ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ   ᠸᠠᠩ ᠸᠧᠢ ᠵᠥᠩ ᠬᠤᠷᠠᠯ᠎ᠢ ᠡᠷᠬᠢᠯᠡᠵᠡᠢ
ᠨᠡᠶ᠋ᠢᠲᠡᠯᠡᠭᠰᠡᠨ ᠴᠠᠭ᠄ 2025-12-27

12 ᠰᠠᠷ᠎ᠠ᠎ᠶᠢᠨ 26 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠬᠤᠷᠠᠯ ᠬᠤᠷᠠᠯᠳᠤᠭᠤᠯᠵᠤ᠂ 12 ᠰᠠᠷ᠎ᠠ᠎ᠶᠢᠨ 25 ᠎ᠤ ᠡᠳᠦᠷ᠎ᠦᠨ ᠲᠥᠪ᠎ᠦᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠥᠪ᠎ᠦᠨ ᠠᠵᠤ ᠠᠬᠤᠢᠯᠠᠯ᠎ᠤᠨ ᠠᠵᠢᠯ᠎ᠳᠤ ᠥᠭᠭᠦᠭᠰᠡᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ ᠬᠤᠷᠠᠯ᠎ᠢ ᠡᠷᠬᠢᠯᠡᠵᠡᠢ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠬᠠᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠣᠷᠣᠯᠴᠠᠨ ᠨᠠᠷᠢᠯᠢᠭ᠋ ᠣᠢᠯᠠᠭᠠᠵᠤ᠂ ᠲᠥᠪ᠎ᠦᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠬᠡᠷᠡᠭᠲᠡᠢ᠃ ᠤᠯᠤᠰ ᠲᠥᠷᠥ᠎ᠶᠢᠨ ᠬᠢᠨᠠᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠤᠲᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ᠎ᠶᠢᠨ ᠪᠠᠢᠭᠤᠯᠤᠯᠲᠠ᠎ᠶᠢ ᠭᠦᠨᠵᠡᠭᠡᠢ ᠠᠬᠢᠭᠤᠯᠵᠤ᠂ ᠨᠠᠮ᠎ᠤᠨ ᠭᠡᠰᠢᠭᠦᠨ ᠺᠠᠲ᠌ᠷᠴᠤᠳ᠎ᠢ ᠬᠥᠮᠥᠵᠢᠭᠦᠯᠦᠨ ᠵᠢᠯᠤᠭᠣᠳᠴᠤ ᠰᠠᠬᠢᠯᠭ᠎ᠠ ᠪᠠᠲᠤ᠎ᠶᠢᠨ ᠤᠬᠠᠮᠰᠠᠷ᠎ᠢ ᠴᠢᠩᠭᠠᠳᠬᠠᠵᠤ᠂ ᠥᠪᠡᠷ᠎ᠢ᠎ᠪᠡᠨ ᠱᠠᠭᠠᠷᠳᠠᠬᠤ᠎ᠶᠢ ᠴᠢᠩᠭᠠᠳᠬᠠᠬᠤ ᠬᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠣᠯᠠᠨ ᠲᠦᠮᠡᠨ᠎ᠦ ᠳᠡᠷᠭᠡᠲᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠡᠷᠬᠡ᠎ᠶᠢᠨ ᠲᠣᠬᠢᠷᠠᠭᠤᠯᠤᠯᠲᠠ᠎ᠶᠢᠨ ᠠᠵᠢᠯᠯᠠᠭᠠᠨ᠎ᠤ ᠬᠢᠵᠠᠭᠠᠷᠯᠠᠯ ᠪᠠ ᠬᠢᠨᠠᠯᠲᠠ ᠲᠠᠯᠪᠢᠬᠤ ᠲᠣᠭᠲᠠᠴᠠ᠎ᠶᠢ ᠲᠡᠭᠦᠯᠳᠡᠷᠵᠢᠭᠦᠯᠦᠨ᠂ ᠢᠯᠵᠢᠷᠠᠬᠤ᠎ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ᠎ᠶᠢ ᠪᠣᠳᠣᠬᠤ ᠦᠭᠡᠢ ᠪᠠᠢᠬᠤ᠎ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ᠂ ᠬᠠᠤᠯᠢᠵᠢᠭᠤᠯᠬᠤ᠂ ᠵᠢᠩᠬᠢᠨᠢᠴᠢᠯᠡᠬᠦ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠬᠠᠷᠢᠭᠤᠴᠠᠯᠭ᠎ᠠ ᠡᠭᠦᠷᠭᠡᠯᠡᠯ ᠲᠡᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠪᠥᠬᠥ ᠬᠦᠴᠦᠨ᠎ᠢᠶᠡᠷ᠎ᠢᠶᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠪᠥᠬᠥ ᠣᠷᠣᠨ᠎ᠤ ᠡᠯ᠎ᠡ ᠱᠠᠲᠤᠨ᠎ᠤ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠤᠯᠤᠰ᠎ᠤᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠢ ᠦᠢᠯᠡᠴᠢᠯᠡᠭᠦᠯᠵᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠭᠦᠯᠵᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠦᠢᠯᠡᠴᠢᠯᠡᠭᠦᠯᠵᠦ᠂ ᠥᠪᠥᠷ ᠮᠣᠩᠭᠣᠯ᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ᠎ᠶᠢᠨ ᠲᠣᠭᠲᠠᠴᠠ ᠪᠣᠯᠣᠨ ᠣᠳᠣ᠌ ᠦᠶ᠎ᠡ᠎ᠶᠢᠨ ᠠᠵᠤ ᠠᠬᠤᠢᠯᠠᠯ᠎ᠤᠨ ᠬᠠᠮᠢᠶᠠᠷᠤᠯᠲᠠ᠎ᠶᠢᠨ ᠳᠦᠷᠢᠮ᠎ᠢ ᠲᠦᠷᠭᠡᠨ᠎ᠢᠶᠡᠷ ᠲᠣᠭᠲᠠᠭᠠᠵᠤ᠂ ᠬᠢᠨᠠᠨ ᠰᠢᠯᠭᠠᠵᠤ ᠦᠨᠡᠯᠡᠬᠦ ᠰᠢᠰᠲ᠋ᠸᠮ᠎ᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠪᠤᠲᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠬᠦᠴᠦᠨ᠎ᠢᠶᠡᠨ ᠲᠥᠪᠯᠡᠷᠡᠭᠦᠯᠦᠨ ᠭᠣᠣᠯ ᠬᠠᠷᠢᠭᠤᠴᠠᠯᠭ᠎ᠠ ᠭᠣᠣᠯ ᠠᠵᠢᠯ᠎ᠢᠶᠠᠨ ᠨᠠᠷᠢᠯᠢᠭ᠋ ᠬᠢᠵᠦ᠂ ᠠᠷᠭ᠎ᠠ ᠪᠥᠬᠥᠨ᠎ᠢ ᠰᠦᠪᠡᠭᠴᠢᠯᠡᠵᠦ ᠭᠣᠣᠯᠯᠠᠭᠴᠢ ᠴᠢᠳᠠᠪᠬᠢ ᠪᠣᠯᠣᠨ ᠭᠣᠣᠯᠯᠠᠭᠴᠢ ᠥᠷᠢᠰᠦᠯᠳᠦᠬᠦ ᠬᠦᠴᠦᠨ᠎ᠢᠶᠡᠨ ᠴᠢᠩᠭᠠᠳᠬᠠᠬᠤ ᠬᠡᠷᠡᠭᠲᠡᠢ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠲᠦᠷᠦᠭᠦᠯᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠷᠤᠭᠤᠯᠤᠯᠲᠠ᠎ᠪᠠᠨ ᠨᠡᠮᠡᠭᠳᠡᠭᠦᠯᠵᠦ᠂ ᠴᠢᠳᠠᠯ ᠪᠠ ᠬᠡᠷᠡᠭᠴᠡᠭᠡ᠎ᠳᠡᠭᠡᠨ ᠰᠠᠭᠤᠷᠢᠯᠠᠨ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠤᠯᠲᠠ᠎ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ᠎ᠶᠢ ᠲᠦᠷᠭᠡᠳᠬᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠢᠳᠡᠪᠬᠢᠲᠡᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠨᠠᠮ᠎ᠤᠨ ᠤᠳᠤᠷᠢᠳᠤᠯᠭ᠎ᠠ᠎ᠶᠢ ᠺᠣᠮᠫᠠᠨᠢ᠎ᠶᠢᠨ ᠬᠠᠤᠯᠢ᠎ᠶᠢᠨ ᠡᠷᠬᠡᠲᠡᠨ᠎ᠦ ᠵᠠᠰᠠᠯᠲᠠ᠎ᠶᠢᠨ ᠪᠦᠲᠦᠴᠡ᠎ᠳᠦ ᠪᠦᠲᠦᠮᠵᠢᠲᠡᠢ ᠠᠭᠤᠰᠤᠯᠴᠠᠭᠤᠯᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠰᠤᠷᠲᠠᠯ ᠴᠢᠭᠡᠴᠢ ᠣᠪᠣᠷ ᠲᠥᠪ ᠤᠯᠠᠰ ᠲᠥᠷᠥ᠎ᠶᠢᠨ ᠠᠮᠢ ᠠᠬᠤᠢ᠎ᠶᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠮᠥᠩᠭᠥᠨ ᠭᠦᠢᠯᠭᠡᠭᠡᠨ᠎ᠦ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠮᠥᠩᠭᠥᠨ ᠭᠦᠢᠯᠭᠡᠭᠡ᠎ᠶᠢᠨ ᠰᠢᠰᠲ᠋ᠸᠮ᠎ᠦᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠲᠣᠬᠢᠷᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢ ᠨᠢᠭᠡᠲᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠮᠥᠩᠭᠥᠨ ᠭᠦᠢᠯᠭᠡᠭᠡ᠎ᠶᠢᠨ ᠭᠣᠣᠯᠳᠠᠯᠭ᠎ᠠ ᠲᠠᠢ ᠠᠵᠢᠯ᠎ᠢ ᠡᠷᠴᠢᠮᠲᠡᠢ ᠡᠮᠬᠢ ᠵᠢᠷᠤᠮ ᠲᠠᠢ ᠪᠦᠲᠦᠮᠵᠢᠲᠡᠢ ᠰᠠᠢᠲᠤᠷ ᠬᠢᠬᠦ ᠬᠡᠷᠡᠭᠲᠡᠢ᠃ ᠲᠣᠭᠲᠠᠴᠠ ᠪᠠᠢᠭᠤᠯᠬᠤ᠂ ᠬᠠᠮᠢᠶᠠᠷᠤᠯᠲᠠ᠎ᠪᠠᠨ ᠴᠢᠩᠭᠠᠳᠬᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠬᠥᠭᠵᠢᠯᠲᠡ᠎ᠶᠢᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ᠃

ᠵᠣᠬᠢᠰᠲᠠᠢ ᠠᠭᠤᠵᠢᠭᠤ ᠪᠠᠢᠯᠭᠠᠬᠤ ᠵᠣᠭᠣᠰᠣᠨ᠎ᠤ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠮᠥᠩᠭᠥᠨ ᠭᠦᠢᠯᠭᠡᠭᠡ᠂ ᠪᠣᠬᠢᠷᠲᠤᠯ ᠦᠭᠡᠢ ᠮᠥᠩᠭᠥᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠥᠨ ᠭᠦᠢᠯᠭᠡᠭᠡ᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥᠨ ᠭᠦᠢᠯᠭᠡᠭᠡ᠂ ᠲᠣᠭᠠᠴᠢᠯᠠᠭ᠍ᠰᠠᠨ ᠮᠥᠩᠭᠥᠨ ᠭᠦᠢᠯᠭᠡᠭᠡ ᠵᠡᠷᠭᠡ 《ᠲᠠᠪᠤᠨ ᠶᠡᠬᠡ ᠠᠵᠢᠯ》᠎ᠢ ᠦᠷᠭᠦᠯᠵᠢᠯᠡᠨ ᠰᠠᠢᠲᠤᠷ ᠬᠢᠵᠦ᠍᠂ ᠡᠯ᠎ᠡ ᠲᠦᠷᠦᠯ᠎ᠦᠨ ᠮᠥᠩᠭᠥᠨ ᠭᠦᠢᠯᠭᠡᠭᠡ᠎ᠶᠢᠨ ᠠᠶᠤᠯ ᠲᠦᠭ᠌ᠰᠢᠭᠦᠷᠢ᠎ᠶ᠋ᠢ ᠬᠦᠴᠦᠯᠡᠨ ᠰᠡᠷᠭᠡᠢᠯᠡᠨ ᠠᠷᠢᠯᠭᠠᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠦᠴᠦᠲᠡᠢ ᠪᠦᠲᠦᠮᠵᠢᠲᠡᠢ ᠳᠡᠮᠵᠢᠬᠦ᠌ ᠬᠡᠷᠡᠭ᠌ᠲᠡᠢ᠃ ᠮᠥᠩᠭᠥᠨ ᠭᠦᠢᠯᠭᠡᠭᠡ᠎ᠶᠢᠨ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠮᠥᠩᠭᠥᠨ ᠭᠦᠢᠯᠭᠡᠭᠡ᠎ᠶᠢᠨ ᠬᠦᠷᠢᠶᠡᠨ᠎ᠳ᠋ᠡᠬᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠠᠯᠪᠠᠨ ᠲᠢᠩᠬᠢᠮ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ᠎ᠦᠨ 《2026 ᠣᠨ᠎ᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》 ᠪᠣᠯᠤᠨ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ 《2026 ᠣᠨ᠎ᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠰᠤᠷᠲᠠᠯ᠎ᠢ ᠴᠡᠭ᠌ᠴᠡᠯᠡᠵᠦ᠍ ᠰᠠᠬᠢᠯᠭ᠎ᠠ ᠪᠠᠲᠤ᠎ᠶ᠋ᠢ ᠴᠢᠩᠳᠠᠯᠠᠬᠤ ᠠᠵᠢᠯ᠎ᠢ ᠰᠠᠢᠲᠤᠷ ᠬᠢᠬᠦ᠌ ᠲᠤᠬᠠᠢ ᠮᠡᠳᠡᠭ᠌ᠳᠡᠯ》᠎ᠤᠨ ᠵᠣᠷᠢᠭ ᠰᠠᠨᠠᠭ᠎ᠠ᠎ᠶᠢ ᠤᠯᠠᠮᠵᠢᠯᠠᠵᠤ᠂ ᠡᠯ᠎ᠡ ᠱᠠᠲᠤᠨ᠎ᠤ ᠬᠢᠨ 《ᠴᠠᠭ ᠢᠮᠠᠭ᠍ᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠭᠢᠯᠭᠡ᠎ᠲᠡᠶ ᠪᠠᠢᠵᠤ᠂ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠠᠵᠢᠯ᠎ᠤᠨ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠵᠤ᠂ ᠬᠣᠤᠰ ᠪᠠᠶᠠᠷ᠎ᠤᠨ ᠬᠤᠭᠤᠴᠠᠭᠠᠨ᠎ᠳᠠᠬᠢ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌᠂ ᠵᠠᠬ᠎ᠠ ᠳᠡᠯᠭᠡᠭᠦᠷ᠎ᠦᠨ ᠬᠠᠩᠭᠠᠯᠭ᠎ᠠ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ᠎ᠶᠠᠪᠤᠵᠤ ᠰᠠᠭᠤᠬᠤ᠂ ᠠᠶᠤᠯᠭᠦᠶ ᠦᠢᠯᠡᠳᠪᠦᠷᠢᠯᠡᠯ᠂ ᠨᠡᠢᠭᠡᠮ᠎ᠦᠨ ᠲᠣᠭ᠍ᠲᠠᠭᠤᠨ ᠵᠡᠷᠭᠡ ᠡᠯ᠎ᠡ ᠵᠦᠶ᠋ᠯ᠎ᠦᠨ ᠠᠵᠢᠯ᠎ᠢ ᠴᠢᠨᠭᠭ᠎ᠠ ᠨᠢᠮᠪᠠᠢ ᠰᠠᠢᠳᠤᠷ ᠬᠢᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠺᠠᠳ᠋ᠷ᠎ᠤᠨ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠪᠠᠲᠤᠯᠠᠵᠤ᠂ ᠪᠣᠯᠪᠠᠰᠤᠨ ᠱᠢᠨ᠎ᠡ ᠰᠤᠷᠲᠠᠯ᠎ᠢ ᠰᠠᠨᠠᠭᠠᠴᠢᠯᠠᠵᠤ᠂ ᠣᠯᠠᠨ ᠲᠦᠮᠡᠨ᠎ᠦ ᠠᠮᠤᠷ ᠠᠮᠤᠭᠤᠯᠠᠩ᠎ᠢᠶᠠᠷ ᠪᠠᠶᠠᠷ ᠳᠤᠷᠠᠰᠭᠠᠯ᠎ᠤᠨ ᠡᠳᠦᠷ᠎ᠢᠶᠠᠨ ᠦᠨᠭᠭᠡᠷᠡᠬᠦᠯᠬᠦ᠎ᠶᠢ  ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠵᠤ ᠠᠬᠤᠶ᠎ᠶ᠋ᠢᠨ ᠡᠷᠭᠢᠯᠲᠡ᠎ᠶ᠋ᠢᠨ ᠪᠠᠢᠳᠠᠯ ᠪᠣᠯᠤᠨ 2026 ᠣᠨ᠎ᠤ ᠠᠵᠤ ᠠᠬᠤᠶ᠎ᠶ᠋ᠢᠨ ᠠᠵᠢᠯ᠎ᠤᠨ ᠲᠣᠬᠢᠷᠠᠭᠤᠯᠤᠯᠲᠠ᠎ᠶ᠋ᠢᠨ ᠰᠠᠨᠠᠭᠤᠯᠭ᠎ᠠ᠎ᠶᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠡᠯᠡᠳᠭᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠢ 12 ᠰᠠᠷ᠎ᠠ᠎ᠶ᠋ᠢᠨ 29 ᠎ᠤ ᠡᠳᠦᠷ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠪᠠ᠂ ᠭᠣᠣᠯ ᠡᠭᠦᠷᠭᠡ ᠨᠢ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠪᠣᠯᠤᠨ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠣᠳᠣᠬᠠᠨ᠎ᠤ ᠠᠵᠤ ᠠᠬᠤᠢ᠎ᠶ᠋ᠢᠨ ᠪᠠᠢᠳᠠᠯ᠎ᠢ ᠵᠠᠳᠠᠯᠵᠤ᠂ 2026 ᠣᠨ᠎ᠤ ᠭᠣᠣᠯᠳᠠᠯᠭ᠎ᠠ᠎ᠲᠠᠶ ᠠᠵᠢᠯ᠎ᠢ ᠲᠤᠬᠢᠷᠠᠭᠤᠯᠤᠨ ᠪᠠᠢᠷᠢᠯᠠᠭᠤᠯᠤᠨ᠎ᠠ᠃

ᠬᠤᠷᠠᠯ᠎ᠡᠴᠡ 2025 ᠣᠨ᠎ᠤ ᠪᠥᠬᠥ᠌ ᠣᠷᠣᠨ᠎ᠤ ᠶᠠᠰᠤ ᠴᠢᠨᠠᠷ᠂ ᠢᠳᠡᠭᠡᠨ᠎ᠦ ᠠᠮᠤᠷ ᠲᠦᠪᠱᠢᠨ ᠪᠠ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠶᠠᠰᠤ ᠴᠢᠨᠠᠷ᠎ᠤᠨ ᠬᠦᠴᠦᠷᠬᠡᠭ ᠤᠷᠤᠨ᠎ᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠶᠠᠰᠤ ᠴᠢᠨᠠᠷ᠎ᠢᠶᠠᠷ ᠭᠡᠯᠬᠢᠶ᠎ᠠ᠎ᠶᠢ ᠬᠦᠴᠦᠷᠬᠡᠭ᠌ᠵᠢᠭᠦᠯᠬᠦ᠌᠂ ᠠᠵᠤ ᠠᠬᠤᠢᠯᠠᠯ᠎ᠢ ᠬᠦᠴᠦᠷᠬᠡᠭ᠌ᠵᠢᠭᠦᠯᠬᠦ᠌᠂ ᠱᠢᠶᠠᠨ᠎ᠢ ᠬᠦᠴᠦᠷᠬᠡᠭ᠌ᠵᠢᠭᠦᠯᠬᠦ᠌ ᠢᠨᠵᠧᠨᠧᠷᠢᠩ᠎ᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠢᠲᠠᠶ ᠦᠶ᠋ᠯᠡᠳᠬᠦᠨ ᠪᠠ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠬᠦ᠌ ᠬᠡᠷᠡᠭ᠌ᠲᠡᠶ᠃ 《ᠳᠥᠷᠪᠡᠨ ᠬᠠᠮᠤᠭ᠎ᠤᠨ ᠴᠢᠩᠭ᠎ᠠ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠤᠤᠯᠳᠠᠯᠭ᠎ᠠ᠎ᠲᠠᠶ ᠭᠣᠭ᠍ᠴᠣᠭ᠎ᠠ ᠪᠠ ᠲᠠᠯᠠᠪᠤᠷ ᠭᠠᠵᠠᠷ᠎ᠤᠨ ᠢᠳᠡᠭᠡᠨ᠎ᠦ ᠠᠮᠤᠷ ᠲᠦᠪᠱᠢᠨ᠎ᠦ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠰᠠᠢᠲᠤᠷ ᠠᠳᠭᠤᠵᠤ᠂ ᠣᠯᠠᠨ ᠲᠦᠮᠡᠨ᠎ᠦ 《ᠢᠳᠡᠭᠡᠨ᠎ᠤ ᠠᠮᠤᠷ ᠲᠦᠪᠱᠢᠨ》᠎ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠬᠤ ᠬᠡᠷᠡᠭ᠌ᠲᠡᠶ᠃ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠯᠤᠭᠡ ᠨᠢᠭ᠍ᠲᠠ ᠤᠶᠠᠯᠳᠤᠭᠤᠯᠤᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠡᠭᠦᠳᠬᠦ ᠪᠠ ᠨᠥᠭᠡᠴᠡᠯᠡᠬᠦ᠌᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ ᠪᠣᠯᠭᠠᠨ ᠤᠨᠳᠤᠤᠰᠢᠭᠤᠯᠬᠤ᠎ᠶᠢ ᠠᠬᠢᠭᠤᠯᠵᠤ᠂ ᠮᠠᠨ᠎ᠤ ᠣᠷᠣᠨ᠎ᠤ ᠮᠡᠳᠡᠯᠭᠡ᠎ᠶ᠋ᠢᠨ ᠦᠮᠴᠢᠯᠡᠯ ᠤ᠋ᠨ ᠡᠷᠬᠡ᠎ᠶ᠋ᠢᠨ ᠲᠤᠭ᠎ᠠ ᠬᠡᠮᠵᠢᠶ᠎ᠠ  ᠶᠠᠰᠤ ᠴᠢᠨᠠᠷ᠎ᠤᠨ ᠵᠡᠷᠭᠡ᠎ᠪᠡᠷ ᠳᠡᠭᠡᠭ᠌ᠰᠢᠯᠡᠬᠦ᠌᠎ᠶ᠋ᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠣᠭᠣᠷᠢᠨ ᠪᠠᠢᠴᠠᠭᠠᠬᠤ ᠠᠵᠢᠯ᠎ᠤᠨ ᠪᠠᠢᠳᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠣᠯᠣᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠤᠭ᠍ᠰᠠᠨ ᠪᠠ ᠦᠷ᠎ᠡ ᠪᠦᠲᠦᠭᠡᠯ᠎ᠢ ᠠᠱᠢᠭ᠍ᠯᠠᠭ᠍ᠰᠠᠨ ᠶᠡᠷᠦᠩᠬᠡᠢ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠯᠢᠬ ᠣᠢᠯᠠᠭᠠᠵᠤ᠂ ᠤᠯᠤᠰ ᠲᠦᠷᠦ᠍᠎ᠶ᠋ᠢᠨ ᠲᠣᠭᠣᠷᠢᠨ ᠪᠠᠢᠴᠠᠭᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠰᠠᠬᠢᠵᠤ᠂ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠠᠪᠴᠤ᠌ ᠪᠠᠢᠭᠠᠳ ᠤᠯᠤᠰ ᠲᠦᠷᠦ᠍᠎ᠶ᠋ᠢᠨ ᠬᠢᠨᠠᠯᠲᠠ᠎ᠶ᠋ᠢ ᠭᠦᠨᠵᠡᠭᠡᠢ ᠠᠬᠢᠭᠤᠯᠤᠨ ᠪᠣᠳᠠᠲᠠᠢᠵᠢᠭᠤᠯᠵᠤ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠯᠠᠪᠳᠠᠭᠤᠨ ᠪᠠᠲᠤᠲᠠᠢ ᠰᠠᠢᠲᠤᠷ ᠠᠳᠭᠤᠵᠤ᠂ ᠡᠯ᠎ᠡ ᠲᠠᠯ᠎ᠠ᠎ᠶ᠋ᠢᠨ ᠬᠢᠨ᠎ᠦ ᠨᠢᠭᠡᠳᠦᠯᠲᠡᠢ ᠲᠥᠯᠥᠪᠵᠢᠭᠦᠯᠦᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠲᠣᠭᠣᠷᠢᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ ᠬᠣᠯᠪᠣᠭ᠍ᠳᠠᠯ ᠪᠦᠬᠦᠢ ᠮᠤᠵᠢ᠎ᠶ᠋ᠢᠨ ᠲᠡᠰ᠎ᠤᠨ ᠤᠳᠤᠷᠢᠳᠭᠤ ᠨᠥᠬᠥᠳ᠎ᠦᠨ ᠬᠤᠪᠢᠳᠠᠨ ᠬᠠᠮᠢᠶᠠᠷᠴᠦ ᠪᠠᠢᠭ᠎ᠠ ᠠᠵᠢᠯ ᠲᠦᠷᠦᠯ᠎ᠤᠨ ᠥᠭᠡᠷᠡᠴᠢᠯᠡᠯᠲᠡ᠎ᠶ᠋ᠢ ᠠᠬᠢᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 《ᠬᠥᠮᠦᠨ ᠠᠮᠠ᠎ᠶ᠋ᠢᠨ ᠲᠠᠷᠬᠠᠯᠲᠠ ᠪᠣᠯᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠵᠢᠨ ᠬᠠᠷᠢᠯᠴᠠᠨ ᠵᠤᠬᠢᠴᠠᠯᠳᠤᠬᠤ᠎ᠶᠢ ᠠᠬᠢᠭᠤᠯᠬᠤ ᠲᠤᠬᠠᠢ ᠰᠠᠨᠠᠯ》᠎ᠢ ᠬᠢᠨᠠᠨ ᠵᠦᠪᠯᠡᠵᠡᠢ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ