ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ 2026 ᠣᠨ᠎ᠤ ᠰᠢᠨ᠎ᠡ ᠵᠢᠯ᠎ᠦᠨ ᠠᠮᠠᠷᠠᠯᠲᠠ᠎ᠶᠢᠨ ᠬᠤᠭᠤᠴᠠᠭᠠᠨ᠎ᠳᠡᠬᠢ ᠵᠠᠰᠠᠮᠠᠯ ᠵᠠᠮ᠎ᠤᠨ ᠠᠶᠠᠯᠠᠯ᠎ᠤᠨ ᠦᠢᠯᠡᠴᠢᠯᠡᠭᠡᠨ᠎ᠦ ᠵᠦᠭᠯᠡᠭᠦᠷ᠎ᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-12-29

27᠎ᠤ ᠡᠳᠦᠷ᠂ ᠥᠪᠥᠷ ᠮᠣᠩᠭᠣᠯ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ 2026 ᠣᠨ᠎ᠤ ᠰᠢᠨ᠎ᠡ ᠵᠢᠯ᠎ᠦᠨ ᠠᠮᠠᠷᠠᠯᠲᠠ᠎ᠶᠢᠨ ᠬᠤᠭᠤᠴᠠᠭᠠᠨ᠎ᠳᠠᠬᠢ ᠵᠠᠰᠠᠮᠠᠯ ᠵᠠᠮ᠎ᠤᠨ ᠠᠶᠠᠯᠠᠯ᠎ᠤᠨ ᠦᠢᠯᠡᠴᠢᠯᠡᠭᠡᠨ᠎ᠦ ᠵᠦᠭᠯᠡᠭᠦᠷ᠎ᠢ ᠨᠡᠢᠲᠡᠯᠡᠪᠡ᠃ 

2026 ᠣᠨ᠎ᠤ ᠰᠢᠨ᠎ᠡ ᠵᠢᠯ᠎ᠦᠨ ᠠᠮᠠᠷᠠᠯᠲᠠ᠎ᠶᠢᠨ ᠬᠤᠭᠤᠴᠠᠭ᠎ᠠ ᠪᠣᠯ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 1 ᠳ᠋ᠦ᠍ᠭᠡᠷ ᠰᠠᠷ᠎ᠠ᠎ᠶᠢᠨ 3᠎ᠤ ᠡᠳᠦᠷ ᠪᠣᠯᠲᠠᠯᠠᠬᠢ 3 ᠡᠳᠦᠷ ᠪᠣᠯᠣᠨ᠎ᠠ᠂ ᠪᠥᠬᠥ ᠤᠯᠤᠰ᠎ᠤᠨ ᠰᠦᠢᠳᠬᠡᠯ ᠬᠤᠷᠢᠶᠠᠬᠤ ᠵᠠᠰᠠᠮᠠᠯ ᠵᠠᠮ ᠬᠡᠪ᠎ᠦᠨ ᠶᠣᠰᠣᠭᠠᠷ ᠰᠦᠢᠳᠬᠡᠯ ᠬᠤᠷᠢᠶᠠᠨ᠎ᠠ᠃ 2026 ᠣᠨ᠎ᠤ ᠰᠢᠨ᠎ᠡ ᠵᠢᠯ᠎ᠦᠨ ᠠᠮᠠᠷᠠᠯᠲᠠ᠎ᠶᠢᠨ ᠲᠣᠬᠢᠷᠠᠭᠤᠯᠤᠯᠲᠠ᠂ ᠣᠯᠠᠨ ᠨᠡᠶ᠋ᠢᠲᠡ᠎ᠶᠢᠨ ᠭᠠᠳᠠᠭ᠍ᠰᠢ ᠠᠶᠠᠯᠠᠬᠤ ᠬᠦᠰᠡᠯ ᠰᠠᠨᠠᠭ᠎ᠠ᠂ ᠠᠮᠠᠷᠠᠯᠲᠠ᠎ᠶᠢᠨ ᠬᠤᠭᠤᠴᠠᠭᠠᠨ᠎ᠳᠠᠬᠢ ᠴᠠᠭ ᠠᠭᠤᠷ᠎ᠤᠨ ᠪᠠᠢᠳᠠᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠭᠠᠳ᠂ ᠵᠢᠱ᠌ᠢᠯᠲᠡ᠎ᠪᠡᠷ ᠣᠯᠠᠨ ᠨᠡᠶ᠋ᠢᠲᠡ᠎ᠶᠢᠨ ᠭᠠᠳᠠᠭ᠍ᠰᠢ ᠠᠶᠠᠯᠠᠬᠤ ᠬᠠᠯᠠᠮᠰᠢᠯ ᠵᠣᠬᠢᠬᠤ ᠬᠡᠮᠵᠢᠶ᠎ᠡ᠎ᠪᠡᠷ ᠳᠡᠭᠡᠭᠰᠢᠯᠡᠵᠦ᠂ ᠡᠪᠦᠯ᠎ᠦᠨ ᠤᠯᠠᠷᠢᠯ᠎ᠤᠨ ᠵᠢᠭᠤᠯᠴᠢᠯᠠᠯ᠂ ᠮᠥᠰᠥ ᠴᠠᠰᠤᠨ᠎ᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ ᠪᠠ ᠲᠥᠷᠥᠯ ᠰᠠᠳᠤᠨ ᠨᠠᠢᠵᠠ ᠨᠥᠬᠥᠳ᠎ᠢᠶᠡᠨ ᠡᠷᠭᠢᠵᠦ ᠦᠵᠡᠬᠦ ᠵᠡᠷᠭᠡ᠎ᠪᠡᠷ ᠭᠣᠣᠯᠯᠠᠵᠤ᠂ ᠤᠷᠳᠤᠪᠲᠤᠷ ᠪᠠ ᠣᠢᠷ᠎ᠠ ᠵᠠᠭᠤᠷ᠎ᠠ᠎ᠶᠢᠨ ᠠᠶᠠᠯᠠᠯ ᠢᠯᠡᠳᠲᠡ ᠨᠡᠮᠡᠭᠳᠡᠬᠦ ᠪᠣᠯᠣᠨ᠎ᠠ᠃ 

ᠠᠶᠠᠨᠴᠢᠳ᠎ᠤᠨ ᠪᠠ ᠪᠠᠷᠠᠭᠠᠨ᠎ᠤ ᠲᠡᠷᠭᠡ᠎ᠶᠢᠨ ᠪᠠᠢᠳᠠᠯ᠎ᠠᠴᠠ ᠦᠵᠡᠪᠡᠯ᠂ ᠵᠢᠱ᠌ᠢᠯᠲᠡ᠎ᠪᠡᠷ ᠲᠦᠷᠭᠡᠨ᠎ᠦ ᠵᠠᠰᠠᠮᠠᠯ ᠵᠠᠮ᠎ᠤᠨ ᠠᠶᠠᠨᠴᠢᠳ᠎ᠤᠨ ᠮᠠᠰᠢᠨ ᠲᠡᠷᠭᠡᠨ᠎ᠦ ᠡᠵᠡᠯᠡᠬᠦ ᠬᠠᠷᠢᠴᠠᠯ ᠨᠢ 66%᠎ᠡᠴᠡ ᠳᠡᠭᠡᠭᠰᠢ᠎ᠳᠦ ᠬᠦᠷᠴᠦ᠂ ᠢᠯᠠᠩᠭᠤᠶ᠎ᠠ ᠠᠮᠠᠷᠠᠯᠲᠠ᠎ᠶᠢᠨ ᠡᠮᠦᠨ᠎ᠡ ᠡᠳᠦᠷ ᠪᠠ ᠠᠮᠠᠷᠠᠯᠲᠠ᠎ᠶᠢᠨ ᠬᠠᠮᠤᠭ ᠰᠡᠭᠦᠯᠴᠢ᠎ᠶᠢᠨ ᠡᠳᠦᠷ᠎ᠲᠠᠬᠢ ᠡᠯ᠎ᠡ ᠭᠠᠵᠠᠷ᠎ᠤᠨ ᠰᠦᠢᠳᠬᠡᠯ ᠬᠤᠷᠢᠶᠠᠬᠤ ᠥᠷᠲᠡᠭᠡᠨ᠎ᠦ ᠨᠡᠪᠲᠡᠷᠡᠬᠦ ᠳᠠᠷᠤᠭᠠᠰᠤ ᠨᠡᠯᠢᠶᠡᠳ ᠶᠡᠬᠡ ᠪᠣᠯᠣᠨ᠎ᠠ᠃ ᠠᠮᠠᠷᠠᠯᠲᠠ᠎ᠶᠢᠨ ᠬᠤᠭᠤᠴᠠᠭ᠎ᠠ᠎ᠪᠠᠷ ᠪᠥᠬᠥ ᠣᠷᠣᠨ᠎ᠳᠤ ᠲᠤᠩᠭᠠᠯᠠᠭ ᠡᠳᠦᠷ᠎ᠢᠶᠡᠷ ᠭᠣᠣᠯᠯᠠᠭᠤᠯᠤᠨ᠎ᠠ᠂ ᠵᠠᠮ ᠬᠠᠷᠢᠯᠴᠠᠭᠠᠨ᠎ᠤ ᠰᠠᠯᠠᠭ᠎ᠠ ᠮᠥᠴᠢᠷ᠎ᠠᠴᠠ ᠶᠡᠬᠡ ᠰᠠᠯᠬᠢᠨ ᠲᠠᠢ ᠬᠦᠢᠲᠡᠨ ᠠᠭᠤᠷ ᠠᠮᠢᠰᠬᠤᠯ ᠪᠠ ᠬᠦᠢᠲᠡᠷᠡᠵᠦ ᠬᠥᠯᠳᠡᠬᠦ ᠠᠭᠤᠷ ᠠᠮᠢᠰᠬᠤᠯ ᠭᠠᠷᠬᠤ᠎ᠶᠢ ᠰᠡᠷᠡᠮᠵᠢᠯᠡᠭᠦᠯᠵᠦ ᠪᠠᠢᠬᠤ ᠪᠥᠭᠡᠳ ᠴᠠᠭ ᠢᠮᠠᠭᠲᠠ ᠯᠠᠪᠳᠠᠭᠤᠨ ᠤᠳᠠᠭᠠᠨ ᠵᠢᠯᠣᠭᠣᠳᠴᠤ᠂ ᠵᠠᠮ᠎ᠤᠨ ᠪᠠᠢᠳᠠᠯ᠎ᠢ ᠠᠩᠬᠠᠷᠬᠤ ᠬᠡᠷᠡᠭᠲᠡᠢ ᠭᠡᠵᠦ ᠵᠢᠯᠣᠭᠣᠴᠢ ᠪᠠ ᠠᠶᠠᠨᠴᠢᠳ᠎ᠲᠤ ᠰᠠᠨᠠᠭᠤᠯᠵᠤ ᠪᠠᠢᠨ᠎ᠠ᠃ 

ᠵᠢᠱ᠌ᠢᠯᠲᠡ᠎ᠪᠡᠷ ᠭᠠᠳᠠᠭ᠍ᠰᠢ ᠠᠶᠠᠯᠠᠬᠤ ᠲᠡᠷᠭᠡ 2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ (ᠠᠮᠠᠷᠠᠯᠲᠠ᠎ᠶᠢᠨ ᠡᠮᠦᠨ᠎ᠡ ᠡᠳᠦᠷ)᠎ᠲᠤ ᠣᠷᠭᠢᠯ᠎ᠳᠤ᠎ᠪᠠᠨ ᠲᠤᠯᠵᠤ᠂ ᠲᠣᠰ ᠡᠳᠦᠷ᠎ᠦᠨ 16 ᠴᠠᠭ᠎ᠠᠴᠠ ᠡᠬᠢᠯᠡᠨ ᠲᠦᠷᠭᠡᠨ᠎ᠤ ᠵᠠᠰᠠᠮᠠᠯ ᠵᠠᠮ᠎ᠤᠨ ᠲᠡᠷᠭᠡ ᠡᠬᠢᠯᠡᠨ ᠨᠡᠮᠡᠭᠳᠡᠵᠦ᠂ 17 – 19 ᠴᠠᠭ᠎ᠲᠤ ᠣᠷᠭᠢᠯ᠎ᠤᠨ ᠬᠡᠮᠵᠢᠶ᠎ᠡ ᠢᠯᠡᠷᠡᠨ᠎ᠡ; 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ (ᠠᠮᠠᠷᠠᠯᠲᠠ᠎ᠶᠢᠨ ᠠᠩᠬᠠᠨ᠎ᠤ ᠡᠳᠦᠷ)᠎ᠤᠨ 9 – 12 ᠴᠠᠭ᠎ᠲᠤ ᠭᠠᠳᠠᠭ᠍ᠰᠢ ᠭᠠᠷᠬᠤ ᠪᠠᠭ᠎ᠠ ᠣᠷᠭᠢᠯ ᠬᠡᠮᠵᠢᠶᠡᠨ᠎ᠳᠦ ᠬᠦᠷᠴᠦ᠂ 1 ᠳ᠋ᠦ᠍ᠭᠡᠷ ᠰᠠᠷ᠎ᠠ᠎ᠶᠢᠨ 3᠎ᠤ ᠡᠳᠦᠷ (ᠠᠮᠠᠷᠠᠯᠲᠠ᠎ᠶᠢᠨ ᠬᠠᠮᠤᠭ ᠰᠡᠭᠦᠯᠴᠢ᠎ᠶᠢᠨ ᠨᠢᠭᠡ ᠡᠳᠦᠷ)᠎ᠤᠨ 15 – 18 ᠴᠠᠭ᠎ᠲᠤ ᠪᠤᠴᠠᠬᠤ ᠣᠷᠭᠢᠯ᠎ᠳᠤ ᠬᠥᠷᠥᠨ᠎ᠡ; ᠠᠮᠠᠷᠠᠯᠲᠠ ᠳᠠᠭᠤᠰᠤᠭᠰᠠᠨ᠎ᠤ ᠳᠠᠷᠠᠭ᠎ᠠ᠂ ᠲᠦᠷᠭᠡᠨ᠎ᠦ ᠵᠠᠰᠠᠮᠠᠯ ᠵᠠᠮ᠎ᠤᠨ ᠲᠡᠷᠭᠡ ᠡᠳᠦᠷ ᠲᠤᠲᠤᠮ᠎ᠤᠨ ᠪᠠᠢᠳᠠᠯ᠎ᠳᠤ ᠬᠦᠷᠲᠡᠯ᠎ᠡ ᠲᠦᠷᠭᠡᠨ ᠪᠠᠭᠤᠷᠠᠬᠤ ᠪᠣᠯᠣᠨ᠎ᠠ᠃ 

ᠰᠢᠨ᠎ᠡ ᠵᠢᠯ᠎ᠦᠨ ᠠᠮᠠᠷᠠᠯᠲᠠ᠎ᠶᠢᠨ ᠬᠤᠭᠤᠴᠠᠭᠠᠨ᠎ᠳᠤ ᠠᠶᠠᠨᠴᠢᠳ᠎ᠤᠨ ᠲᠥᠪᠯᠡᠷᠡᠯ᠎ᠦᠨ ᠬᠡᠮᠵᠢᠶ᠎ᠡ ᠨᠡᠯᠢᠶᠡᠳ ᠥᠨᠳᠥᠷ ᠪᠠᠢᠵᠤ᠂ ᠲᠥᠷᠥᠯ ᠰᠠᠳᠤᠨ ᠨᠠᠢᠵᠠ ᠨᠥᠬᠥᠳ᠎ᠢᠶᠡᠨ ᠡᠷᠭᠢᠨ ᠦᠵᠡᠬᠦ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠳᠦ ᠲᠥᠪᠯᠡᠷᠡᠨ᠎ᠡ᠃ ᠭᠠᠵᠠᠷ ᠣᠷᠣᠨ᠎ᠤ ᠪᠠᠢᠳᠠᠯ᠎ᠠᠴᠠ ᠦᠵᠡᠪᠡᠯ᠂ ᠲᠡᠷᠭᠡ ᠨᠢ ᠭᠣᠣᠯᠳᠠᠭᠤ ᠬᠥᠬᠡᠬᠣᠲᠠ᠂ ᠣᠷᠳᠣᠰ ᠬᠣᠲᠠ᠂ ᠤᠯᠠᠭᠠᠨᠴᠠᠪ ᠬᠣᠲᠠ ᠪᠠ ᠤᠯᠠᠭᠠᠨᠬᠠᠳᠠ ᠬᠣᠲᠠ ᠵᠡᠷᠭᠡ ᠠᠢᠮᠠᠭ ᠬᠣᠲᠠ᠎ᠳᠤ ᠲᠥᠪᠯᠡᠷᠡᠵᠦ᠂ ᠣᠷᠳᠣᠰ ᠬᠣᠲᠠ᠎ᠶᠢᠨ ᠲᠡᠷᠭᠡ ᠬᠠᠮᠤᠭ᠎ᠤᠨ ᠣᠯᠠᠨ ᠪᠣᠯᠣᠨ᠎ᠠ᠃ ᠵᠠᠮ᠎ᠤᠨ ᠬᠡᠰᠡᠭ᠎ᠦᠨ ᠪᠠᠢᠳᠠᠯ᠎ᠠᠴᠠ ᠦᠵᠡᠪᠡᠯ᠂ ᠵᠢᠱ᠌ᠢᠯᠲᠡ᠎ᠪᠡᠷ G6 ᠪᠡᠭᠡᠵᠢᠩ᠎ᠠᠴᠠ ᡀᠠᠰᠠ ᠬᠦᠷᠬᠦ ᠲᠦᠷᠭᠡᠨ᠎ᠦ ᠵᠠᠰᠠᠮᠠᠯ ᠵᠠᠮ (ᠤᠯᠠᠭᠠᠨᠴᠠᠪ ᠬᠣᠲᠠ᠎ᠶᠢᠨ ᠬᠡᠰᠡᠭ᠂ ᠬᠥᠬᠡᠬᠣᠲᠠ᠎ᠶᠢᠨ ᠬᠡᠰᠡᠭ᠂ ᠪᠤᠭᠤᠲᠤ ᠬᠣᠲᠠ᠎ᠶᠢᠨ ᠬᠡᠰᠡᠭ)᠂ G65 ᠪᠤᠭᠤᠲᠤ᠎ᠡᠴᠡ ᠮᠣᠣᠮᠢᠩ ᠬᠦᠷᠬᠦ ᠲᠦᠷᠭᠡᠨ᠎ᠦ ᠵᠠᠰᠠᠮᠠᠯ ᠵᠠᠮ (ᠪᠤᠭᠤᠲᠤ ᠬᠣᠲᠠ᠎ᠡᠴᠡ ᠣᠷᠳᠣᠰ ᠬᠣᠲᠠ ᠬᠦᠷᠬᠦ ᠬᠡᠰᠡᠭ)᠂ G45 ᠳ᠋ᠠᠴᠢᠩ᠎ᠠᠴᠠ ᠭᠤᠸᠠᠩᠵᠸᠤ ᠬᠦᠷᠬᠦ ᠲᠦᠷᠭᠡᠨ᠎ᠦ ᠵᠠᠰᠠᠮᠠᠯ ᠵᠠᠮ (ᠤᠯᠠᠭᠠᠨᠬᠠᠳᠠ ᠬᠣᠲᠠ᠎ᠶᠢᠨ ᠬᠡᠰᠡᠭ᠂ ᠲᠦᠩᠯᠢᠶᠣᠣ ᠬᠣᠲᠠ᠎ᠶᠢᠨ ᠬᠡᠰᠡᠭ)᠎ᠳᠦ ᠲᠡᠷᠭᠡ ᠨᠢᠭ᠍ᠲᠠᠷᠠᠵᠤ᠂ G6 ᠪᠡᠭᠡᠵᠢᠩ᠎ᠠᠴᠠ ᡀᠠᠰᠠ ᠬᠦᠷᠬᠦ ᠲᠦᠷᠭᠡᠨ᠎ᠦ ᠵᠠᠰᠠᠮᠠᠯ ᠵᠠᠮ᠎ᠤᠨ ᠲᠡᠷᠭᠡ ᠬᠠᠮᠤᠭ᠎ᠤᠨ ᠣᠯᠠᠨ ᠪᠣᠯᠣᠨ᠎ᠠ᠃ ᠭᠤᠸᠠᠨ ᠨᠢᠶᠠᠨ ᠹᠠᠩ᠎ᠤᠨ ᠭᠣᠣᠯ ᠵᠠᠮ᠂ ᠸᠠᠨ ᠯᠢ᠂ ᠬᠥᠬᠡᠬᠣᠲᠠ᠎ᠶᠢᠨ ᠵᠡᠭᠦᠨ᠂ ᠳ᠋ᠦᠩᠱᠧᠩ᠎ᠦᠨ ᠪᠠᠷᠠᠭᠤᠨ᠂ ᠵᠢᠦ ᠶᠤᠸᠠᠨ᠂ ᠤᠯᠠᠭᠠᠨᠬᠠᠳᠠ᠎ᠶᠢᠨ ᠬᠣᠢᠲᠤ ᠪᠠ ᠬᠥᠬᠡᠬᠣᠲᠠ ᠵᠡᠷᠭᠡ ᠰᠦᠢᠳᠬᠡᠯ ᠬᠤᠷᠢᠶᠠᠬᠤ ᠥᠷᠲᠡᠭᠡᠨ᠎ᠦ ᠡᠳᠦᠷ ᠳᠤᠮᠳᠠᠴᠢ᠎ᠶᠢᠨ ᠲᠡᠷᠭᠡ ᠨᠡᠪᠲᠡᠷᠡᠬᠦ ᠬᠡᠮᠵᠢᠶ᠎ᠡ ᠨᠡᠯᠢᠶᠡᠳ ᠶᠡᠬᠡ ᠪᠣᠯᠣᠨ᠎ᠠ᠃ 

2026 ᠣᠨ᠎ᠤ ᠰᠢᠨ᠎ᠡ ᠵᠢᠯ᠎ᠦᠨ ᠠᠮᠠᠷᠠᠯᠲᠠ᠎ᠶᠢᠨ ᠬᠤᠭᠤᠴᠠᠭᠠᠨ᠎ᠳᠠᠬᠢ ᠲᠡᠷᠭᠡ ᠵᠢᠱ᠌ᠢᠯᠲᠡ᠎ᠪᠡᠷ ᠥᠩᠭᠡᠷᠡᠭᠰᠡᠨ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠣᠯᠠᠨ ᠪᠣᠯᠵᠤ᠂ ᠦᠢᠯᠡᠴᠢᠯᠡᠭᠡᠨ᠎ᠦ ᠲᠣᠭᠣᠷᠢᠭ᠋᠎ᠲᠠᠬᠢ ᠬᠥᠮᠥᠨ᠂ ᠲᠡᠷᠭᠡ᠂ ᠪᠠᠷᠠᠭᠠᠨ᠎ᠤ ᠭᠦᠢᠯᠭᠡᠭᠡ ᠴᠥᠮ ᠣᠷᠭᠢᠯ ᠬᠡᠮᠵᠢᠭᠳᠡᠯ᠎ᠳᠦ ᠬᠦᠷᠬᠦ ᠪᠣᠯᠣᠨ᠎ᠠ᠃ ᠲᠡᠷᠭᠡ ᠠᠶᠠᠯᠠᠬᠤ ᠬᠡᠮᠵᠢᠶ᠎ᠡ᠎ᠪᠡᠷ ᠵᠠᠳᠠᠯᠪᠠᠯ᠄ ᠬᠥᠬᠡᠬᠣᠲᠠ᠎ᠶᠢᠨ ᠪᠠᠷᠠᠭᠤᠨ᠂ ᠬᠠᠷ᠎ᠠ ᠤᠰᠤ᠂ ᠵᠦᠸᠧᠽᠢ ᠱᠠᠨ᠂ ᠲᠡᠮᠡᠭᠡᠲᠦ᠂ ᠰᠠᠭᠠᠯᠢᠴᠢᠨ᠂ ᠦᠬᠠᠢ᠂ ᠴᠡᠭᠡᠯ᠂ ᠹᠦ ᠢᠤᠢ ᠳᠢ᠂ ᠨᠢᠦ ᠶᠢᠩ ᠽᠢ᠂ ᠰᠠᠩ᠎ᠤᠨ ᠳᠠᠯᠠᠢ᠂ ᠪᠦᠷᠢᠶ᠎ᠡ ᠮᠠᠩᠬ᠎ᠠ ᠵᠡᠷᠭᠡ ᠦᠢᠯᠡᠴᠢᠯᠡᠭᠡᠨ᠎ᠦ ᠲᠣᠭᠣᠷᠢᠭ᠋᠎ᠤᠨ ᠲᠡᠷᠭᠡ᠂ ᠬᠥᠮᠥᠨ ᠨᠡᠯᠢᠶᠡᠳ ᠨᠢᠭ᠍ᠲᠠᠷᠠᠬᠤ ᠪᠣᠯᠣᠨ᠎ᠠ᠃ 

ᠠᠮᠠᠷᠠᠯᠲᠠ᠎ᠶᠢᠨ ᠬᠤᠭᠤᠴᠠᠭᠠᠨ᠎ᠳᠤ᠂ ᠲᠥᠪ ᠬᠣᠲᠠ᠂ ᠭᠣᠣᠯᠳᠠᠯᠭ᠎ᠠ ᠪᠣᠯᠬᠤ ᠵᠢᠭᠤᠯᠴᠢᠯᠠᠯ᠎ᠤᠨ ᠬᠣᠲᠠ ᠨᠢ ᠬᠥᠮᠥᠰ᠎ᠦᠨ ᠠᠶᠠᠯᠠᠵᠤ ᠵᠢᠭᠤᠯᠴᠢᠯᠠᠬᠤ ᠬᠠᠯᠠᠮᠰᠢᠯ ᠭᠠᠵᠠᠷ ᠣᠷᠣᠨ ᠪᠣᠯᠬᠤ ᠪᠣᠯᠣᠨ᠎ᠠ᠃ ᠣᠷᠳᠣᠰ ᠬᠤᠳᠠ᠂ ᠤᠯᠠᠭᠠᠨᠬᠠᠳᠠ ᠬᠤᠳᠠ᠂ ᠬᠥᠬᠡᠬᠣᠲᠠ᠂ ᠪᠤᠭᠤᠲᠤ ᠬᠤᠳᠠ ᠪᠠ ᠤᠯᠠᠭᠠᠨᠴᠠᠪ ᠬᠤᠳᠠ ᠵᠡᠷᠭᠡ ᠠᠢᠮᠠᠭ ᠬᠤᠳᠠ ᠪᠣᠯ ᠠᠶᠠᠯᠠᠯ ᠵᠢᠭᠤᠯᠴᠢᠯᠠᠯ᠎ᠤᠨ ᠬᠠᠯᠠᠮᠰᠢᠯ ᠭᠠᠵᠠᠷ ᠣᠷᠣᠨ ᠪᠣᠯᠣᠨ᠎ᠠ᠃ 

2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 1 ᠳ᠋ᠦ᠍ᠭᠡᠷ ᠰᠠᠷ᠎ᠠ᠎ᠶᠢᠨ 3᠎ᠤ ᠡᠳᠦᠷ (3 ᠡᠳᠦᠷ) ᠪᠣᠯᠲᠠᠯ᠎ᠠ᠂ ᠤᠯᠤᠰ᠎ᠤᠨ ᠪᠠ ᠮᠤᠵᠢ᠎ᠶᠢᠨ ᠡᠩ᠎ᠦᠨ ᠭᠣᠣᠯ ᠵᠠᠮ᠎ᠤᠨ ᠲᠡᠷᠭᠡ ᠥᠩᠭᠡᠷᠡᠭᠰᠡᠨ ᠵᠢᠯ᠎ᠦᠳ᠎ᠦᠨ ᠬᠢ᠎ᠡᠴᠡ ᠪᠠᠭ᠎ᠠ ᠬᠡᠮᠵᠢᠶ᠎ᠡ᠎ᠪᠡᠷ ᠨᠡᠮᠡᠭᠳᠡᠵᠦ᠂ ᠵᠢᠱ᠌ᠢᠯᠲᠡ᠎ᠪᠡᠷ 2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ ᠤᠯᠤᠰ᠎ᠤᠨ ᠪᠠ ᠮᠤᠵᠢ᠎ᠶᠢᠨ ᠡᠩ᠎ᠦᠨ ᠭᠣᠣᠯ ᠵᠠᠮ᠎ᠤᠨ ᠵᠠᠮ ᠬᠠᠷᠢᠯᠴᠠᠭᠠᠨ᠎ᠤ ᠬᠡᠮᠵᠢᠶ᠎ᠡ ᠬᠠᠮᠤᠭ᠎ᠤᠨ ᠶᠡᠬᠡ ᠪᠣᠯᠬᠤ ᠪᠣᠯᠣᠨ᠎ᠠ᠃ 

ᠣᠢᠯᠠᠭᠠᠭᠰᠠᠨ᠎ᠢᠶᠠᠷ᠂ ᠥᠪᠥᠷ ᠮᠣᠩᠭᠣᠯ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠲᠤ ᠨᠢᠭᠡᠨᠲᠡ ᠴᠠᠬᠢᠯᠭᠠᠨ ᠴᠡᠨᠡᠭᠯᠡᠬᠦ ᠪᠠᠭᠠᠨ᠎ᠠ᠎ᠶᠢ ᠨᠡᠢᠳᠡᠮ ᠪᠦᠷᠬᠦᠭᠦᠯᠬᠦ᠎ᠶᠢ ᠦᠨᠳᠦᠰᠦᠨ᠎ᠳᠦ᠎ᠪᠡᠨ ᠪᠡᠶᠡᠯᠡᠭᠦᠯᠵᠦ᠂ ᠭᠣᠸ᠋ ᠳᠧ᠂ ᠪᠠᠢ ᠳᠦ APP᠂ 《ᠮᠧᠩ ᠮᠠ ᠴᠡᠨᠡᠭᠯᠡᠬᠦ》 ᠪᠠ 《e ᠯᠦ᠍ ᠴᠠᠩ ᠲᠦᠩ》 ᠵᠢᠵᠢᠭ ᠫᠷᠣᠭ᠌ᠷᠠᠮ᠎ᠢᠶᠠᠷ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠲᠠᠬᠢ ᠴᠠᠬᠢᠯᠭᠠᠨ ᠴᠡᠨᠡᠭᠯᠡᠬᠦ ᠪᠡᠯᠡᠳᠬᠡᠮᠵᠢ᠎ᠶᠢᠨ ᠬᠠᠮᠢᠶ᠎ᠠ ᠪᠦᠬᠦᠢ ᠮᠡᠳᠡᠭᠡ ᠵᠠᠩᠭᠢ᠎ᠶᠢ ᠯᠠᠪᠯᠠᠵᠤ ᠪᠣᠯᠣᠨ᠎ᠠ᠃ ᠭᠠᠳᠠᠭ᠍ᠰᠢ ᠠᠶᠠᠯᠠᠬᠤ᠎ᠠᠴᠠ᠎ᠪᠠᠨ ᠡᠮᠦᠨ᠎ᠡ ᠠᠶᠠᠯᠠᠯ᠎ᠢᠶᠠᠨ ᠰᠠᠢᠲᠤᠷ ᠲᠥᠯᠥᠪᠯᠡᠨ᠂ ᠭᠠᠳᠠᠭ᠍ᠰᠢ ᠭᠠᠷᠬᠤ ᠴᠠᠭ᠂ ᠵᠣᠷᠢᠭ᠍ᠰᠠᠨ ᠭᠠᠵᠠᠷ ᠪᠠ ᠭᠠᠳᠠᠭ᠍ᠰᠢ ᠠᠶᠠᠯᠠᠬᠤ ᠠᠷᠭ᠎ᠠ ᠮᠠᠶᠢᠭ᠋᠎ᠢᠶᠠᠨ ᠵᠣᠬᠢᠰᠲᠠᠢ ᠰᠣᠩᠭᠣᠵᠤ᠂ ᠠᠶᠠᠯᠠᠯ᠎ᠤᠨ ᠬᠥᠳᠡᠯᠦᠩᠭᠦᠢ ᠮᠡᠳᠡᠭᠡ ᠵᠠᠩᠭᠢ᠎ᠶᠢ ᠠᠩᠬᠠᠷᠴᠤ᠂ ᠣᠷᠭᠢᠯ ᠦᠶ᠎ᠡ᠎ᠡᠴᠡ ᠵᠠᠢᠯᠠᠰᠬᠢᠵᠤ ᠤᠬᠠᠭᠠᠨ ᠪᠣᠳᠣᠯᠭ᠎ᠠ ᠲᠠᠢ ᠠᠶᠠᠯᠠᠬᠤ ᠪᠣᠯᠪᠠᠤ᠃ 

 

ᠢᠷᠡᠯᠲᠡ᠄ ᠱᠢᠨᠬᠤᠸᠠ ᠰᠦᠯᠵᠢᠶ᠎ᠡ