ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
       2025.12.14 - 2025.12.20 
ᠨᠡᠶ᠋ᠢᠲᠡᠯᠡᠭᠰᠡᠨ ᠴᠠᠭ᠄ 2025-12-29

ᠥᠪᠥᠷ ᠮᠣᠩᠭᠤᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ (2025.12.14 - 2025.12.20)

《ᠥᠪᠥᠷ ᠮᠣᠩᠭᠤᠯ᠎ᠤᠨ ᠨᠢᠭᠡ ᠭᠠᠷᠠᠭ᠎ᠤᠨ ᠵᠠᠰᠠᠭ᠎ᠤᠨ ᠶᠠᠪᠤᠳᠠᠯ》 ᠭᠡᠬᠦ ᠪᠣᠯᠣᠩ᠎ᠨᠢ ᠲᠠᠨ᠎ᠳᠤ ᠭᠠᠷᠠᠭ ᠪᠦᠷᠢ᠎ᠶᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠶᠢᠨ ᠵᠠᠰᠠᠭ᠎ᠤᠨ ᠶᠠᠪᠤᠳᠠᠯ᠎ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠲᠥᠷᠥ᠎ᠶᠢᠨ ᠪᠣᠳᠣᠯᠭ᠎ᠠ ᠬᠢᠭᠡᠳ ᠲᠠᠶ᠋ᠢᠯᠤᠮᠵᠢ᠎ᠶᠢ ᠡᠮᠬᠢᠯᠡᠨ ᠳᠢᠭᠯᠡᠵᠦ᠂ ᠭᠠᠷᠠᠭ ᠪᠦᠷᠢ᠎ᠶᠢᠨ ᠵᠠᠰᠠᠭ᠎ᠤᠨ ᠰᠢᠨ᠎ᠡ ᠶᠠᠪᠤᠳᠠᠯ᠎ᠢ ᠲᠦᠷᠭᠡᠨ ᠣᠢᠯᠠᠭᠠᠭᠤᠯᠬᠤ ᠪᠣᠯᠣᠨ᠎ᠠ᠃

ᠤᠳᠤᠷᠢᠳᠤᠯᠭ᠎ᠠ᠎ᠶᠢᠨ ᠠᠵᠢᠯᠯᠠᠭ᠎ᠠ

1

ᠸᠠᠩ ᠸᠧᠢ ᠵᠦᠩ

ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠯᠢᠦᠢ ᠵᠢᠶᠦ᠋ᠨ᠂ ᠶᠡᠷᠦᠩᠬᠡᠢ ᠳᠠᠭᠠᠭᠠᠮᠠᠯ ᠯᠢ ᠰᠢᠶᠠᠩ ᠯᠢᠶᠠᠩ᠎ᠲᠠᠢ ᠠᠭᠤᠯᠵᠠᠯᠲᠠ ᠬᠢᠪᠡ

12 ᠳ᠋ᠤᠭᠠᠷ ᠰᠠᠷ᠎ᠠ᠎ᠶᠢᠨ 19᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠳᠠ ᠲᠠᠩ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠯᠢᠦᠢ ᠵᠢᠶᠦ᠋ᠨ᠂ ᠶᠡᠷᠦᠩᠬᠡᠢ ᠳᠠᠭᠠᠭᠠᠮᠠᠯ ᠯᠢ ᠰᠢᠶᠠᠩ ᠯᠢᠶᠠᠩ ᠨᠠᠷ᠎ᠲᠠᠢ ᠠᠭᠤᠯᠵᠠᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠪᠠ᠃

ᠬᠥᠬᠡᠬᠣᠲᠠ᠎ᠶᠢᠨ ᠤᠳᠤᠷᠢᠳᠬᠤ ᠺᠠᠳ᠋ᠷᠴᠤᠳ᠎ᠤᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ

12 ᠳ᠋ᠤᠭᠠᠷ ᠰᠠᠷ᠎ᠠ᠎ᠶᠢᠨ 20᠎ᠤ ᠡᠳᠦᠷ᠂ ᠬᠥᠬᠡᠬᠣᠲᠠ᠎ᠶᠢᠨ ᠬᠢᠨ ᠪᠥᠬᠥ ᠬᠣᠲᠠ᠎ᠶᠢᠨ ᠤᠳᠤᠷᠢᠳᠬᠤ ᠺᠠᠳ᠋ᠷᠴᠤᠳ᠎ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠤᠰᠢᠶᠠᠯ᠎ᠳᠤ ᠲᠣᠮᠢᠯᠠᠬᠤ ᠪᠠ ᠲᠤᠰᠢᠶᠠᠯ᠎ᠠᠴᠠ ᠪᠠᠭᠤᠯᠭᠠᠬᠤ ᠬᠣᠯᠪᠣᠭᠳᠠᠯ ᠪᠦᠬᠦᠢ ᠲᠣᠭᠲᠠᠭᠠᠯ᠎ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠯᠢ ᠢᠦᠢ ᠭᠠᠩ ᠲᠤᠰᠢᠶᠠᠯ᠎ᠳᠤ ᠲᠣᠮᠢᠯᠠᠬᠤ ᠪᠠ ᠲᠤᠰᠢᠶᠠᠯ᠎ᠠᠴᠠ ᠪᠠᠭᠤᠯᠭᠠᠬᠤ ᠲᠣᠭᠲᠠᠭᠠᠯ᠎ᠢ ᠤᠩᠰᠢᠨ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ ᠢᠦᠢ ᠬᠣᠶ ᠸᠸᠨ ᠨᠥᠬᠥᠷ ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠭᠡᠰᠢᠭᠦᠨ᠂ ᠪᠠᠢᠩᠭᠤ᠎ᠶᠢᠨ ᠭᠡᠰᠢᠭᠦᠨ᠂ ᠱᠦᠵᠢ᠎ᠶᠢᠨ ᠲᠤᠰᠢᠶᠠᠯ᠎ᠢ ᠬᠠᠪᠰᠤᠷᠭᠠᠨ ᠡᠭᠦᠷᠭᠡᠯᠡᠵᠦ᠂ ᠪᠣᠣ ᠭᠠᠩ ᠨᠥᠬᠥᠷ ᠬᠥᠬᠡᠬᠣᠲᠠ᠎ᠶᠢᠨ ᠨᠠᠮ᠎ᠤᠨ ᠬᠣᠷᠢᠶ᠎ᠠ᠎ᠶᠢᠨ ᠱᠦᠵᠢ᠂ ᠪᠠᠢᠩᠭᠤ᠎ᠶᠢᠨ ᠭᠡᠰᠢᠭᠦᠨ᠂ ᠭᠡᠰᠢᠭᠦᠨ᠎ᠦ ᠲᠤᠰᠢᠶᠠᠯ᠎ᠢ ᠬᠠᠪᠰᠤᠷᠭᠠᠨ ᠡᠭᠦᠷᠭᠡᠯᠡᠬᠦ᠎ᠪᠡᠨ ᠪᠣᠯᠢᠪᠠ᠃

ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠾᠦᠢ ᠨᠥᠩ ᠬᠦᠷᠬᠦ ᠬᠡᠰᠡᠭ ᠵᠠᠮ᠎ᠤᠨ ᠲᠡᠷᠭᠡ ᠨᠡᠪᠲᠡᠷᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠲᠡᠷᠭᠡ ᠨᠡᠪᠲᠡᠷᠡᠭᠰᠡᠨ᠎ᠢ ᠵᠠᠷᠯᠠᠪᠠ

12 ᠳ᠋ᠤᠭᠠᠷ ᠰᠠᠷ᠎ᠠ᠎ᠶᠢᠨ 23᠎ᠤ ᠡᠳᠦᠷ᠂ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠾᠦᠢ ᠨᠥᠩ ᠬᠦᠷᠬᠦ ᠬᠡᠰᠡᠭ ᠵᠠᠮ᠎ᠤᠨ ᠲᠡᠷᠭᠡ ᠨᠡᠪᠲᠡᠷᠡᠬᠦ ᠶᠣᠰᠣᠯᠠᠯ ᠪᠤᠭᠤᠲᠤ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠲᠡᠷᠭᠡ ᠨᠡᠪᠲᠡᠷᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠤᠨ ᠪᠤᠭᠤᠲᠤ᠎ᠠᠴᠠ ᠾᠦᠢ ᠨᠥᠩ ᠬᠡᠰᠡᠭ ᠵᠠᠮ ᠨᠡᠪᠲᠡᠷᠡᠪᠡ ᠭᠡᠵᠦ ᠵᠠᠷᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ᠂ ᠨᠢᠩᠰᠢᠶᠠ᠎ᠶᠢᠨ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠦ ᠸᠧᠢ᠂ ᠤᠯᠤᠰ᠎ᠤᠨ ᠲᠡᠮᠦᠷ ᠵᠠᠮ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠸᠠᠩ ᠯᠢ ᠰᠢᠨ ᠤᠷᠢᠳ ᠬᠣᠵᠢᠳ ᠪᠠᠶᠠᠷ᠎ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠧᠨ ᡁᠢ ᠴᠠᠩ᠂ ᠵᠠᠩ ᠱᠤᠤ ᠴᠦᠨ᠂ ᠵᠠᠩ ᠯᠧᠢ ᠣᠷᠣᠯᠴᠠᠵᠤ᠂ ᠶᠣᠣ ᠶᠦᠩ ᠪᠥᠸᠧ ᠬᠤᠷᠠᠯ᠎ᠢ ᠡᠷᠬᠢᠯᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠮ᠎ᠤᠨ ᠭᠠᠳᠠᠨᠠᠬᠢ ᠬᠥᠮᠥᠰ᠎ᠦᠨ ᠰᠠᠭᠤᠳᠠᠯ᠎ᠤᠨ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ

12 ᠳ᠋ᠤᠭᠠᠷ ᠰᠠᠷ᠎ᠠ᠎ᠶᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢᠳ᠎ᠦᠨ 2025 ᠣᠨ᠎ᠤ ᠭᠣᠣᠯᠳᠠᠯᠭ᠎ᠠ ᠪᠣᠯᠬᠤ ᠰᠡᠳᠦᠪ᠎ᠦᠨ ᠪᠠᠢᠴᠠᠭᠠᠨ ᠰᠤᠳᠤᠯᠤᠯᠲᠠ᠎ᠶᠢᠨ ᠦᠷ᠎ᠡ ᠪᠦᠲᠦᠭᠡᠯ᠎ᠦᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠥᠷᠨᠢᠭᠦᠯᠦᠭᠰᠡᠨ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠦᠭᠰᠡᠨ ᠪᠠᠢᠳᠠᠯ᠎ᠤᠨ ᠲᠤᠰᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ 2026 ᠣᠨ᠎ᠤ ᠭᠣᠣᠯᠳᠠᠯᠭ᠎ᠠ ᠪᠣᠯᠬᠤ ᠠᠵᠢᠯ᠎ᠳᠤ ᠨᠠᠮ᠎ᠤᠨ ᠭᠠᠳᠠᠨᠠᠬᠢ ᠬᠥᠮᠥᠰ᠎ᠦᠨ ᠰᠠᠨᠠᠯ ᠰᠠᠨᠠᠭᠤᠯᠭ᠎ᠠ᠎ᠶᠢ ᠬᠤᠷᠢᠶᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 2025 ᠣᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠠᠵᠢᠯ᠎ᠤᠨ ᠪᠠᠢᠳᠠᠯ᠎ᠢ ᠵᠠᠷᠯᠠᠨ ᠮᠡᠳᠡᠭᠳᠡᠭᠰᠡᠨ ᠪᠥᠭᠡᠳ ᠶᠠᠷᠢᠶ᠎ᠠ ᠲᠠᠯᠪᠢᠪᠠ᠃ ᠰᠠᠭᠤᠳᠠᠯ᠎ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ 2025 ᠣᠨ᠎ᠤ ᠪᠦᠬᠦ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠪᠠᠢᠳᠠᠯ᠎ᠢ ᠵᠠᠷᠯᠠᠨ ᠮᠡᠳᠡᠭᠳᠡᠪᠡ᠃ ᠳᠤᠮᠳᠠᠳᠤ ᠤᠯᠤᠰ᠎ᠤᠨ ᠭᠣᠮᠢᠨᠳᠠᠩ ᠨᠠᠮ᠎ᠤᠨ ᠬᠤᠪᠢᠰᠬᠠᠯᠲᠤ ᠬᠣᠷᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠼᠤᠤ ᠵᠢᠨ ᠱᠠᠨ᠂ ᠳᠤᠮᠳᠠᠳᠤ ᠤᠯᠤᠰ᠎ᠤᠨ ᠠᠷᠠᠳᠴᠢᠯᠠᠭᠰᠠᠨ ᠬᠣᠯᠪᠣᠭ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠵᠤᠤ ᠵᠢᠢ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠤᠯᠤᠰ᠎ᠢᠶᠠᠨ ᠪᠠᠶ᠋ᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠵᠢᠨ ᠵᠤᠸᠠᠩ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠰᠦᠨ ᠵᠢᠶᠦ᠋ᠨ ᠴᠢᠩ᠂ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠯᠢ ᠶᠠᠨ ᠷᠦ᠂ 《9·3》᠎ᠤ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠡᠷᠬᠢᠯᠡᠭᠴᠢ ᠭᠡᠰᠢᠭᠦᠨ ᠢᠦᠢ ᠷᠧᠨ ᠵᠢᠶᠧ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠲᠡᠷᠢᠭᠦᠯᠡᠭᠴᠢ ᠠᠨ ᠷᠦᠨ ᠱᠧᠩ᠂ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ ᠼᠦᠢ ᠴᠧᠩ ᠯᠢ ᠤᠷᠢᠳ ᠬᠣᠵᠢᠳ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠠᠩ ᠶᠠᠨ ᠺᠦᠨ᠂ ᠯᠢᠦ ᠱᠤᠸᠠᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠰᠢᠨ᠂ ᠵᠠᠩ ᠱᠤᠤ ᠴᠦᠨ ᠬᠤᠷᠠᠯ᠎ᠳᠤ ᠣᠷᠣᠯᠴᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠪᠡ

12 ᠳ᠋ᠤᠭᠠᠷ ᠰᠠᠷ᠎ᠠ᠎ᠶᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠬᠤᠷᠠᠯ ᠬᠤᠷᠠᠯᠳᠤᠭᠤᠯᠵᠤ᠂ 12 ᠳ᠋ᠤᠭᠠᠷ ᠰᠠᠷ᠎ᠠ᠎ᠶᠢᠨ 25᠎ᠤ ᠡᠳᠦᠷ᠎ᠦᠨ ᠲᠥᠪ᠎ᠦᠨ ᠤᠯᠤᠰ ᠲᠥᠷᠥ᠎ᠶᠢᠨ ᠲᠣᠪᠴᠢᠶ᠎ᠠ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠥᠪ᠎ᠦᠨ ᠠᠵᠤ ᠠᠬᠤᠢᠯᠠᠯ᠎ᠤᠨ ᠠᠵᠢᠯ᠎ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠨ ᠨᠢᠭᠡᠳᠦᠭᠡᠷ ᠪᠥᠬᠥᠳᠡ ᠬᠤᠷᠠᠯᠳᠤᠭᠠᠨ ᠬᠢᠭᠡᠳ ᠪᠥᠬᠥ ᠣᠷᠣᠨ᠎ᠤ ᠠᠵᠤ ᠠᠬᠤᠢ᠎ᠶᠢᠨ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠬᠤ᠎ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠬᠤᠷᠠᠯᠳᠤᠭᠠᠨ᠎ᠢ ᠡᠷᠬᠢᠯᠡᠪᠡ᠃

2

ᠪᠣᠣ ᠭᠠᠩ

ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯᠳᠤᠭᠠᠨ᠎ᠢ ᠡᠬᠢᠯᠡᠪᠡ

12 ᠳ᠋ᠤᠭᠠᠷ ᠰᠠᠷ᠎ᠠ᠎ᠶᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ᠃

ᠪᠥᠬᠥ ᠣᠷᠣᠨ᠎ᠤ ᠠᠶᠤᠯ ᠦᠭᠡᠢ ᠦᠢᠯᠡᠳᠪᠦᠷᠢᠯᠡᠯ ᠬᠢᠭᠡᠳ ᠥᠨᠳᠥᠷ ᠪᠠᠷᠢᠯᠭ᠎ᠠ᠎ᠶᠢᠨ ᠬᠦᠨᠳᠦ ᠶᠡᠬᠡ ᠭᠠᠯ᠎ᠤᠨ ᠠᠶᠤᠯ ᠭᠠᠮᠰᠢᠭ᠋᠎ᠤᠨ ᠲᠦᠭᠰᠢᠭᠦᠷᠢ᠎ᠶᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠸᠢᠳᠢᠣ᠋ ᠬᠤᠷᠠᠯ᠎ᠢᠶᠠᠷ ᠪᠠᠢᠷᠢᠯᠠᠭᠤᠯᠤᠯᠲᠠ ᠬᠢᠪᠡ

12 ᠳ᠋ᠤᠭᠠᠷ ᠰᠠᠷ᠎ᠠ᠎ᠶᠢᠨ 25᠎ᠤ ᠡᠳᠦᠷ᠂ᠪᠥᠬᠥ ᠣᠷᠣᠨ᠎ᠤ ᠠᠶᠤᠯ ᠦᠭᠡᠢ ᠦᠢᠯᠡᠳᠪᠦᠷᠢᠯᠡᠯ ᠬᠢᠭᠡᠳ ᠥᠨᠳᠥᠷ ᠪᠠᠷᠢᠯᠭ᠎ᠠ᠎ᠶᠢᠨ ᠬᠦᠨᠳᠦ ᠶᠡᠬᠡ ᠭᠠᠯ᠎ᠤᠨ ᠠᠶᠤᠯ ᠭᠠᠮᠰᠢᠭ᠋᠎ᠤᠨ ᠲᠦᠭᠰᠢᠭᠦᠷᠢ᠎ᠶᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠪᠠᠢᠷᠢᠯᠠᠭᠤᠯᠤᠯᠲᠠ ᠬᠢᠪᠡ᠃ ᠬᠤᠸᠠᠩ ᡁᠢ ᠴᠢᠶᠠᠩ ᠬᠤᠷᠠᠯ᠎ᠢ ᠡᠷᠬᠢᠯᠡᠵᠥ᠂ ᠶᠣᠣ ᠶᠦᠩ ᠪᠥᠸᠧ ᠬᠤᠷᠠᠯ᠎ᠳᠤ ᠣᠷᠣᠯᠴᠠᠵᠠᠢ᠃

3

ᠬᠤᠸᠠᠩ ᡁᠢ ᠴᠢᠶᠠᠩ

ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠳᠤ ᠬᠦᠷᠴᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ

12 ᠳ᠋ᠤᠭᠠᠷ ᠰᠠᠷ᠎ᠠ᠎ᠶᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠳᠤ ᠬᠦᠷᠴᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃

ᠲᠦᠷᠦ᠎ᠶᠢᠨ ᠪᠣᠳᠣᠯᠭ᠎ᠠ᠎ᠶᠢᠨ ᠨᠡᠢᠲᠡᠯᠡᠯ

1

ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠱᠠᠩᠨᠠᠯ ᠣᠯᠣᠭᠰᠠᠨ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠬᠤ ᠲᠤᠬᠠᠢ ᠮᠡᠳᠡᠭᠡᠯᠡᠯ

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠱᠠᠩᠨᠠᠯ ᠣᠯᠣᠭᠰᠠᠨ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠬᠤ ᠲᠤᠬᠠᠢ ᠮᠡᠳᠡᠭᠡᠯᠡᠯ (ᠥᠪᠥᠷ ᠵᠠᠰᠠᠭ ᠦᠰᠦᠭ 〔2025〕 209 ᠳ᠋ᠦ᠍ᠭᠡᠷ ᠲᠣᠭᠠᠲᠤ)᠎ᠢ ᠨᠡᠢᠲᠡᠯᠡᠪᠡ᠃

2

ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠡᠷᠬᠡ᠎ᠶᠢᠨ ᠡᠷᠬᠡ ᠣᠯᠭᠣᠬᠤ ᠪᠠ ᠨᠠᠢᠳᠠᠬᠤ ᠲᠤᠬᠠᠢ ᠮᠡᠳᠡᠭᠳᠡᠯ

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠡᠷᠬᠡ᠎ᠶᠢᠨ ᠡᠷᠬᠡ ᠣᠯᠭᠣᠬᠤ ᠪᠠ ᠨᠠᠢᠳᠠᠬᠤ ᠲᠤᠬᠠᠢ ᠮᠡᠳᠡᠭᠳᠡᠯ (ᠥᠪᠥᠷ ᠵᠠᠰᠠᠭ ᠲᠠᠷᠬᠠᠭᠠᠭᠰᠠᠨ 〔2025〕 22 ᠳ᠋ᠤᠭᠠᠷ ᠲᠣᠭᠠᠲᠤ)᠎ᠢ ᠨᠡᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠦᠨ ᠲᠣᠭᠣᠷᠢᠨ᠎ᠳᠤ ᠨᠢᠭ᠍ᠲᠠᠷᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠵᠠᠷ ᠬᠡᠷᠡᠭᠯᠡᠬᠦ ᠬᠢᠨᠠᠨ ᠵᠥᠪᠰᠢᠶᠡᠷᠡᠯ᠎ᠦᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠬᠠᠤᠯᠢ〉᠎ᠶᠢᠨ ᠬᠡᠷᠡᠭᠵᠢᠭᠦᠯᠬᠦ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠡᠷᠬᠡ᠎ᠶᠢᠨ ᠡᠷᠬᠡ ᠣᠯᠭᠣᠬᠤ ᠪᠠ ᠨᠠᠢᠳᠠᠬᠤ᠎ᠶᠢᠨ ᠬᠣᠯᠪᠣᠭᠳᠠᠯ ᠪᠦᠬᠦᠢ ᠵᠦᠢᠯᠡᠰ᠎ᠢ ᠮᠡᠳᠡᠭᠳᠡᠪᠡ᠃

3

《ᠪᠤᠭᠤᠲᠤ ᠬᠣᠲᠠ᠎ᠶᠢᠨ ᠴᠢᠩᠱᠠᠨ ᠲᠣᠭᠣᠷᠢᠭ᠋᠎ᠤᠨ ᠭᠠᠵᠠᠷ ᠰᠢᠷᠣᠢ᠎ᠶᠢ ᠬᠡᠰᠡᠭ ᠬᠡᠰᠡᠭ᠎ᠢᠶᠡᠷ ᠲᠠᠲᠠᠪᠤᠷᠢᠯᠠᠵᠤ ᠨᠡᠭᠡᠭᠡᠨ ᠠᠰᠢᠭ᠍ᠯᠠᠬᠤ ᠲᠥᠰᠥᠯ (202–2027 ᠣᠨ)》᠎ᠤᠨ ᠲᠤᠬᠠᠢ ᠬᠠᠷᠢᠭᠤ ᠴᠣᠬᠣᠯᠠᠪᠤᠷᠢ

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠪᠤᠭᠤᠲᠤ ᠬᠣᠲᠠ᠎ᠶᠢᠨ ᠴᠢᠩᠱᠠᠨ ᠲᠣᠭᠣᠷᠢᠭ᠋᠎ᠤᠨ ᠭᠠᠵᠠᠷ ᠰᠢᠷᠣᠢ᠎ᠶᠢ ᠬᠡᠰᠡᠭ ᠬᠡᠰᠡᠭ᠎ᠢᠶᠡᠷ ᠲᠠᠲᠠᠪᠤᠷᠢᠯᠠᠵᠤ ᠨᠡᠭᠡᠭᠡᠨ ᠠᠰᠢᠭ᠍ᠯᠠᠬᠤ ᠲᠥᠰᠥᠯ (2025–2027 ᠣᠨ)》᠎ᠤᠨ ᠴᠣᠬᠣᠯᠠᠪᠤᠷᠢ (ᠥᠪᠥᠷ ᠵᠠᠰᠠᠭ ᠥᠰᠥᠭ 〔2025〕 210 ᠳ᠋ᠤᠭᠠᠷ ᠲᠣᠭᠠᠲᠤ)᠎ᠶᠢ ᠨᠡᠢᠲᠡᠯᠡᠪᠡ᠃

4

ᠥᠪᠡᠷᠲᠡᠭᠡᠨ ᠵᠠᠰᠠᠬᠤ ᠣᠷᠣᠨ᠎ᠤ ᠰᠡᠷᠭᠡᠢᠯᠡᠬᠦ ᠲᠠᠷᠢᠯᠭ᠎ᠠ᠎ᠶᠢᠨ ᠬᠡᠪ᠎ᠦᠨ ᠪᠤᠰᠤ ᠲᠤᠰᠬᠠᠯ᠎ᠤᠨ ᠨᠥᠬᠥᠪᠦᠷᠢ᠎ᠶᠢᠨ ᠠᠷᠭ᠎ᠠ᠎ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠡᠷᠭᠡᠢᠯᠡᠬᠦ ᠲᠠᠷᠢᠯᠭ᠎ᠠ᠎ᠶᠢᠨ ᠬᠡᠪ᠎ᠦᠨ ᠪᠤᠰᠤ ᠲᠤᠰᠬᠠᠯ᠎ᠤᠨ ᠨᠥᠬᠥᠪᠦᠷᠢ᠎ᠶᠢᠨ ᠠᠷᠭ᠎ᠠ᠎ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ (ᠥᠪᠥᠷ ᠵᠠᠰᠠᠭ ᠠᠯᠪᠠᠨ ᠲᠠᠷᠬᠠᠭᠠᠭᠰᠠᠨ 〔2025〕 44 ᠳ᠋ᠦ᠍ᠭᠡᠷ ᠲᠣᠭᠠᠲᠤ)᠎ᠢ ᠨᠡᠢᠲᠡᠯᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠨᠡᠢᠲᠡᠯᠡᠯ