ᠎ᠤᠨ ᠪᠠᠷᠠᠭᠤᠨ ᠬᠡᠰᠡᠭ᠎ᠲᠠᠬᠢ ᠬᠢᠯᠢ᠎ᠶᠢᠨ ᠪᠣᠭᠣᠮᠲᠠ᠎ᠶᠢᠨ ᠰᠦᠷᠦᠭᠵᠢᠯ᠎ᠢ ᠪᠣᠶ ᠪᠣᠯᠭᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠬᠢᠯᠢ᠎ᠶᠢᠨ ᠪᠣᠭᠣᠮᠲᠠ᠎ᠶᠢᠨ ᠪᠠᠢᠷᠢᠯᠠᠭᠤᠯᠤᠯᠲᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ