ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠮᠤᠷ ᠠᠮᠤᠭᠤᠯᠠᠩ᠎ᠢ ᠬᠠᠮᠠᠭᠠᠯᠠᠪᠠ — ᠡᠷᠡᠮᠡᠬᠡᠢᠯᠡᠨ ᠲᠡᠮᠡᠴᠡᠭ᠌ᠰᠡᠨ 2025·ᠵᠢᠯ ᠤ᠋ᠨ ᠡᠴᠦᠰ᠎ᠦᠨ ᠠᠵᠢᠭ᠍ᠯᠠᠯᠲᠠ (ᠳᠥᠷᠪᠡ)
ᠨᠡᠶ᠋ᠢᠲᠡᠯᠡᠭᠰᠡᠨ ᠴᠠᠭ᠄ 2025-12-31

ᠥᠷᠯᠥᠭᠡ ᠡᠷᠳᠡ᠎ᠶ᠋ᠢᠨ ᠵᠡᠭᠡᠯᠢ ᠭᠤᠳᠤᠮᠵᠢ᠎ᠳᠤ᠂ 《ᠰᠤᠷᠤᠬᠴᠢ᠎ᠶᠢᠨ ᠶᠠᠪᠤᠵᠤ ᠰᠠᠭᠤᠬᠤ᠎ᠶᠢ ᠬᠠᠮᠠᠭᠠᠯᠠᠬᠤ ᠠᠵᠢᠯ᠎ᠤᠨ ᠪᠠᠢᠷᠢ》᠎ᠶᠢᠨ ᠠᠷᠠᠳ᠎ᠤᠨ ᠴᠠᠭ᠍ᠳᠠᠭ᠎ᠠ ᠬᠡᠦᠬᠡᠳ᠎ᠦᠳ᠎ᠦᠨ ᠰᠤᠷᠭᠠᠭᠤᠯᠢ᠎ᠳᠤ ᠶᠠᠪᠤᠬᠤ ᠵᠠᠮ᠎ᠳ᠋ᠤ ᠵᠤᠬᠰᠤᠵᠤ ᠵᠢᠵᠢᠭᠦᠷᠯᠡᠨ᠎ᠠ; ᠰᠥᠨᠢ᠎ᠶ᠋ᠢᠨ ᠨᠠᠷᠭᠢᠶᠠᠨᠲᠤ ᠵᠠᠬ᠎ᠠ ᠳᠡᠯᠭᠡᠭᠦᠷ ᠲᠤ᠌᠂ ᠴᠠᠬᠳᠠᠭ᠎ᠠ᠎ᠶᠢᠨ ᠲᠡᠷᠬᠡ᠎ᠶᠢᠨ ᠰᠡᠷᠡᠮᠵᠢ᠎ᠶ᠋ᠢᠨ ᠳ᠋ᠧᠩ ᠬᠢᠯᠠᠯᠵᠠᠵᠤ ᠤᠯᠠᠨ᠎ᠤ ᠠᠮᠤᠷ ᠲᠦᠪᠰᠢᠨ᠎ᠢ ᠰᠠᠬᠢᠨ ᠬᠠᠮᠠᠭᠠᠯᠠᠨ᠎ᠠ; ᠱᠢᠭᠦᠬᠦ᠌ ᠬᠣᠷᠢᠶ᠎ᠠ᠎ᠶᠢᠨ ᠱᠢᠰᠲ᠋ᠧᠮ᠎ᠦᠨ ᠬᠡᠷᠡᠭ᠌ᠵᠢᠭᠦᠯᠦᠭ᠌ᠰᠡᠨ 《ᠨᠢᠭᠡ ᠴᠣᠩᠬᠣᠪᠴᠢ᠎ᠪᠠᠷ ᠪᠦᠬᠦᠨ᠎ᠢ ᠱᠢᠶ᠋ᠳᠪᠦᠷᠢᠯᠡᠬᠦ᠌》 ᠠᠵᠢᠯᠯᠠᠭ᠎ᠠ ᠨᠢ ᠵᠠᠷᠭᠤ ᠵᠠᠭᠠᠯᠳᠤᠯᠭ᠎ᠠ᠎ᠶ᠋ᠢ ᠲᠦᠷᠭᠡᠨ ᠱᠢᠶ᠋ᠳᠪᠦᠷᠢᠯᠡᠬᠦ᠂ ᠬᠠᠯᠠᠭᠤᠨ ᠳᠤᠯᠠᠭᠠᠨ ᠦᠶ᠋ᠯᠡᠴᠢᠯᠡᠬᠡ ᠬᠠᠩᠭᠠᠬᠤ ᠶ᠋ᠢ ᠪᠡᠶᠡᠯᠡᠭᠦᠯᠪᠡ; ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠥᠲᠥᠭᠡᠨ ᠪᠠᠢᠭᠤᠯᠤᠯᠲᠠ᠎ᠨᠢ 《ᠵᠥᠷᠢᠴᠡᠯ ᠵᠠᠭᠤᠷᠠᠯᠳᠤᠭᠠᠨ᠎ᠲᠠᠶ ᠪᠣᠯ ᠳᠠᠷᠤᠶ ᠶᠡᠷᠦᠩᠬᠡᠢᠯᠡᠨ ᠵᠠᠰᠠᠬᠤ ᠲᠥᠪ᠎ᠢ ᠡᠷᠢᠬᠦ》 ᠨᠡᠢᠭᠡᠮ᠎ᠦᠨ ᠬᠠᠮᠲᠤ᠎ᠶ᠋ᠢᠨ ᠲᠠᠨᠢᠯᠲᠠ᠎ᠶᠢ ᠪᠤᠢ ᠪᠣᠯᠭᠠᠪᠠ ᠁ ᠡᠲᠡᠭᠡᠷ ᠠᠮᠢᠳᠤᠷᠠᠯ ᠎ᠤᠨ ᠡᠳᠦᠷ ᠲᠤᠲᠤᠮ᠎ᠤᠨ ᠠᠮᠤᠷ ᠲᠦᠪᠱᠢᠨ ᠬᠢᠭᠡᠳ ᠲᠥᠬᠥᠮ ᠲᠦᠷᠬᠡᠨ ᠨᠢ ᠮᠠᠨ᠎ᠤ ᠣᠷᠣᠨ᠎ᠤ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠲᠣᠳᠣᠷᠬᠠᠶ ᠲᠥᠯᠥᠪ ᠪᠠᠢᠳᠠᠯ᠎ᠢ ᠬᠠᠮᠲᠤ᠎ᠪᠠᠷ ᠵᠢᠷᠤᠭ᠍ᠯᠠᠯ᠎ᠠ᠃

ᠠᠮᠤᠷ ᠠᠮᠤᠭᠤᠯᠠᠩ ᠪᠣᠯ ᠠᠷᠠᠳ ᠲᠦᠮᠡᠨ᠎ᠦ ᠬᠦᠰᠡᠯ ᠡᠷᠡᠮᠡᠯᠵᠡᠯ᠂ ᠬᠥᠭ᠌ᠵᠢᠯᠲᠡ᠎ᠶ᠋ᠢᠨ ᠰᠠᠭᠤᠷᠢ ᠮᠥᠨ᠃ 2025 ᠣᠨ᠎ᠤ ᠵᠢᠯ᠎ᠦᠨ ᠡᠴᠦᠰ᠎ᠡᠴᠡ ᠠᠪᠴᠤ ᠦᠵᠡᠪᠡᠯ᠂ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦᠭᠰᠡᠨ ᠎ᠡᠴᠡ ᠠᠪᠤᠭᠠᠳ ᠰᠡᠷᠭᠡᠢᠯᠡᠨ ᠡᠵᠡᠮᠳᠡᠬᠦ᠌ ᠲᠣᠣᠷ᠎ᠢ ᠨᠢᠭ᠍ᠲᠠ ᠰᠦᠯᠵᠢᠭᠰᠡᠨ ᠬᠦᠷᠲᠡᠯ᠎ᠡ᠂ ᠴᠠᠭᠠᠰᠢᠯᠠᠨ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠦᠭᠰᠡᠨ ᠬᠦᠷᠲᠡᠯ᠎ᠡ᠂ ᠠᠮᠤᠭᠤᠯᠠᠩᠳᠤ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ ᠪᠣᠯᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠵᠡᠷᠭᠡ᠎ᠪᠡᠷ ᠶᠠᠪᠤᠭ᠍ᠳᠠᠭᠰᠠᠨ ᠪᠠᠢᠨ᠎ᠠ᠃

ᠨᠡᠢᠭᠡᠮ ᠡᠮᠬᠢ ᠵᠢᠷᠤᠮ᠎ᠲᠠᠶ᠂ ᠠᠮᠤᠷ ᠲᠦᠪᠱᠢᠨ᠎ᠦ ᠲᠥᠷᠥᠭ᠌ᠳᠡᠯ ᠨᠠᠩ ᠪᠠᠲᠤᠯᠠᠭ᠎ᠠ᠎ᠲᠠᠶ ᠪᠤᠯᠪᠠ

12 ᠰᠠᠷ᠎ᠠ᠎ᠶ᠋ᠢᠨ 24 ᠎ᠤ᠋ ᠡᠳᠦᠷ᠂ ᠪᠠᠶᠠᠨᠨᠠᠭᠤᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠠᠯᠪᠠᠨ ᠠᠰᠠᠷ᠎ᠤᠨ ᠡᠮᠦᠨ᠎ᠡ᠂ ᠠᠷᠠᠳ᠎ᠤᠨ ᠴᠠᠭ᠍ᠳᠠᠭ᠎ᠠ ᠲᠤᠰᠠᠯᠠᠬᠤ ᠴᠠᠭ᠍ᠳᠠᠭ᠎ᠠ ᠮᠣᠷᠳᠠᠬᠤ᠎ᠪᠠᠷ ᠪᠡᠯᠡᠬᠡᠨ ᠪᠠᠢᠪᠠ᠃

《ᠮᠤᠷᠳᠠ!》 ᠭᠡᠰᠡᠨ ᠵᠠᠷᠯᠢᠭ ᠪᠠᠭᠤᠬᠤ᠎ᠶ᠋ᠢ ᠳᠠᠭᠠᠯᠳᠤᠨ᠂ ᠠᠷᠠᠳ᠎ᠤᠨ ᠴᠠᠭ᠍ᠳᠠᠭ᠎ᠠ ᠲᠤᠰᠠᠯᠠᠭ᠍ᠴᠢ ᠴᠠᠭ᠍ᠳᠠᠭ᠎ᠠ᠎ᠨᠠᠷ ᠦᠳᠲᠡᠷ ᠲᠦᠷᠭᠡᠨ ᠬᠥᠳᠡᠯᠦᠯᠴᠡᠪᠡ᠃ ᠵᠡᠭᠡᠯᠢ ᠭᠤᠳᠤᠮᠵᠢ ᠪᠡᠷ ᠵᠢᠵᠢᠭᠦᠷᠯᠡᠵᠦ᠂ ᠭᠤᠤᠯᠳᠠᠯᠭ᠎ᠠ᠎ᠲᠠᠶ ᠣᠷᠣᠨ ᠪᠠᠢᠷᠢ᠎ᠶ᠋ᠢ ᠲᠣᠭᠣᠷᠢᠨ ᠪᠠᠢᠴᠠᠭᠠᠬᠤ᠎ᠶ᠋ᠢ ᠴᠢᠩᠭᠠᠳᠭᠠᠵᠤ᠂ ᠴᠠᠬᠳᠠᠭ᠎ᠠ ᠤᠴᠢᠵᠤ ᠰᠢᠢᠳᠪᠦᠷᠢᠯᠡᠬᠦ ᠡᠯ᠎ᠡ ᠲᠥᠷᠥᠯ᠎ᠦᠨ ᠪᠠᠢᠳᠠᠯ᠎ᠢ ᠪᠦᠲᠦᠮᠵᠢᠲᠡᠶ ᠱᠢᠶ᠋ᠳᠪᠦᠷᠢᠯᠡᠨ᠎ᠡ ᠁ ᠡᠨᠡ ᠪᠤᠯ ᠪᠠᠶᠠᠨᠨᠠᠭᠤᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠨᠡᠢᠭᠡᠮ᠎ᠦᠨ ᠪᠠᠢᠳᠠᠯ᠎ᠢ ᠲᠥᠪᠯᠡᠷᠡᠭᠦᠯᠦᠨ ᠨᠢᠭᠡᠳᠦᠯᠲᠡᠶ ᠪᠠᠢᠴᠠᠭᠠᠬᠤ ᠠᠵᠢᠯᠯᠠᠭ᠎ᠠ ᠥᠷᠨᠢᠭᠦᠯᠦᠭ᠌ᠰᠡᠨ ᠦᠵᠡᠭᠳᠡᠯ ᠪᠠᠢᠳᠠᠯ ᠪᠣᠯᠤᠨ᠎ᠠ᠃

ᠠᠰᠠᠭᠤᠳᠠᠯ᠎ᠳᠤ ᠰᠢᠭᠤᠳ ᠬᠠᠨᠳᠤᠵᠤ ᠪᠣᠭᠣᠮᠲᠠ ᠱᠢᠪᠲᠤᠯᠵᠤ᠂ ᠡᠪᠦᠯ᠎ᠦᠨ ᠤᠯᠠᠷᠢᠯ᠎ᠤᠨ ᠠᠮᠤᠷ᠎ᠢ ᠬᠠᠮᠠᠭᠠᠯᠠᠬᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠲᠦᠭ ᠲᠦᠮᠡᠨ ᠠᠢᠯ ᠡᠷᠦᠬᠡ᠎ᠶ᠋ᠢ ᠰᠠᠬᠢᠨ ᠬᠠᠮᠠᠭᠠᠯᠠᠨ᠎ᠠ᠃

ᠥᠪᠥᠷ ᠮᠣᠩᠭᠣᠯ ᠣᠯᠠᠨ ᠲᠦᠮᠡᠨ᠎ᠦ ᠰᠡᠳᠭᠢᠯ ᠬᠠᠨᠤᠮᠵᠢᠲᠠᠶ ᠪᠠᠢᠬᠤ᠎ᠶ᠋ᠢ ᠠᠮᠤᠷ ᠠᠮᠤᠭᠤᠯᠠᠩ ᠤ᠋ᠨ ᠪᠠᠢᠭᠤᠯᠤᠯᠲᠠ᠎ᠶ᠋ᠢᠨ ᠵᠤᠷᠢᠯᠳᠠ ᠪᠣᠯᠭᠠᠵᠤ᠂ ᠠᠷᠠᠳ ᠣᠯᠠᠨ᠎ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠪᠣᠳᠠᠲᠤ ᠦᠷ᠎ᠡ ᠪᠦᠲᠦᠭᠡᠯ᠎ᠢᠶᠡᠷ᠎ᠢᠶᠡᠨ ᠠᠷᠠᠳ᠎ᠤᠨ ᠢᠲᠡᠭᠡᠯ᠎ᠢ ᠣᠯᠪᠠ —

ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠪᠠᠢ᠌ᠩᠭᠤᠵᠢᠭ᠍ᠰᠠᠨ ᠲᠡᠮᠡᠴᠡᠯ᠎ᠢᠶᠡᠷ ᠵᠢᠯᠣᠭᠣᠳᠤᠮᠵᠢ ᠪᠣᠯᠭᠠᠵᠤ᠂ ᠣᠷᠴᠢᠨ ᠲᠣᠭᠣᠷᠢᠨ᠎ᠤ ᠡᠬᠢ ᠪᠠᠶᠠᠯᠢᠭ᠎ᠢ ᠡᠪᠳᠡᠬᠦ᠌ ᠵᠡᠷᠭᠡ 6 ᠲᠥᠷᠥᠯ᠎ᠦᠨ ᠨᠡᠢᠭᠡᠮ᠎ᠦᠨ ᠠᠮᠤᠷ ᠲᠦᠪᠱᠢᠨ᠎ᠢ ᠬᠦᠨᠳᠦ ᠨᠣᠴᠢᠲᠠᠶ ᠨᠥᠯᠥᠭᠡᠯᠡᠬᠦ᠌ ᠶᠠᠯᠠᠲᠤ ᠠᠵᠢᠯᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《1 +6》 ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠪᠥᠬᠥ᠌ ᠣᠷᠣᠨ᠎ᠤ ᠬᠡᠷᠡᠭ ᠪᠣᠯᠭᠠᠨ ᠳᠠᠩᠰᠠᠯᠠᠬᠰᠠᠨ ᠡᠷᠡᠭᠦᠦ᠍᠎ᠶ᠋ᠢᠨ ᠬᠡᠷᠡᠭ ᠠᠳᠠᠯᠢ ᠬᠤᠭᠤᠴᠠᠭᠠᠨ᠎ᠤ᠎ᠬᠢ᠎ᠡᠴᠡ ᠪᠠᠭᠤᠷᠠᠵᠤ᠂ ᠳᠠᠷᠤᠭ᠍ᠳᠠᠮᠠᠯ ᠠᠮᠢᠨ ᠬᠡᠷᠡᠭ᠎ᠦᠨ ᠪᠠᠭᠤᠷᠠᠯᠲᠠ᠎ᠶ᠋ᠢᠨ ᠨᠣᠷᠮ᠎ᠠ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠠᠮᠤᠷ ᠲᠦᠪᠱᠢᠨ᠎ᠦ ᠪᠠᠢᠳᠠᠯ ᠰᠠᠢᠨ ᠰᠠᠢᠬᠠᠨ ᠪᠠᠢᠳᠠᠯ᠎ᠢᠶᠠᠨ ᠪᠠᠲᠤᠯᠠᠪᠠ᠃

ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠠᠮᠢ ᠠᠬᠤᠢ᠎ᠶ᠋ᠢᠨ ᠨᠡᠢᠲᠡ᠎ᠶᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ 《ᠠᠮᠢ ᠠᠬᠤᠢ᠎ᠶ᠋ᠢᠨ ᠪᠠᠢᠴᠠᠭᠠᠯᠳᠠ᠎ᠶᠢᠨ ᠭᠤᠷᠪᠠᠨ ᠶᠡᠬᠡ ᠬᠠᠮᠵᠢᠯᠴᠠᠭ᠎ᠠ᠎ᠶᠢᠨ ᠨᠢᠭᠡᠳᠦᠯᠲᠡᠢ ᠠᠵᠢᠯᠯᠠᠭ᠎ᠠ》 ᠢᠯᠡᠳᠲᠡ ᠦᠷ᠎ᠡ ᠪᠦᠲᠦᠮᠵᠢ ᠤᠯᠪᠠ᠃ ᠪᠥᠬᠥ᠌ ᠣᠷᠣᠨ᠎ᠤ ᠱᠢᠭᠦᠬᠦ᠌ ᠬᠣᠷᠢᠶ᠎ᠠ᠎ᠶ᠋ᠢᠨ ᠱᠢᠰᠲ᠋ᠧᠮ ᠨᠢ ᠬᠡᠷᠡᠭ ᠪᠣᠯᠭᠠᠨ ᠳᠠᠩᠰᠠᠯᠠᠬᠤ ᠬᠡᠷᠡᠭ᠎ᠢ ᠲᠠᠰᠤᠯᠤᠨ ᠲᠠᠭᠤᠰᠬᠠᠬᠤ᠂ ᠡᠳ᠋ ᠬᠥᠷᠥᠩᠭᠡ᠎ᠶ᠋ᠢ ᠪᠠᠢᠴᠠᠭᠠᠨ ᠡᠵᠡᠮᠳᠡᠬᠦ᠌᠂ ᠬᠡᠷᠡᠭ᠎ᠦᠨ ᠬᠠᠮᠢᠶᠠᠷᠤᠯᠲᠠ ᠵᠡᠷᠭᠡ ᠲᠠᠯ᠎ᠠ᠎ᠡᠴᠡ ᠪᠥᠬᠥ᠌ ᠬᠡᠯᠬᠢᠶ᠎ᠡ᠎ᠪᠡᠷ ᠵᠠᠰᠠᠬᠤ᠎ᠶ᠋ᠢ ᠴᠢᠩᠭᠠᠳᠭᠠᠵᠤ᠂ ᠭᠦᠶ᠋ᠴᠡᠳᠭᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃

ᠨᠡᠭᠦᠷᠡᠰᠦᠨ ᠠᠭᠤᠷᠬᠠᠶ᠎ᠶ᠋ᠢᠨ ᠤᠶᠤᠨᠴᠢᠯᠠᠭ᠍ᠰᠠᠨ ᠪᠦᠲᠦᠭᠡᠨ ᠪᠠᠢᠭᠤᠯᠤᠯᠲᠠ ᠪᠣᠯᠤᠨ ᠨᠡᠭᠦᠷᠡᠰᠦᠨ᠎ᠦ ᠪᠤᠰᠤ ᠠᠭᠤᠷᠬᠠᠶ᠎ᠶ᠋ᠢᠨ 《ᠮᠸᠬᠠᠨᠢᠭᠵᠢᠯᠳᠠ᠂ ᠠᠦ᠋ᠲ᠋ᠤᠴᠢᠯᠠᠯᠳᠠ᠂ ᠮᠡᠳᠡᠭᠡ ᠵᠠᠩᠭᠢᠴᠢᠯᠠᠯᠳᠠ᠂ ᠤᠶᠤᠨᠴᠢᠯᠠᠯᠳᠠ》᠎ᠶᠢᠨ ᠪᠦᠲᠦᠭᠡᠨ ᠪᠠᠢᠭᠤᠯᠤᠯᠲᠠ ᠶ᠋ᠢ ᠠᠬᠢᠭᠤᠯᠵᠤ᠂ ᠵᠠᠮ ᠬᠠᠷᠢᠯᠴᠠᠭ᠎ᠠ᠂ ᠢᠳᠡᠭᠡᠨ ᠪᠠ ᠡᠮ᠎ᠦᠨ ᠵᠦᠢᠯᠡᠰ᠂ ᠰᠤᠷᠭᠠᠭᠤᠯᠢ᠎ᠶ᠋ᠢᠨ ᠬᠦᠷᠢᠶᠡᠨ᠎ᠦ ᠠᠮᠤᠷ ᠲᠦᠪᠱᠢᠨ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶᠢ ᠥᠷᠨᠢᠭᠦᠯᠪᠡ᠃

ᠬᠦᠨᠳᠦ ᠶᠡᠬᠡ ᠭᠡᠨᠡᠳᠲᠡ ᠡᠭᠦᠰᠭᠦ ᠣᠯᠠᠨ ᠨᠡᠢᠲᠡ᠎ᠶ᠋ᠢᠨ ᠬᠡᠷᠡᠭ᠎ᠢ ᠱᠢᠶ᠋ᠳᠪᠦᠷᠢᠯᠡᠬᠦ᠌ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ ᠬᠡᠷᠡᠭ᠌ᠯᠡᠭᠡᠨ᠎ᠦ ᠲᠠᠪᠴᠠᠩ᠎ᠢ ᠪᠠᠢᠭᠤᠯᠤᠨ᠂ ᠪᠦᠬᠦ᠌ ᠤᠯᠤᠰ᠎ᠲᠤ ᠲᠦᠷᠦᠬᠦᠯᠡᠨ ᠬᠦᠨᠳᠦ ᠶᠡᠬᠡ᠂ ᠣᠨᠴᠠ ᠶᠡᠬᠡ ᠪᠠᠢᠭᠠᠯᠢ᠎ᠶ᠋ᠢᠨ ᠭᠠᠮᠱᠢᠭ ᠪᠣᠯᠤᠨ ᠡᠨᠳᠡᠯ᠎ᠦᠨ ᠭᠠᠮᠱᠢᠭ᠎ᠤᠨ ᠪᠠᠴᠢᠮ ᠪᠠᠢᠳᠠᠯ᠎ᠢ ᠠᠷᠭᠠᠴᠠᠭᠠᠬᠤ ᠵᠢᠯᠣᠭᠣᠳᠭᠤ ᠲᠣᠭ᠍ᠲᠠᠴᠠ᠎ᠶ᠋ᠢ ᠪᠠᠢᠭᠤᠯᠪᠠ᠃

ᠥᠪᠥᠷ ᠮᠣᠩᠭᠣᠯ ᠣᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ ᠲᠡᠭᠡᠷ᠎ᠡ ᠬᠦᠴᠦ ᠲᠠᠯᠪᠢᠵᠤ᠂ ᠣᠯᠠᠨ ᠲᠦᠮᠡᠨ᠎ᠳ᠋ᠤ ᠯᠠᠪᠳᠠᠭᠤᠨ ᠪᠠᠳᠤᠳᠠᠢ ᠵᠣᠯ ᠵᠢᠷᠭᠠᠯ᠎ᠢ ᠡᠳ᠋ᠯᠡᠬᠦᠯᠪᠡ᠃

ᠵᠠᠰᠠᠯᠲᠠ ᠪᠦᠲᠦᠮᠵᠢᠲᠡᠢ ᠪᠠᠢᠵᠤ᠂ ᠦᠨᠳᠦᠰᠦᠨ ᠱᠠᠲᠤᠨ᠎ᠤ ᠰᠠᠭᠤᠷᠢ ᠲᠠᠰᠤᠷᠠᠯᠲᠠ ᠦᠭᠡᠢ ᠪᠡᠬᠢᠵᠢᠪᠡ

《ᠲᠠ ᠰᠠᠢᠨ ᠦᠦ᠂ ᠪᠢ ᠪᠣᠯ 〈ᠶᠡᠷᠦᠩᠬᠡᠢᠯᠡᠨ ᠵᠠᠰᠠᠬᠤ ᠲᠥᠪ᠎ᠦᠨ ᠱᠢᠶᠣᠤ ᠱᠢᠨ〉 ᠪᠣᠯᠤᠨ᠎ᠠ᠂ ᠱᠢᠨ᠎ᠡ ᠬᠣᠲᠠ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ 〈ᠨᠢᠭᠡ ᠥᠷᠲᠡᠭᠡᠴᠢᠯᠡᠭᠰᠡᠨ ᠮᠠᠶᠢᠭ〉᠎ᠢᠶᠠᠷ ᠦᠢᠯᠡᠴᠢᠯᠡᠵᠤ ᠵᠠᠭᠤᠷᠠᠯᠳᠤᠭᠠᠨ᠎ᠢ ᠴᠢᠨᠢ ᠱᠢᠶ᠋ᠳᠪᠦᠷᠢᠯᠡᠵᠦ᠍ ᠥᠭ᠌ᠭᠦᠨ᠎ᠡ ᠁》 ᠃ ᠣᠢᠷ᠎ᠠ᠎ᠳᠤ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ᠎ᠲᠦ ᠬᠦᠷᠴᠦ ᠤᠴᠢᠬᠤ᠎ᠳᠤ᠂ ᠪᠦᠷᠢᠨ ᠵᠠᠩᠭᠢ᠎ᠶ᠋ᠢᠨ ᠲᠣᠭᠠᠴᠢᠯᠠᠭ᠍ᠰᠠᠨ ᠬᠥᠮᠦᠨ᠎ᠦ ᠦᠶ᠋ᠯᠡᠴᠢᠯᠡᠭᠡ ᠪᠠ ᠣᠶᠤᠨᠴᠢ ᠬᠥᠲᠥᠯᠥᠨ ᠵᠢᠯᠣᠭᠣᠳᠭᠤ ᠭᠠᠵᠠᠷ᠎ᠤᠨ ᠮᠠᠱᠢᠨ ᠬᠥᠮᠦᠨ ᠶᠠᠭ ᠤᠴᠢᠷ ᠶᠠᠪᠤᠳᠠᠯ ᠭᠦᠶ᠋ᠴᠡᠳᠭᠡᠬᠦ᠌᠎ᠪᠡᠷ ᠢᠷᠡᠭ᠌ᠰᠡᠨ ᠣᠯᠠᠨ ᠲᠦᠮᠡᠨ᠎ᠳᠦ ᠴᠠᠭ ᠲᠤᠬᠠᠶ᠎ᠳᠤᠨᠢ ᠲᠤᠰᠬᠠᠯ ᠭᠠᠷᠴᠤ ᠬᠠᠷᠢᠭᠤ ᠦᠭᠬᠦ AI ᠤᠶᠤᠨᠲᠤ ᠵᠥᠪᠯᠡᠯᠭᠡ ᠥᠭ᠌ᠴᠦ ᠬᠥᠲᠥᠯᠥᠨ ᠵᠢᠯᠣᠭᠣᠳᠭᠤ ᠦᠶ᠋ᠯᠡᠴᠢᠯᠡᠭᠡ ᠬᠠᠩᠭᠠᠵᠤ ᠪᠠᠢᠪᠠ᠃

ᠲᠣᠭᠠᠴᠢᠯᠠᠯᠲᠠ ᠪᠡᠷ ᠬᠦᠳᠡᠯᠭᠡᠬᠦ ᠡᠨ᠋ᠸᠷᠬᠢ ᠤᠯᠭᠤᠬᠤ ᠨᠢ ᠦᠨᠳᠦᠰᠦᠨ ᠱᠠᠲᠤᠨ᠎ᠤ ᠵᠠᠰᠠᠯᠲᠠ᠎ᠶ᠋ᠢ ᠨᠠᠩ ᠨᠠᠷᠢᠯᠢᠭ᠂ ᠣᠨᠣᠪᠴᠢᠲᠠᠶ ᠪᠣᠯᠭᠠᠵᠠᠢ᠃ ᠣᠳᠣᠬᠠᠨ᠎ᠳᠤ᠂ ᠥᠪᠥᠷ ᠮᠣᠩᠭᠣᠯ ᠪᠦᠬᠦ᠌ ᠣᠷᠣᠨ᠎ᠤ ᠶᠡᠷᠦᠩᠬᠡᠢᠯᠡᠨ ᠵᠠᠰᠠᠬᠤ ᠪᠠ ᠲᠣᠣᠷᠵᠢᠭᠤᠯᠤᠭ᠍ᠰᠠᠨ ᠮᠡᠳᠡᠭᠡ ᠵᠠᠩᠭᠢ᠎ᠶ᠋ᠢᠨ ᠲᠠᠪᠴᠠᠩ᠎ᠢ ᠨᠢᠭᠡᠳᠦᠯᠲᠡᠶ ᠪᠠᠢᠭᠤᠯᠤᠨ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠤᠯᠪᠤᠭᠳᠠᠯ ᠪᠦᠬᠦᠢ ᠡᠭᠦᠷᠭᠡ ᠲᠤᠰᠢᠶᠠᠯᠳᠤ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ᠎ᠶ᠋ᠢ ᠬᠥᠨᠳᠡᠯᠡᠨ᠎ᠢᠶᠡᠷ ᠬᠣᠯᠪᠣᠨ ᠨᠡᠪᠲᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠱᠢᠶᠠᠩ ᠪᠠᠯᠭᠠᠰᠤ᠂ ᠲᠣᠰᠭᠣᠨ᠂ ᠲᠣᠣᠷᠵᠢᠭᠤᠯᠤᠯᠳᠠ᠎ᠶᠢᠨ ᠠᠵᠢᠯᠲᠠᠨ ᠵᠡᠷᠭᠡ᠎ᠶᠢ ᠵᠢᠷᠭᠤᠭᠠᠨ ᠳᠡᠰ᠎ᠵᠢᠡᠷ ᠭᠤᠯᠳᠤ ᠪᠠᠷ ᠨᠡᠪᠲᠡᠷᠡᠬᠦᠯᠵᠦ᠍᠂ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠂ ᠨᠡᠢᠭᠡᠮ᠎ᠦᠨ ᠠᠮᠤᠷ ᠲᠦᠪᠱᠢᠨ᠎ᠦ ᠲᠦᠭ᠌ᠰᠢᠭᠦᠷᠢ᠎ᠶ᠋ᠢᠨ ᠲᠣᠭ᠎ᠠ ᠪᠠᠷᠢᠮᠲᠠ᠎ᠶ᠋ᠢ ᠪᠦᠬᠦᠨ᠎ᠢ ᠲᠥᠪᠯᠡᠷᠡᠭᠦᠯᠵᠦ᠂ ᠵᠥᠷᠢᠴᠡᠯ ᠵᠠᠭᠤᠷᠠᠯᠳᠤᠭᠠᠨ ᠨᠢᠭᠡ ᠪᠦᠷᠢ᠎ᠶ᠋ᠢ ᠨᠢᠭᠡᠳᠦᠯᠲᠡᠶ ᠨᠣᠮᠧᠷᠯᠠᠬᠤ᠂ ᠡᠮᠬᠢ ᠵᠢᠷᠤᠮ᠎ᠲᠠᠶ᠎ᠪᠠᠷ ᠰᠠᠯᠭᠠᠬᠤ᠂ ᠵᠠᠳᠠᠯᠤᠨ ᠰᠤᠳᠤᠯᠵᠤ ᠮᠠᠭᠠᠳᠯᠠᠬᠤ᠎ᠶ᠋ᠢ ᠪᠡᠶᠡᠯᠡᠭᠦᠯᠪᠡ᠃

ᠦᠨᠳᠦᠰᠦᠨ ᠱᠠᠲᠤᠨ᠎ᠤ ᠵᠠᠰᠠᠯᠲᠠ᠎ᠪᠠᠷ ᠨᠡᠢᠭᠡᠮ᠎ᠦᠨ ᠡᠶ᠎ᠡ ᠵᠣᠬᠢᠴᠠᠩᠭᠤᠢ᠎ᠶ᠋ᠢ ᠠᠬᠢᠭᠤᠯᠵᠤ᠂ ᠵᠥᠷᠢᠴᠡᠯ᠎ᠢ ᠦᠨᠳᠦᠰᠦᠨ ᠱᠠᠲᠤᠨ᠎ᠳᠤ ᠱᠢᠢᠳᠪᠦᠷᠢᠯᠡᠨ᠂ ᠴᠤᠬᠤᠢᠵᠤ ᠪᠠᠢᠭ᠎ᠠ ᠦᠶ᠎ᠡ᠎ᠳᠦᠨᠢ ᠱᠢᠢᠳᠪᠦᠷᠢᠯᠡᠬᠦ᠌᠎ᠪᠡᠷ ᠴᠢᠷᠮᠠᠢᠵᠤ᠂ ᠥᠪᠥᠷ ᠮᠣᠩᠭᠣᠯ ᠶᠡᠷᠦ᠍᠎ᠡᠴᠡ ᠱᠢᠨ᠎ᠡ᠎ᠶ᠋ᠢ ᠡᠭᠦᠳᠬᠦ᠌᠎ᠵᠢ ᠰᠦᠪᠡᠭ᠌ᠴᠢᠯᠡᠬᠦ᠌ ᠠᠯᠬᠤᠮ᠎ᠢᠶᠠᠨ ᠵᠣᠭ᠍ᠰᠣᠭ᠍ᠰᠠᠨ ᠦᠭᠡᠢ᠃

ᠲᠦᠷᠦᠭᠦᠬᠡᠨ᠎ᠳᠦ᠂ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ᠎ᠶᠢᠨ ᠵᠢᠷᠭᠠᠯᠠᠩ ᠠᠷᠠᠳ᠎ᠤᠨ ᠱᠢᠭᠦᠬᠦ᠌ ᠲᠢᠩᠬᠢᠮ ᠠᠷᠠᠳ᠎ᠤᠨ ᠬᠣᠭᠣᠷᠣᠨᠳᠣᠬᠢ ᠵᠢᠭᠡᠯᠡᠯᠭᠡ᠎ᠶ᠋ᠢᠨ ᠲᠤᠬᠠᠢ ᠵᠠᠭᠤᠷᠠᠯᠳᠤᠭᠠᠨ᠎ᠤ ᠬᠡᠷᠡᠭ᠎ᠢ ᠱᠢᠭᠦᠨ ᠱᠢᠶ᠋ᠳᠪᠦᠷᠢᠯᠡᠬᠦ᠌ ᠎ᠳᠡᠭᠡᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶᠢ ᠤᠷᠢᠵᠤ ᠡᠶᠡᠳᠡᠭᠦᠯᠬᠦ᠌ ᠠᠵᠢᠯ᠎ᠳᠤ ᠣᠷᠣᠯᠴᠠᠭᠤᠯᠵᠤ᠂ 《ᠱᠢᠭᠦᠬᠦ᠌ ᠲᠤᠱᠢᠶᠠᠯᠲᠠᠨ ᠬᠠᠤᠯᠢ ᠲᠠᠢᠯᠪᠤᠷᠢᠯᠠᠬᠤ + ᠲᠥᠯᠥᠭᠡᠯᠡᠭ᠌ᠴᠢ ᠶᠣᠰᠣ ᠶᠠᠷᠢᠬᠤ》᠎ᠳᠤ ᠲᠦᠱᠢᠭ᠌ᠯᠡᠨ᠂ ᠬᠣᠶᠠᠷ ᠲᠠᠯ᠎ᠠ᠎ᠶ᠋ᠢᠨ ᠲᠤᠬᠠᠶ᠎ᠶ᠋ᠢᠨ ᠬᠥᠮᠦᠨ᠎ᠦ ᠡᠶᠡᠳᠡᠭᠦᠯᠭᠡ᠎ᠶ᠋ᠢᠨ ᠬᠡᠯᠡᠯᠴᠡᠭᠡᠷ ᠲᠣᠭ᠍ᠲᠠᠬᠤ᠎ᠶ᠋ᠢ ᠠᠮᠵᠢᠯᠲᠠ᠎ᠲᠠᠶ ᠠᠬᠢᠭᠤᠯᠵᠤ᠂ ᠮᠠᠷᠭᠤᠭᠠᠨ᠎ᠢ ᠵᠣᠭ᠍ᠰᠣᠭᠠᠬᠤ᠎ᠶ᠋ᠢ ᠪᠡᠶᠡᠯᠡᠭᠦᠯᠪᠡ᠃

ᠪᠠᠭ᠎ᠠ ᠬᠡᠪᠴᠢᠶᠠᠨ᠎ᠤ ᠲᠤᠭᠲᠠᠭᠤᠨ᠎ᠢ ᠪᠠᠲᠤᠯᠠᠵᠤ ᠶᠡᠬᠡ ᠠᠮᠤᠭᠤᠯᠠᠩ᠎ᠢ ᠪᠤᠢ ᠪᠣᠯᠭᠠᠵᠤ᠂ ᠠᠮᠤᠷ ᠠᠮᠤᠭᠤᠯᠠᠩ᠎ᠢ ᠴᠤᠭᠴᠠᠯᠠᠵᠤ ᠦᠨᠢᠳᠡ᠎ᠵᠢᠨ ᠲᠦᠪᠰᠢᠨ᠎ᠢ ᠬᠠᠮᠠᠭᠠᠯᠠᠨ᠎ᠠ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠣᠯᠠᠨ ᠲᠦᠮᠡᠨ᠎ᠦ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌᠎ᠳᠤ 《ᠬᠡᠲᠦᠷᠡᠬᠦ᠎ᠳᠡᠭᠡᠨ ᠨᠢᠭᠡ ᠭᠠᠵᠠᠷ᠎ᠲᠤ ᠬᠦᠶᠦᠬᠦ》᠎ᠶᠢ ᠪᠡᠶᠡᠯᠡᠭᠦᠯᠵᠦ᠍᠂ ᠱᠢᠶᠠᠨ ᠱᠢᠶᠠᠩ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ ᠫᠠᠢᠰᠠ᠎ᠲᠠᠶ᠂ ᠲᠠᠯᠠᠪᠤᠷ ᠭᠠᠵᠠᠷ᠎ᠲᠠᠶ᠂ ᠬᠦᠴᠦᠨ᠎ᠲᠡᠶ᠂ ᠲᠣᠭ᠍ᠲᠡᠴᠡ᠎ᠲᠠᠶ᠂ ᠦᠷ᠎ᠡ ᠪᠦᠲᠦᠮᠵᠢ ᠲᠡᠶ 《ᠲᠠᠪᠤᠨ ᠪᠠᠢᠬᠤ ᠨᠣᠷᠮ᠎ᠠ》᠎ᠶᠢ 100% ᠎ᠳ᠋ᠤ ᠬᠦᠷᠭᠡᠪᠡ; ᠨᠠᠮ᠎ᠤᠨ ᠤᠳᠤᠷᠢᠳᠬᠤ ᠳᠤᠭᠤᠢᠯᠠᠩ + ᠲᠤᠤᠷᠵᠢᠭᠤᠯᠤᠯᠲᠠ᠎ᠵᠢᠨ ᠠᠵᠢᠯᠲᠠᠨ + ᠠᠰᠠᠷ (ᠤᠷᠤᠴᠠ᠂ ᠬᠣᠯᠪᠣᠭᠠᠲᠤ ᠡᠷᠦᠬᠡ)᠎ᠤᠨ ᠳᠠᠷᠤᠭ᠎ᠠ᠎ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠡᠴᠡ᠎ᠵᠢ ᠪᠦᠷᠬᠦᠬᠦᠯᠬᠦ ᠨᠣᠷᠮ᠎ᠠ᠎ᠶ᠋ᠢ 100% ᠎ᠳ᠋ᠤ ᠬᠦᠷᠭᠡᠪᠡ; ᠨᠢᠭᠡ ᠪᠦᠯᠦᠭ 《ᠬᠠᠯᠠᠭᠤᠨ ᠰᠡᠳᠭᠢᠯᠲᠦ ᠬᠦᠮᠦᠰ》 ᠵᠡᠷᠭᠡ ᠬᠥᠳᠡᠭᠡ ᠲᠣᠰᠭᠣᠨ ᠨᠡᠢᠭᠡᠮ ᠲᠣᠭᠣᠷᠢᠭ᠎ᠲᠤ ᠢᠳᠡᠪᠬᠢᠲᠡᠢ ᠠᠵᠢᠯᠯᠠᠵᠤ᠂ ᠤᠯᠠᠨ ᠲᠦᠮᠡᠨ᠎ᠳᠦ ᠳᠥᠭᠥᠮ ᠲᠦᠷᠬᠡᠨ ᠡᠶᠡᠳᠡᠭᠦᠯᠬᠦ᠌ ᠦᠢᠯᠡᠴᠢᠯᠡᠭᠡ ᠬᠠᠩᠭᠠᠪᠠ; 《ᠲᠥᠯᠥᠭᠡᠯᠡᠭ᠌ᠴᠢ᠂ ᠭᠡᠱᠢᠭᠦᠨ + ᠱᠢᠭᠦᠬᠦ᠌ ᠬᠣᠷᠢᠢ᠎ᠠ》᠎ᠶᠢᠨ ᠤᠯᠠᠨ ᠡᠱᠢᠴᠢᠯᠡᠨ ᠱᠢᠢᠳᠪᠦᠷᠢᠯᠡᠬᠦ᠌ ᠲᠣᠭ᠍ᠲᠡᠴᠡ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠶᠡᠬᠡ ᠬᠡᠮᠵᠢᠶᠡᠨ᠎ᠦ ᠵᠠᠭᠤᠷᠠᠯᠳᠤᠭᠠᠨ᠎ᠢ ᠵᠠᠷᠭᠤᠯᠳᠤᠬᠤ᠎ᠡᠴᠡ ᠡᠮᠦᠨ᠎ᠡ ᠱᠢᠢᠳᠪᠦᠷᠢᠯᠡᠪᠡ; ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠡᠷᠡᠭ᠎ᠤᠨ ᠮᠡᠳᠡᠬᠦᠯᠦᠯᠳᠠ᠎ᠶᠢ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠡᠢᠭᠡᠮ ᠲᠣᠭᠣᠷᠢᠭ᠎ᠲᠤ ᠰᠠᠭᠤᠬᠤ᠎ᠲᠠᠶ ᠤᠶᠠᠯᠳᠤᠭᠤᠯᠤᠨ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠣᠢᠯᠠᠭᠠᠵᠤ᠂ ᠵᠥᠷᠢᠴᠡᠯ ᠵᠠᠭᠤᠷᠠᠯᠳᠤᠭᠠᠨ᠎ᠢ ᠡᠷᠲᠡ ᠢᠯᠡᠷᠡᠭᠦᠯᠬᠦ᠌᠂ ᠪᠦᠬᠦ ᠶᠠᠪᠤᠴᠠ᠎ᠳᠤ ᠤᠷᠤᠯᠴᠠᠨ᠌᠂ ᠦᠷᠭᠦᠯᠵᠢ ᠵᠣᠬᠢᠴᠠᠭᠤᠯᠤᠨ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ ᠁ ᠠᠮᠤᠷ ᠠᠮᠤᠭᠤᠯᠠᠩ᠎ᠤᠨ ᠪᠠᠢᠭᠤᠯᠤᠯᠲᠠ᠎ᠶ᠋ᠢᠨ ᠦᠨᠳᠦᠰᠦᠨ ᠱᠠᠲᠤᠨ᠎ᠤ ᠰᠠᠭᠤᠷᠢ ᠤᠯᠠᠮ ᠪᠠᠬᠢᠵᠢᠪᠠ᠃

ᠠᠮᠢᠵᠢᠷᠠᠯ᠎ᠤᠨ ᠬᠦᠴᠦᠨ᠎ᠢ ᠪᠠᠳᠠᠷᠠᠭᠠᠵᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠦᠷ᠎ᠡ ᠪᠦᠲᠦᠮᠵᠢ ᠳᠡᠭᠡᠭ᠌ᠰᠢᠯᠡᠪᠡ

《ᠮᠣᠷᠳᠠᠵᠠᠭᠠᠶ᠎ᠠ!》 12 ᠰᠠᠷ᠎ᠠ᠎ᠶ᠋ᠢᠨ 16 ᠎ᠤ᠋ ᠥᠷᠯᠥᠭᠡ᠂ ᠠᠯᠠᠱᠠ᠎ᠶᠢᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ᠎ᠢᠨᠭᠭᠡᠨ᠎ᠳᠡᠬᠢ ᠬᠢᠯᠢ᠎ᠶᠢᠨ ᠲᠣᠮᠢᠯᠠᠭ᠍ᠰᠠᠨ ᠰᠠᠯᠪᠤᠷᠢ᠎ᠶ᠋ᠢᠨ ᠳᠡᠳ᠋ ᠳᠠᠷᠤᠭ᠎ᠠ᠂ 《ᠬᠢᠯᠢ᠎ᠶᠢ ᠰᠠᠬᠢᠬᠰᠠᠨ ᠨᠢᠬᠡ ᠬᠡᠷ ᠪᠦᠯᠢ》 ᠴᠠᠭ᠍ᠳᠠᠭᠠᠨ᠎ᠤ ᠶᠠᠪᠤᠳᠠᠯ᠎ᠤᠨ ᠲᠠᠰᠤᠭ᠎ᠤᠨ ᠬᠠᠷᠢᠭᠤᠴᠠᠯᠭᠠᠲᠠᠨ ᠱᠢᠤᠢ ᠨᠠᠢ ᠴᠤᠤ ᠡᠬᠡᠨᠡᠷ᠎ᠲᠡᠶ᠎ᠪᠡᠨ ᠬᠣᠶᠠᠭᠤᠯᠠ ᠨᠢᠭᠡ ᠡᠳᠦᠷ᠎ᠦᠨ ᠶᠠᠭᠠᠷᠠᠯᠲᠠᠢ ᠠᠵᠢᠯ᠎ᠢᠶᠠᠨ ᠡᠬᠢᠯᠡᠭᠦᠯᠪᠡ᠃ ᠬᠢᠯᠢ᠎ᠶ᠋ᠢᠨ ᠲᠤᠨᠤᠭ ᠲᠥᠬᠥᠭᠡᠷᠦᠮᠵᠢ᠎ᠶ᠋ᠢ ᠪᠠᠢᠴᠠᠭᠠᠵᠤ᠂ ᠬᠠᠷᠢᠶ᠎ᠠ ᠣᠷᠣᠨ᠎ᠤ ᠠᠮᠤᠷ᠎ᠢ ᠬᠠᠮᠠᠭᠠᠯᠠᠬᠤ᠎ᠶ᠋ᠢ ᠲᠣᠭᠣᠷᠢᠨ ᠪᠠᠢᠴᠠᠭᠠᠵᠤ᠂ ᠡᠷ᠎ᠡ ᠡᠮ᠎ᠡ ᠬᠣᠶᠠᠭᠤᠯᠠ ᠪᠠᠨ ᠨᠢᠭᠲᠠ ᠬᠠᠮᠵᠢᠯᠴᠠᠨ ᠠᠵᠢᠯᠯᠠᠨ᠎ᠠ᠃

ᠱᠢᠤᠢ ᠨᠠᠢ ᠴᠤᠤ ᠡᠷ᠎ᠡ ᠡᠮ᠎ᠡ ᠬᠣᠶᠠᠭᠤᠯᠠ᠎ᠲᠠᠶ ᠠᠳᠠᠯᠢ᠎ᠪᠠᠷ ᠬᠢᠯᠢ᠎ᠶ᠋ᠢᠨ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠬᠥᠮᠦᠰ᠎ᠲᠦ ᠪᠠᠰᠠ ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠴᠤᠬᠠᠦ᠋ᠨᠳᠦᠷ ᠪᠠᠯᠭᠠᠰᠤᠨ᠎ᠤ ᠲᠣᠮᠢᠯᠠᠭ᠍ᠰᠠᠨ ᠰᠠᠯᠪᠤᠷᠢ᠎ᠶ᠋ᠢᠨ ᠵᠢᠭᠠᠨ ᠵᠢᠯᠣᠭᠣᠳᠣᠭ᠍ᠴᠢ ᠪᠤᠶᠠᠨᠳᠡᠯᠭᠡᠷ ᠪᠣᠯᠤᠨ ᠲᠡᠭᠦᠨ᠎ᠦ ᠬᠠᠮᠲᠤ ᠠᠵᠢᠯᠯᠠᠭ᠍ᠰᠠᠳ ᠪᠣᠶ᠃ ᠲᠣᠰ ᠰᠠᠯᠪᠤᠷᠢ 《ᠠᠷᠠᠳ᠎ᠲᠤ ᠲᠥᠬᠥᠮ ᠦᠵᠡᠭᠦᠯᠬᠦ᠌ ᠨᠡᠭᠦᠳᠡᠯ ᠦᠶ᠋ᠯᠡᠴᠢᠯᠡᠭᠡᠨ᠎ᠦ ᠠᠩᠭᠢ》᠎ᠶᠢ ᠪᠠᠢᠭᠤᠯᠤᠭ᠍ᠰᠠᠨ᠎ᠢᠶᠠᠷ ᠪᠠᠷᠠᠬᠤ ᠥᠬᠡᠶ ᠪᠠᠰᠠ 《ᠲᠠᠯ᠎ᠠ ᠨᠤᠲᠤᠭ᠎ᠤᠨ 110》 ᠴᠠᠭ᠍ᠳᠠᠭ᠎ᠠ ᠪᠠ ᠠᠷᠠᠳ ᠤᠯᠠᠨ ᠲᠠᠢ ᠬᠠᠷᠢᠯᠴᠠᠬᠤ ᠵᠢᠷᠬᠢᠶ᠎ᠡ ᠬᠤᠯᠪᠤᠭ᠎ᠠ᠎ᠵᠢ 20 ᠭᠠᠷᠤᠶ ᠪᠠᠢᠭᠤᠯᠵᠤ᠂ ᠠᠮᠤᠷ᠎ᠢ ᠬᠠᠮᠠᠭᠠᠯᠠᠬᠤ ᠰᠡᠷᠡᠮᠵᠢᠯᠡᠭᠦᠯᠦᠯ᠂ ᠬᠠᠤᠯᠢ ᠴᠠᠭᠠᠵᠠ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠬᠥᠮᠦᠨ ᠡᠷᠢᠵᠦ᠍ ᠪᠣᠳᠠᠰ ᠡᠷᠢᠬᠦ᠌ ᠵᠡᠷᠭᠡ ᠴᠠᠭ᠍ᠳᠠᠭᠠᠨ᠎ᠤ ᠶᠠᠪᠤᠳᠠᠯ ᠎ᠤᠨ ᠦᠢᠯᠡᠳᠦᠯ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃

ᠬᠢᠯᠢ᠎ᠶ᠋ᠢᠨ ᠪᠣᠭᠣᠮᠲᠠ᠎ᠶ᠋ᠢ ᠪᠡᠬᠢᠵᠢᠭᠦᠯᠬᠦ᠌᠎ᠳᠦ᠂ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠬᠤ ᠬᠡᠷᠡᠭ᠌ᠲᠡᠶ᠃ ᠥᠪᠥᠷ ᠮᠣᠩᠭᠣᠯ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ ᠬᠢᠯᠢ ᠬᠢᠵᠠᠭᠠᠷ᠎ᠤᠨ ᠪᠣᠰᠣᠭ᠎ᠠ ᠴᠣᠭ᠍ᠴᠠᠲᠤ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠡᠬᠢ ᠪᠠᠶᠠᠯᠢᠭ᠎ᠤᠨ ᠬᠦᠴᠦᠨ᠎ᠢ ᠬᠢᠯᠢ᠎ᠶ᠋ᠢᠨ ᠡᠮᠦᠨ᠎ᠡ ᠹᠷᠣᠨᠲ᠎ᠲᠤ ᠲᠥᠪᠯᠡᠷᠡᠭᠦᠯᠬᠦ᠌᠎ᠶ᠋ᠢ ᠠᠬᠢᠭᠤᠯᠪᠠ᠃ ᠬᠢᠯᠢ ᠬᠠᠮᠠᠭᠠᠯᠠᠭ᠍ᠴᠢ᠎ᠶ᠋ᠢᠨ ᠡᠩᠨᠡᠭᠡ᠎ᠶ᠋ᠢ ᠪᠠᠢᠩᠭᠤ ᠵᠣᠬᠢᠶᠠᠨ ᠪᠠᠢᠭᠤᠯᠤᠨ ᠬᠢᠯᠢ ᠬᠢᠵᠠᠭᠠᠷ᠎ᠢ ᠲᠣᠭᠣᠷᠢᠨ ᠬᠠᠮᠠᠭᠠᠯᠠᠬᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ ᠠᠵᠢᠯ ᠥᠷᠨᠢᠭᠦᠯᠵᠦ᠍᠂ ᠬᠢᠯᠢ ᠬᠢᠵᠠᠭᠠᠷ᠎ᠢ ᠰᠡᠷᠭᠡᠢᠯᠡᠨ ᠡᠵᠡᠮᠳᠡᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠡᠵᠡᠨ᠎ᠡ ᠬᠣᠱᠢᠭᠤᠨ᠎ᠤ ᠲᠣᠭᠠᠴᠢᠯᠠᠭ᠍ᠰᠠᠨ ᠪᠣᠰᠣᠭ᠎ᠠ ᠴᠣᠭ᠍ᠴᠠᠲᠤ ᠤᠶᠤᠨᠴᠢᠯᠠᠭ᠍ᠰᠠᠨ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠮᠢᠶᠠᠷᠤᠨ ᠡᠵᠡᠮᠳᠡᠬᠦ᠌ ᠲᠤᠷᠱᠢᠯᠲᠠ᠎ᠶ᠋ᠢᠨ ᠴᠡᠭ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠷᠢ ᠬᠠᠲᠠᠭᠤ ᠲᠣᠨᠣᠭ᠎ᠢ ᠦᠨᠳᠦᠰᠦᠨ᠎ᠳᠡᠭᠡᠨ ᠤᠭ᠍ᠰᠠᠷᠠᠵᠤ ᠳᠠᠭᠤᠰᠭᠠᠪᠠ᠃

ᠬᠢᠯᠢ᠎ᠶ᠋ᠢᠨ ᠪᠣᠭᠣᠮᠲᠠ᠎ᠶᠢ ᠪᠡᠬᠢᠵᠢᠭᠦᠯᠬᠦ᠌᠎ᠳᠦ᠂ ᠬᠢᠯᠢ᠎ᠵᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠬᠡᠷᠡᠭᠲᠡᠢ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ 《ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ》 ᠵᠡᠷᠬᠡ ᠰᠠᠭᠤᠷᠢ ᠲᠥᠬᠥᠭᠡᠷᠦᠮᠵᠢ᠎ᠶ᠋ᠢ ᠨᠢᠭᠡ ᠴᠤᠭ᠍ᠴᠠᠵᠢᠭᠤᠯᠬᠤ ᠪᠥᠲᠥᠭᠡᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠠᠬᠢᠭᠤᠯᠵᠤ᠂ 283 ᠬᠤᠳᠳᠤᠭ ᠮᠠᠯᠲᠠᠵᠤ᠂ 36 ᠤᠰᠤ ᠬᠠᠳᠠᠭᠠᠯᠠᠬᠤ ᠵᠣᠭᠣᠷᠢ ᠪᠠᠢᠭᠤᠯᠪᠠ; 10 ᠺᠢᠯᠦᠸᠤᠯᠲ᠎ᠤᠨ ᠴᠠᠬᠢᠯᠭᠠᠨ ᠱᠤᠭᠤᠮ᠎ᠢ 2045 ᠺᠢᠯᠣᠮᠧᠲᠷ ᠪᠠᠢᠭᠤᠯᠵᠤ᠂ ᠳᠣᠣᠷ᠎ᠠ ᠬᠦᠴᠦᠳᠡᠯᠲᠦ ᠴᠠᠬᠢᠯᠭᠠᠨ ᠱᠤᠭᠤᠮ᠎ᠢ 347 ᠺᠢᠯᠣᠮᠧᠲᠷ ᠪᠠᠢᠭᠤᠯᠵᠦ᠂ 9656 ᠮᠠᠯᠵᠢᠬᠤ ᠲᠠᠷᠢᠶᠠᠯᠠᠬᠤ ᠡᠷᠦᠬᠡ᠎ᠳ᠋ᠤ ᠱᠢᠨ᠎ᠡ ᠡᠨᠧᠷᠭᠢ᠎ᠶ᠋ᠢ ᠲᠡᠰ ᠳᠡᠪᠱᠢᠭᠦᠯᠦᠨ ᠥᠭᠡᠷᠡᠴᠢᠯᠡᠬᠦ᠌ ᠢᠨᠵᠧᠨᠧᠷᠢᠩ᠎ᠢ ᠪᠡᠶᠡᠯᠡᠭᠦᠯᠪᠡ; G331 ᠤᠯᠤᠰ᠎ᠤᠨ ᠵᠠᠮ᠎ᠢ 422 ᠺᠢᠯᠣᠮᠧᠲᠷ ᠱᠢᠨ᠎ᠡ᠎ᠪᠡᠷ ᠵᠠᠰᠠᠵᠤ ᠥᠭᠡᠷᠡᠴᠢᠯᠡᠨ᠂ ᠤᠯᠤᠰ᠎ᠤᠨ ᠵᠠᠮ G331᠎ᠶᠢᠨ ᠪᠦᠬᠦ᠌ ᠱᠤᠭᠤᠮ᠎ᠵᠢᠡᠷ ᠭᠤᠷᠪᠠᠳᠤᠭᠠᠷ ᠳᠡᠰ ᠵᠢᠴᠢ ᠲᠡᠭᠦᠨ ᠎ᠡᠴᠡ ᠳᠡᠭᠡᠭ᠌ᠰᠢᠬᠢ ᠪᠠᠷᠢᠮᠵᠢᠶ᠎ᠠ᠎ᠳᠤ ᠬᠦᠷᠬᠦ᠎ᠶᠢ ᠪᠡᠶᠡᠯᠡᠭᠦᠯᠪᠡ; 4G ᠰᠠᠭᠤᠷᠢ ᠥᠷᠲᠡᠭᠡ᠎ᠵᠢ ᠱᠢᠨ᠎ᠡ᠎ᠪᠡᠷ 331 ᠰᠠᠭᠤᠷᠢ ᠪᠠᠢᠭᠤᠯᠵᠤ᠂ ᠭᠡᠷᠡᠯᠯᠢᠭ ᠤᠳᠠᠰᠤ᠎ᠵᠢ 2515 ᠺᠢᠯᠣᠮᠧᠲ᠋ᠷ ᠨᠡᠪᠳᠡᠷᠡᠬᠦᠯᠵᠤ᠂ ᠬᠢᠯᠢ᠎ᠶ᠋ᠢᠨ ᠵᠠᠰᠠᠭ ᠵᠠᠬᠢᠷᠭᠠᠨ᠎ᠤ ᠲᠣᠰᠭᠣᠨ᠎ᠳᠤ ᠴᠥᠮ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠍᠂ ᠬᠢᠯᠢ᠎ᠶ᠋ᠢᠨ ᠬᠠᠮᠠᠭᠠᠯᠠᠯᠲᠠ᠎ᠶ᠋ᠢᠨ ᠬᠠᠷᠠᠭᠤᠯ᠎ᠤᠨ ᠭᠠᠵᠠᠷ᠎ᠲᠤ ᠴᠥᠮ ᠱᠢᠯᠵᠢᠬᠡ ᠳᠣᠬᠢᠶ᠎ᠠ᠎ᠶᠢ ᠪᠦᠷᠬᠦᠬᠦᠯᠵᠦ᠂ ᠭᠤᠷᠪᠠᠨ ᠵᠢᠯ᠎ᠦᠨ ᠠᠵᠢᠯᠯᠠᠭᠠᠨ᠎ᠤ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃

ᠴᠠᠭ ᠮᠦᠴᠡ ᠬᠤᠪᠢᠷᠠᠯᠲᠠ᠎ᠶ᠋ᠢ ᠭᠡᠷᠡᠴᠢᠯᠡᠨ᠎ᠠ᠂ ᠬᠤᠪᠢᠷᠠᠯᠲᠠ ᠨᠢᠬᠡᠪᠦᠷᠢ᠎ᠡᠴᠡ 《ᠠᠮᠤᠷ ᠲᠦᠪᠱᠢᠨ ᠳᠡᠷᠭᠡᠳᠡ ᠪᠠᠢᠬᠤ》᠎ᠶᠢ ᠮᠡᠳᠡᠷᠡᠨ᠎ᠡ᠃ ᠥᠪᠡᠷᠲᠡᠭᠡᠨ ᠵᠠᠰᠠᠬᠤ ᠣᠷᠣᠨ ᠶᠠᠭ ᠪᠣᠳᠠᠲᠠᠢ ᠠᠵᠢᠯᠯᠠᠬᠤ ᠤᠪᠤᠷ ᠪᠠᠢᠳᠠᠯ᠂ ᠲᠡᠮᠡᠴᠡᠯ᠎ᠦᠨ ᠳᠦᠷᠢ ᠲᠥᠷᠬᠦ᠌᠎ᠪᠡᠷ ᠨᠠᠩ ᠥᠨᠳᠥᠷ ᠲᠦᠪᠱᠢᠨ ᠪᠦᠬᠦᠢ ᠠᠮᠤᠭᠤᠯᠠᠩᠳᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ 《ᠠᠮᠤᠷ ᠠᠮᠤᠭᠤᠯᠠᠩ᠎ᠤᠨ ᠪᠠᠢᠭᠤᠯᠤᠯᠲᠠ᠎ᠳᠤ ᠬᠥᠮᠦᠨ ᠪᠦᠬᠦᠨ ᠣᠷᠣᠯᠴᠠᠵᠤ᠂ ᠠᠮᠤᠷ ᠠᠮᠤᠭᠤᠯᠠᠩ᠎ᠤᠨ ᠦᠷ᠎ᠡ ᠪᠦᠲᠦᠭᠡᠯ᠎ᠢ ᠬᠥᠮᠦᠨ ᠪᠦᠬᠦᠨ ᠬᠠᠮᠲᠤ᠎ᠪᠠᠷ ᠡᠳ᠋ᠯᠡᠬᠦ᠌》 ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

[ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ]

ᠶᠠᠭᠤ᠎ᠶ᠋ᠢ ᠠᠮᠤᠷ ᠲᠦᠪᠱᠢᠨ᠎ᠤ ᠲᠦᠷᠦᠭᠳᠡᠯ ᠭᠡᠬᠦ ᠪᠤᠢ? ᠵᠠᠷᠢᠮ ᠬᠥᠮᠦᠨ᠎ᠦ ᠬᠡᠯᠡᠬᠦ᠌᠎ᠪᠡᠷ᠂ ᠠᠮᠤᠷ ᠲᠦᠪᠱᠢᠨ᠎ᠦ ᠲᠥᠷᠥᠭ᠌ᠳᠡᠯ ᠪᠣᠯ ᠵᠤᠨ᠎ᠤ ᠰᠥᠨᠢ 《ᠱᠣᠷᠣᠯᠠᠭ ᠢᠳᠡᠬᠦ᠌》 ᠦᠶ᠎ᠡ᠎ᠶ᠋ᠢᠨ ᠰᠠᠨᠠᠭ᠎ᠠ ᠠᠮᠤᠷ ᠲᠠᠭᠠᠯᠠᠮᠵᠢᠲᠠᠢ ᠪᠠᠢᠳᠠᠯ; ᠡᠪᠦᠯ᠎ᠦᠨ ᠴᠠᠰᠤ ᠣᠷᠣᠬᠤ ᠦᠶᠡᠰ᠎ᠤᠨ ᠨᠠᠮ ᠵᠢᠮ ᠤᠷᠴᠢᠨ; ᠠᠵᠢᠯ᠎ᠠᠴᠠ᠎ᠪᠠᠨ ᠪᠠᠭᠤᠵᠤ ᠭᠡᠷ᠎ᠲᠡᠬᠡᠨ ᠬᠠᠷᠢᠬᠤ ᠦᠶᠡᠰ᠎ᠤᠨ ᠭᠡᠷᠡᠯᠲᠦᠨ ᠲᠤᠸᠠᠯᠠᠬᠤ ᠳ᠋ᠧᠩ; ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠲᠣᠭ᠍ᠲᠠᠭᠤᠨ ᠡᠮᠬᠢ ᠳᠢᠭ᠌ᠯᠢᠮ ᠁ ᠬᠥᠮᠦᠨ ᠪᠣᠯᠭᠠᠨ᠎ᠤ ᠠᠮᠤᠷ ᠲᠦᠪᠱᠢᠨ᠎ᠦ ᠲᠥᠷᠥᠭ᠌ᠳᠡᠯ᠎ᠦᠨ ᠲᠤᠬᠠᠶ ᠣᠢᠯᠠᠭᠠᠯᠲᠠ ᠨᠢ ᠪᠣᠳᠠᠲᠠᠶ ᠪᠥᠭᠡᠳ ᠨᠠᠷᠢᠯᠢᠭ᠃ ᠠᠮᠤᠷ ᠠᠮᠤᠭᠤᠯᠠᠩ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠦᠨᠳᠦᠰᠦᠨ ᠳᠡᠪᠢᠰᠭᠡᠷ ᠦᠩᠭᠡ ᠮᠥᠨ᠃ ᠡᠨᠡ ᠵᠢᠯ᠎ᠢ ᠡᠷᠭᠢᠴᠡᠭᠦᠯᠬᠦᠶ᠎ᠡ᠂ ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ ᠶᠠᠭ ᠢᠯᠡᠳᠲᠡ ᠦᠷ᠎ᠡ ᠪᠦᠲᠦᠮᠵᠢ᠎ᠪᠡᠷ ᠠᠷᠠᠳ ᠤᠯᠠᠨ᠎ᠤ ᠵᠣᠯ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠵᠦ᠍ ᠪᠠᠢᠨ᠎ᠠ᠃

ᠢᠷᠡᠯᠲᠡ᠄    