ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠳᠤ ᠠᠶᠤᠩᠭ᠋ᠠᠲᠤ ᠪᠣᠷᠣᠭ᠋ᠠᠨ ᠶᠡᠬᠡ ᠰᠠᠯᠬᠢ ᠮᠥᠨᠳᠥᠷ᠎ᠲᠠᠢ!
ᠨᠡᠶ᠋ᠢᠲᠡᠯᠡᠭᠰᠡᠨ ᠴᠠᠭ᠄ 2025-06-26


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠶᠠᠨ᠎ᠤ ᠮᠡᠳᠡᠭᠡ ᠵᠢ ᠦᠨᠳᠦᠰᠦᠯᠡᠪᠡᠯ᠂ 6 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 6 ᠳ᠋ᠤᠭ᠋ᠠᠷ ᠰᠠᠷ᠎ᠠ ᠵᠢᠨ 26᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠳᠤᠮᠳᠠ ᠪᠠ ᠵᠡᠭᠦᠨ ᠬᠡᠰᠡᠭ᠎ᠤᠨ ᠭᠠᠵᠠᠷ ᠣᠷᠣᠨ᠎ᠳᠤ ᠥᠨᠳᠥᠷ  ᠳᠤᠯᠠᠭ᠋ᠠᠴᠠ  ᠦᠷᠭᠦᠯᠵᠢᠯᠡᠵᠦ᠂ ᠬᠡᠰᠡᠭ ᠭᠠᠵᠠᠷ ᠣᠷᠣᠨ᠎ᠤ ᠬᠠᠮᠤᠭ᠎ᠤᠨ ᠥᠨᠳᠥᠷ ᠠᠭ᠋ᠠᠷ᠎ᠤᠨ ᠳᠤᠯᠠᠭ᠋ᠠᠨ 37℃᠎ᠢ ᠳᠠᠪᠠᠬᠤ  ᠪᠣᠯᠣᠨ᠎ᠠ ᠂  ᠪᠤᠰᠤᠳ  ᠣᠯᠠᠨ ᠭᠠᠵᠠᠷ᠎ᠲᠤ ᠬᠡᠰᠡᠭ ᠪᠣᠷᠣᠭ᠋ᠠᠨ ᠪᠤᠶᠤ ᠠᠶᠤᠩᠭ᠋ᠠᠲᠤ  ᠠᠭ᠋ᠠᠳᠠᠷ  ᠪᠣᠷᠣᠭ᠋ᠠᠨ  ᠣᠷᠣᠨ᠎ᠠ ᠂ ᠪᠠᠷᠠᠭᠤᠨ ᠬᠡᠰᠡᠭ ᠪᠠ ᠵᠡᠭᠦᠨ ᠬᠣᠢ᠌ᠲᠤ ᠬᠡᠰᠡᠭ᠎ᠲᠤ ᠪᠠᠭ᠎ᠠ᠎ᠠᠴᠠ ᠳᠤᠮᠳᠠ ᠵᠡᠷᠭᠡ ᠵᠢᠨ ᠪᠣᠷᠣᠭ᠋ᠠᠨ ᠣᠷᠣᠵᠤ᠂ ᠬᠡᠰᠡᠭ ᠭᠠᠵᠠᠷ᠎ᠲᠤ  ᠣᠬᠣᠷᠬᠠᠨ  ᠴᠠᠭ᠎ᠤᠨ ᠰᠢᠷᠦᠭᠦᠨ ᠪᠣᠷᠣᠭ᠋ᠠᠨ᠂ ᠠᠶᠤᠩᠭ᠋ᠠᠲᠤ ᠪᠣᠷᠣᠭ᠋ᠠᠨ᠂ ᠮᠥᠨᠳᠥᠷ ᠵᠡᠷᠭᠡ ᠬᠦᠴᠦᠲᠡᠢ ᠰᠣᠯᠢᠭ ᠤᠷᠤᠰᠬᠠᠯ᠎ᠲᠠᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ