6 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠢᠨᠵᠧᠨᠧᠷᠢᠩ᠎ᠤᠨ ᠪᠥᠬᠥ ᠱᠤᠭᠤᠮ ᠵᠶ᠋ᠠᠷ ᠲᠤᠷᠰᠢᠨ ᠨᠡᠪᠲᠡᠷᠡᠭᠦᠯᠦᠭᠡᠳ ᠠᠮᠵᠢᠯᠲᠠ ᠣᠯᠣᠭᠰᠠᠨ᠎ᠨᠢ ᠲᠣᠰ ᠢᠨᠵᠧᠨᠧᠷᠢᠩ᠎ᠤᠨ ᠪᠥᠬᠥ ᠱᠤᠭᠤᠮ ᠵᠶ᠋ᠠᠷ ᠤᠰᠤ ᠤᠷᠤᠰᠬᠠᠨ ᠨᠡᠪᠲᠡᠷᠡᠭᠦᠯᠬᠦ ᠴᠢᠳᠠᠪᠤᠷᠢ ᠵᠢᠨ ᠵᠢᠩᠬᠢᠨᠢ᠎ᠪᠠᠷ ᠪᠦᠷᠢᠯᠳᠦᠭᠰᠡᠨ᠎ᠢ ᠬᠠᠷᠠᠭᠤᠯᠵᠤ ᠪᠠᠢ᠌ᠨ᠎ᠠ᠃
ᠴᠤᠤᠯ ᠭᠣᠣᠯ᠎ᠤᠨ ᠤᠰᠤ ᠵᠢ ᠲᠠᠲᠠᠵᠤ ᠯᠢᠶᠣᠤ ᠾᠧ ᠭᠣᠣᠯ᠎ᠳᠤ ᠨᠡᠮᠡᠷᠢᠯᠡᠬᠦ ᠢᠨᠵᠧᠨᠧᠷᠢᠩ ᠪᠣᠯ 《 ᠠᠷᠪᠠᠨ ᠭᠤᠷᠪᠠᠳᠤᠭ᠋ᠠᠷ ᠲᠠᠪᠤᠨ ᠵᠢᠯ 》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠤᠯᠤᠰ᠎ᠤᠨ 172 ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠦᠷᠦᠯ ᠵᠦᠢ᠍ᠯ᠎ᠤᠨ ᠨᠢᠭᠡ ᠪᠣᠯᠣᠨ᠎ᠠ᠂ ᠲᠡᠷᠡ᠎ᠨᠢ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠭᠣᠣᠯᠯᠠᠭᠴᠢ ᠢᠨᠵᠧᠨᠧᠷᠢᠩ᠎ᠳᠤ ᠬᠠᠷᠢᠶᠠᠯᠠᠭᠳᠠᠨ᠎ᠠ ᠃ ᠲᠤᠰ ᠢᠨᠵᠧᠨᠧᠷᠢᠩ ᠨᠢ ᠭᠣᠣᠯᠳᠠᠭᠤ ᠤᠰᠤᠨ᠎ᠤ ᠰᠤᠷᠪᠤᠯᠵᠢ ᠵᠢᠨ ᠢᠨᠵᠧᠨᠧᠷᠢᠩ ᠪᠠ ᠤᠰᠤ ᠳᠠᠮᠵᠢᠭᠤᠯᠬᠤ ᠢᠨᠵᠧᠨᠧᠷᠢᠩ ᠭᠡᠬᠦ ᠬᠣᠶᠠᠷ ᠬᠡᠰᠡᠭ ᠵᠶ᠋ᠡᠷ ᠪᠦᠷᠢᠯᠳᠦᠵᠡᠢ᠃ ᠡᠭᠦᠨ᠎ᠳᠤ᠂ ᠤᠰᠤ ᠳᠠᠮᠵᠢᠭᠤᠯᠬᠤ ᠭᠣᠣᠯ ᠱᠤᠭᠤᠮ᠎ᠤᠨ ᠢᠨᠵᠧᠨᠧᠷᠢᠩ᠎ᠤᠨ ᠪᠥᠬᠥ ᠣᠷᠳᠣᠨ᠎ᠢ 391.036 ᠺᠢᠯᠣᠮᠧᠲᠷ ᠪᠣᠯᠣᠨ᠎ᠠ ; 9 ᠰᠠᠯᠪᠤᠷᠢ ᠱᠤᠭᠤᠮ᠎ᠤᠨ ᠢᠨᠵᠧᠨᠧᠷᠢᠩ᠎ᠤᠨ ᠪᠥᠬᠥ ᠣᠷᠳᠣᠨ᠎ᠢ 395.265 ᠺᠢᠯᠣᠮᠧᠲᠷ ᠪᠠᠢ᠌ᠵᠤ᠂ ᠲᠣᠰ ᠲᠣᠰ ᠬᠢᠩᠭ᠋ᠠᠨ ᠠᠢ᠌ᠮᠠᠭ᠂ ᠲᠦᠩᠯᠢᠶᠣᠣ ᠬᠣᠲᠠ ᠬᠣᠶᠠᠷ ᠭᠠᠵᠠᠷ᠎ᠤᠨ 8 ᠬᠣᠰᠢᠭᠤ ᠰᠢᠶᠠᠨ ᠬᠣᠲᠠ ᠲᠣᠭᠣᠷᠢᠭ᠂ ᠠᠵᠤ ᠦᠢ᠍ᠯᠡᠳᠪᠦᠷᠢ ᠵᠢᠨ 10 ᠬᠦᠷᠢᠶᠡᠯᠡᠩ ᠲᠣᠭᠣᠷᠢᠭ᠎ᠢ ᠬᠣᠯᠪᠣᠪᠠ᠃ ᠢᠨᠵᠧᠨᠧᠷᠢᠩ᠎ᠤᠨ ᠣᠯᠠᠨ ᠵᠢᠯ᠎ᠳᠤ ᠤᠰᠤ ᠬᠠᠩᠭ᠋ᠠᠬᠤ ᠳᠤᠮᠳᠠᠴᠢ ᠬᠡᠮᠵᠢᠶ᠎ᠡ ᠨᠢ 4.36 ᠳ᠋ᠦᠩᠰᠢᠭᠤᠷ ᠺᠦᠪ ᠮᠧᠲᠷ᠎ᠲᠤ ᠬᠦᠷᠴᠦ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦᠢ᠌ᠴᠡ ᠬᠥᠭᠵᠢᠯᠲᠡ ᠵᠢ ᠠᠬᠢᠭᠤᠯᠬᠤ ᠂ ᠤᠮᠠᠷᠠᠲᠤ ᠬᠢᠯᠢ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠲᠤᠢ᠌ᠯ᠎ᠤᠨ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃