ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
2025 ᠪᠣᠬᠢᠷᠳᠤᠯ ᠦᠭᠡᠢ ᠪᠣᠳᠣᠯᠲᠠ ᠵᠢᠨ ᠬᠦᠴᠦᠨ (ᠵᠣᠬᠢᠶᠠᠮᠠᠯ ᠤᠶᠤᠨ ᠴᠢᠳᠠᠪᠤᠷᠢ) ᠤ᠋ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ  ᠪᠤᠤ ᠭᠠᠩ ᠴᠢ᠊ ᠪᠠᠲᠤ ᠣᠷᠣᠯᠴᠠᠵᠠᠢ
ᠨᠡᠶ᠋ᠢᠲᠡᠯᠡᠭᠰᠡᠨ ᠴᠠᠭ᠄ 2025-07-14

 

7 ᠰᠠᠷ᠎ᠠ᠎ᠶᠢᠨ 12 ᠤ᠋ᠨ ᠡᠳᠦᠷ᠂ 2025 ᠪᠣᠬᠢᠷᠳᠤᠯ ᠦᠭᠡᠢ ᠪᠣᠳᠣᠯᠲᠠ ᠵᠢᠨ ᠬᠦᠴᠦᠨ(ᠵᠣᠬᠢᠶᠠᠮᠠᠯ ᠤᠶᠤᠨ ᠴᠢᠳᠠᠪᠤᠷᠢ) ᠤ᠋ ᠶᠡᠬᠡ ᠬᠤᠷᠠᠯ ᠭᠦᠭᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶᠢᠨ ᠭᠡᠰᠢᠭᠦᠨ᠂ ᠭᠦᠭᠡᠬᠣᠲᠠ᠎ᠶᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠣᠷᠣᠯᠴᠠᠪᠠ᠃

ᠬᠤᠷᠠᠯ ᠳᠡᠭᠡᠷ᠎ᠡ᠂ ᠬᠣᠷᠢᠨᠭᠡᠷ᠎ᠦᠨ ᠡᠭᠦᠯᠡᠨ ᠪᠣᠳᠣᠯᠲᠠ᠎ᠶᠢᠨ ᠬᠦᠴᠦᠨ᠎ᠤ ᠡᠬᠢ ᠪᠠᠶᠠᠯᠢᠭ᠋᠎ᠢ ᠬᠢᠨᠠᠨ ᠬᠡᠮᠵᠢᠬᠦ ᠬᠢᠭᠡᠳ ᠲᠣᠬᠢᠷᠠᠭᠤᠯᠬᠤ ᠲᠠᠪᠴᠠᠩ᠎ᠢ ᠪᠦᠭᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ ᠵᠢᠨ ᠬᠦᠴᠦᠨ᠎ᠦ ᠲᠣᠣᠷ᠎ᠤᠨ ᠬᠢᠨᠠᠨ ᠬᠡᠮᠵᠢᠵᠦ ᠲᠣᠬᠢᠷᠠᠭᠤᠯᠬᠤ ᠲᠠᠪᠴᠠᠩ᠎ᠳᠤ ᠵᠢᠩᠬᠢᠨᠢ᠎ᠪᠡᠷ ᠵᠠᠯᠭᠠᠨ ᠣᠷᠣᠭᠤᠯᠪᠠ᠃ ᠪᠦᠭᠦ ᠤᠯᠤᠰ᠎ᠤᠨ ᠠᠩᠬᠠᠳᠠᠭ᠍ᠴᠢ ᠪᠣᠬᠢᠷᠳᠤᠯ ᠦᠭᠡᠢ ᠪᠣᠳᠣᠯᠲᠠ ᠵᠢᠨ ᠬᠦᠴᠦᠨ ᠪᠠ ᠴᠠᠭᠢᠯᠭᠠᠨ ᠬᠦᠴᠦᠨ ᠢ᠋ ᠬᠠᠮᠵᠢᠯᠴᠠᠭᠤᠯᠬᠤ ᠠᠵᠤ ᠦᠢᠯᠡᠰ᠎ᠦᠨ ᠰᠠᠭᠤᠷᠢᠨ᠎ᠢ ᠪᠦᠲᠦᠭᠡᠨ ᠪᠠᠢᠭᠤᠯᠵᠤ ᠡᠬᠢᠯᠡᠭᠰᠡᠨ᠎ᠢ ᠵᠠᠷᠯᠠᠪᠠ᠃ 《ᠪᠦᠭᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠲᠠ ᠵᠢᠨ ᠬᠦᠴᠦᠨ᠎ᠦ ᠲᠣᠣᠷ》 ᠤ᠋ᠨ ᠪᠣᠳᠣᠯᠲᠠ ᠵᠢᠨ ᠬᠦᠴᠦᠨ ᠪᠠ ᠴᠠᠭᠢᠯᠭᠠᠨ ᠬᠦᠴᠦᠨ ᠢ᠋ ᠬᠠᠮᠵᠢᠯᠴᠠᠭᠤᠯᠬᠤ ᠤᠯᠤᠰ᠎ᠤᠨ ᠲᠤᠷᠰᠢᠯᠲᠠ᠎ᠶᠢᠨ ᠴᠡᠭ ᠤ᠋ᠨ ᠲᠦᠷᠦᠯ ᠵᠦᠢᠯ ᠢ᠋ ᠲᠣᠣᠷ ᠨᠡᠢᠯᠡᠭᠦᠯᠦᠨ ᠠᠵᠢᠯᠯᠠᠭᠤᠯᠪᠠ᠃ ᠬᠣᠷᠢᠨᠭᠡᠷ ᠤ᠋ᠨ ᠮᠥᠩᠭᠥᠨ ᠭᠦᠢᠯᠭᠡᠭᠡᠨ᠎ᠤ ᠳ᠋ᠠᠢᠲ᠋ᠠ᠎ᠶᠢᠨ ᠠᠵᠤ ᠦᠢᠯᠡᠰ᠎ᠦᠨ ᠬᠦᠷᠢᠶᠡᠯᠡᠩ᠎ᠳᠦ ᠫᠠᠢᠰᠠ ᠣᠯᠭᠣᠪᠠ᠃ ᠥᠪᠥᠷ ᠮᠣᠩᠭᠣᠯ᠎ᠤᠨ ᠺᠸᠠᠨ᠋ᠲ ᠤ᠋ᠨ ᠮᠡᠳᠡᠭᠡ ᠵᠠᠩᠭᠢ᠎ᠶᠢᠨ ᠰᠢᠨ᠎ᠡ᠎ᠶᠢ ᠡᠭᠦᠳᠬᠦ ᠢᠨᠵᠧᠨᠧᠷᠢᠩ᠎ᠦᠨ ᠲᠥᠪ ᠵᠡᠷᠭᠡ 4 ᠲᠤᠷᠰᠢᠯᠲᠠ᠎ᠶᠢᠨ ᠲᠠᠰᠤᠭ ᠫᠠᠢᠰᠠ ᠡᠯᠭᠦᠨ ᠪᠠᠢᠭᠤᠯᠤᠭᠳᠠᠪᠠ᠃ ᠪᠡᠭᠡᠵᠢᠩ ᠤ᠋ᠨ ᠡᠨ᠋ᠸᠷᠭᠢ ᠵᠢᠨ ᠪᠡᠯᠡ ᠤᠷᠤᠭᠤᠯᠤᠯᠳᠠ ᠵᠢᠨ (ᠪᠦᠯᠦᠭᠯᠡᠯ)ᠬᠢᠵᠠᠭᠠᠷᠲᠤ ᠺᠤᠮᠫᠠᠨᠢ ᠵᠢᠨ 《ᠪᠡᠭᠡᠵᠢᠩ ᠥᠪᠥᠷ ᠮᠣᠩᠭᠣᠯ᠎ᠤᠨ ᠪᠣᠳᠣᠯᠲᠠ ᠵᠢᠨ ᠬᠦᠴᠦᠨ᠎ᠤ ᠬᠠᠮᠲᠤᠷᠠᠯᠴᠠᠭ᠎ᠠ》 ᠵᠢᠨ ᠬᠣᠷᠢᠨᠭᠡᠷ ᠤ᠋ᠨ ᠣᠶᠤᠨᠲᠤ ᠪᠣᠳᠣᠯᠲᠠ᠎ᠶᠢᠨ ᠬᠦᠴᠦᠨ᠎ᠤ ᠲᠥᠪ ᠵᠡᠷᠭᠡ 5 ᠲᠣᠮᠣ᠌ ᠭᠣᠣᠯᠳᠠᠯᠭ᠎ᠠ᠎ᠲᠠᠢ ᠲᠥᠷᠥᠯ ᠵᠦᠢᠯ ᠡᠵᠡᠩᠨᠡᠯᠲᠡ᠎ᠪᠡᠨ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢ ᠳᠦ ᠯᠤᠭᠡ ᠲᠣᠬᠢᠷᠠᠯᠴᠠᠭᠰᠠᠨ ᠬᠠᠮᠲᠤᠷᠠᠯᠴᠠᠭᠠᠨ᠎ᠤ ᠵᠥᠪᠯᠡᠯᠴᠡᠭᠡᠷ ᠵᠡᠷᠭᠡ 10 ᠲᠥᠷᠥᠯ ᠵᠦᠢᠯ ᠭᠡᠷ᠎ᠡ ᠲᠣᠭᠲᠠᠵᠤ ᠨᠤᠲᠤᠭ᠍ᠰᠢᠨ᠂ ᠶᠡᠷᠦᠩᠬᠡᠢ ᠪᠡᠯᠡ ᠣᠷᠣᠭᠤᠯᠤᠯᠲᠠ ᠨᠢ 200 ᠳ᠋ᠦᠩᠰᠢᠭᠤᠷ ᠲᠥᠭᠥᠷᠢᠭ᠎ᠲᠦ ᠬᠦᠷᠴᠡᠢ᠃

ᠲᠤᠰ ᠡᠳᠦᠷ᠎ᠦᠨ ᠦᠳᠡ᠎ᠶᠢᠨ ᠬᠣᠢᠨ᠎ᠠ᠂ 《ᠵᠡᠭᠦᠨᠳᠡᠬᠢ ᠳ᠋ᠠᠢᠲ᠋ᠠ ᠶ᠋ᠢ ᠪᠠᠷᠠᠭᠤᠨᠳᠡᠬᠢ ᠪᠣᠳᠣᠯᠲᠠ ᠵᠢᠨ ᠬᠦᠴᠦᠨ᠎ᠢᠶᠡᠷ ᠲᠤᠯᠭᠠᠭᠤᠷᠢᠯᠠᠬᠤ》 ᠢᠨᠵᠧᠨᠧᠷᠢᠩ᠎ᠦᠨ ᠪᠣᠳᠣᠯᠲᠠ ᠵᠢᠨ ᠬᠦᠴᠦᠨ᠎ᠦ ᠬᠦᠢᠰᠦ  ᠴᠡᠭ᠎ᠤᠨ ᠰᠣᠯᠢᠯᠴᠠᠭᠠᠨ᠎ᠤ ᠬᠤᠷᠠᠯ ᠪᠣᠯᠣᠨ 9 ᠲᠤᠰᠬᠠᠢ ᠰᠡᠳᠦᠪᠲᠦ ᠬᠤᠷᠠᠯ ᠵᠡᠷᠭᠡ ᠪᠡᠷ ᠬᠤᠷᠠᠯᠳᠤᠪᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ