ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ 8.84 ᠳ᠋ᠦᠩᠰᠢᠭᠤᠷ ᠲᠥᠭᠥᠷᠢᠭ ᠪᠠᠭᠤᠯᠭᠠᠵᠤ ᠣᠲᠣ᠌ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠪᠠᠢᠭᠤᠯᠬᠤ᠎ᠪᠠᠨ ᠠᠬᠢᠭᠤᠯᠵᠤ ᠪᠠᠢᠨ᠎ᠠ
ᠨᠡᠶ᠋ᠢᠲᠡᠯᠡᠭᠰᠡᠨ ᠴᠠᠭ᠄ 2025-07-16

 

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠣᠢᠯᠠᠭᠠᠭᠰᠠᠨ᠎ᠢᠶᠠᠷ ᠄ ᠣᠢᠷ᠎ᠠ᠎ᠳᠤ ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠠᠴᠠ 2025 ᠣᠨ᠎ᠤ ᠪᠥᠬᠥ ᠣᠷᠣᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠣᠭᠲᠠᠯᠴᠠᠭᠠᠨ᠎ᠤ ᠪᠠᠢᠭᠤᠯᠤᠯᠲᠠ᠎ᠶᠢᠨ 8.84 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠎ᠪᠠᠨ ᠴᠥᠮ᠎ᠢ ᠪᠠᠭᠤᠯᠭᠠᠵᠤ ᠂ ᠰᠢᠯᠢᠳᠡᠭ ᠰᠣᠶᠣᠯ᠎ᠤᠨ ᠡᠬᠢ ᠪᠠᠶᠠᠯᠢᠭ᠋᠎ᠤᠳ᠎ᠢ᠋ ᠦᠨᠳᠦᠰᠦᠨ ᠱᠠᠲᠤ ᠳᠠᠢᠰᠢ ᠤᠷᠲᠤᠳᠬᠠᠬᠤ᠎ᠶᠢ ᠠᠬᠢᠭᠤᠯᠵᠤ᠂ ᠠᠷᠠᠳ ᠣᠯᠠᠨ᠎ᠤ ᠰᠣᠶᠣᠯ᠎ᠤᠨ ᠦᠨᠳᠦᠰᠦᠨ ᠡᠷᠬᠡ ᠠᠰᠢᠭ᠋᠎ᠢ ᠦᠨᠡᠨ ᠬᠦ᠌ ᠪᠠᠲᠤᠯᠠᠪᠠ ᠃ ᠲᠣᠰ ᠪᠡᠯᠡ ᠮᠥᠩᠭᠥ᠎ᠪᠡᠷ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠪᠠ ᠠᠢᠮᠠᠭ ᠬᠣᠲᠠ ᠬᠣᠰᠢᠭᠤ ᠰᠢᠶᠠᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠬᠦᠷᠢᠶᠡᠨ᠎ᠳᠡᠬᠢ ᠭᠣᠣᠯᠳᠠᠯᠭ᠎ᠠ ᠪᠣᠯᠬᠤ ᠲᠥᠷᠥᠯ ᠵᠦᠢᠯ᠎ᠤᠳ᠎ᠢ ᠪᠥᠬᠥ ᠲᠠᠯ᠎ᠠ᠎ᠪᠠᠷ ᠨᠢᠭᠡᠳᠦᠯᠲᠡᠢ ᠲᠥᠯᠥᠪᠯᠡᠵᠦ ᠂ ᠬᠣᠲᠠ ᠬᠥᠳᠡᠭᠡ᠎ᠶᠢ ᠬᠠᠮᠤᠷᠤᠭᠰᠠᠨ ᠣᠲᠣ᠌ ᠦᠶ᠎ᠡ᠎ᠶᠢᠨ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠣᠣᠷ ᠰᠦᠯᠵᠢᠶ᠎ᠡ᠎ᠶᠢ ᠬᠦᠴᠦᠯᠡᠨ ᠪᠠᠢᠭᠤᠯᠤᠨ᠎ᠠ ᠃ 

ᠣᠢᠯᠠᠭᠠᠭᠰᠠᠨ᠎ᠢᠶᠠᠷ ᠂ ᠲᠤᠰ ᠤᠳᠠᠭᠠᠨ᠎ᠤ ᠪᠠᠭᠤᠯᠭᠠᠭᠰᠠᠨ ᠪᠡᠯᠡ ᠮᠥᠩᠭᠥᠨ᠎ᠤ 3.48 ᠳ᠋ᠦᠩᠰᠢᠭᠤᠷ ᠲᠥᠭᠥᠷᠢᠭ᠎ᠢᠶᠠᠷ ᠪᠦᠬᠦ ᠣᠷᠣᠨ᠎ᠤ ᠭᠣᠣᠯᠳᠠᠯᠭ᠎ᠠ ᠪᠣᠯᠬᠤ ᠲᠥᠷᠥᠯ ᠵᠦᠢᠯ᠎ᠤᠳ᠎ᠢ ᠲᠤᠰᠬᠠᠢᠯᠠᠨ ᠳᠡᠮᠵᠢᠨ᠎ᠡ᠂ ᠡᠭᠦᠨ᠎ᠳᠦ ᠷᠠᠳᠢᠣ᠋ ᠲᠧᠯᠸᠢᠰ᠎ᠦᠨ ᠫᠷᠣᠭ᠌ᠷᠠᠮ᠎ᠤᠨ ᠠᠵᠢᠯᠯᠠᠭᠠᠨ᠎ᠢ ᠪᠠᠲᠤᠯᠠᠨ ᠶᠠᠪᠤᠭᠳᠠᠭᠤᠯᠬᠤ ᠲᠥᠷᠥᠯ ᠵᠦᠢᠯ᠂ ᠰᠢᠶᠠᠨ᠎ᠤ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠎ᠶᠢᠨ ᠳᠣᠭᠲᠠᠯᠴᠠᠭᠠᠨ᠎ᠤ ᠪᠠᠢᠭᠤᠯᠤᠯᠲᠠ᠎ᠶᠢᠨ ᠲᠦᠷᠦᠯ ᠵᠦᠢᠯ᠂ ᠤᠯᠠᠨ ᠨᠡᠶ᠋ᠢᠲᠡ᠎ᠶᠢᠨ ᠳ᠋ᠢᠭᠢᠲᠴᠢᠯᠡᠭᠰᠡᠨ ᠰᠣᠶᠣᠯ᠎ᠤᠨ ᠪᠠᠢᠭᠤᠯᠤᠯᠲᠠ᠎ᠶᠢᠨ ᠲᠦᠷᠦᠯ ᠵᠦᠢᠯ᠂ ᠤᠯᠠᠨ ᠨᠡᠶ᠋ᠢᠲᠡ᠎ᠶᠢᠨ ᠤᠩᠰᠢᠯᠭ᠎ᠠ᠎ᠶᠢᠨ ᠦᠢᠯᠡᠴᠢᠯᠡᠭᠡ᠎ᠶᠢ ᠳᠡᠯᠭᠡᠷᠡᠭᠦᠯᠬᠦ ᠲᠦᠷᠦᠯ ᠵᠦᠢᠯ᠂ ᠲᠠᠷᠢᠶᠠᠴᠢᠨ ᠠᠢᠯ(ᠲᠠᠯ᠎ᠠ ᠨᠤᠲᠤᠭ)᠎ᠤᠨ ᠨᠣᠮ᠎ᠤᠨ ᠥᠷᠥᠭᠡᠨ᠎ᠦ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ ᠬᠢᠭᠡᠳ《ᠲᠣᠰᠬᠣᠨ᠎ᠤ ᠳᠠᠭᠤᠤ ᠬᠠᠩᠭᠢᠨᠠᠮ᠎ᠠ 》 ᠭᠣᠣᠯ ᠰᠡᠳᠦᠪᠲᠦ ᠠᠵᠢᠯᠯᠠᠭ᠎ᠠ᠂ 2025 ᠣᠨ᠎ᠤ《ᠪᠦᠬᠦ ᠠᠷᠠᠳ᠎ᠤᠨ ᠭᠤᠸ᠎ᠠ ᠰᠠᠢᠬᠠᠨ᠎ᠤ ᠬᠥᠮᠦᠵᠢᠯ》᠎ᠤᠨ ᠵᠠᠯᠠᠭᠤᠴᠤᠳ ᠪᠠᠭᠠᠴᠤᠳ᠎ᠤᠨ ᠪᠥᠵᠢᠭ᠎ᠦᠨ ᠦᠵᠡᠭᠦᠯᠭᠡ ᠲᠣᠭᠯᠠᠯᠲᠠ᠎ᠶᠢᠨ ᠠᠵᠢᠯᠯᠠᠭ᠎ᠠ ᠵᠡᠷᠭᠡ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠲᠠᠢ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠦᠷᠦᠯ ᠵᠦᠢᠯ᠎ᠢ ᠭᠣᠣᠯᠳᠠᠯᠭ᠎ᠠ ᠲᠠᠢ ᠳᠡᠮᠵᠢᠨ᠎ᠡ᠃ ᠭᠣᠣᠯᠳᠠᠯᠭ᠎ᠠ ᠪᠣᠯᠬᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠳᠡᠮᠵᠢᠬᠦ᠎ᠶᠢᠨ ᠬᠠᠮᠲᠤ ᠂ 5.36 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠎ᠶᠢ 《 ᠬᠦᠴᠦᠨ ᠵᠦᠢᠯ᠎ᠦᠨ ᠠᠷᠭ᠎ᠠ 》 ( ᠠᠢᠮᠠᠭ ᠬᠣᠲᠠ᠎ᠶᠢᠨ ᠪᠠᠢᠩᠭᠤ ᠰᠠᠭᠤᠭ᠎ᠠ ᠬᠥᠮᠥᠨ ᠠᠮᠠ ᠂ ᠰᠢᠶᠠᠩ ᠪᠠᠯᠭᠠᠰᠤ ᠵᠡᠭᠡᠯᠢ ᠭᠤᠳᠤᠮᠵᠢ᠎ᠶᠢᠨ ᠲᠣᠭ᠎ᠠ᠂ ᠵᠠᠰᠠᠭ ᠵᠠᠬᠢᠷᠭᠠᠨ᠎ᠤ ᠲᠣᠰᠬᠣᠨ᠎ᠤ ᠲᠣᠭ᠎ᠠ᠂ ᠣᠯᠠᠨ ᠨᠡᠶ᠋ᠢᠲᠡ᠎ᠶᠢᠨ ᠰᠣᠶᠣᠯ ᠪᠡᠶ᠎ᠡ᠎ᠶᠢᠨ ᠲᠠᠮᠢᠷ᠎ᠤᠨ ᠪᠡᠯᠡᠳᠬᠡᠮᠵᠢ᠎ᠶᠢᠨ ᠴᠢᠯᠦᠭᠡᠲᠡᠢ ᠲᠠᠯᠪᠢᠭ᠍ᠰᠠᠨ ᠲᠣᠭ᠎ᠠ ᠵᠡᠷᠭᠡ 8 ᠵᠦᠢᠯ᠎ᠦᠨ ᠭᠦᠢᠴᠡᠳᠬᠡᠯ ᠲᠣᠭ᠎ᠠ᠎ᠶᠢ ᠶᠡᠷᠦᠩᠬᠡᠢᠯᠡᠨ ᠪᠣᠳᠣᠯᠬᠢᠯᠠᠨ᠎ᠠ )᠎ᠪᠠᠷ ᠡᠯ᠎ᠡ ᠠᠢᠮᠠᠭ ᠬᠣᠲᠠ᠎ᠳᠤ ᠬᠤᠪᠢᠶᠠᠷᠢᠯᠠᠨ ᠥᠭᠴᠦ ᠂ ᠭᠣᠣᠯᠳᠠᠭᠤ ᠦᠨᠳᠦᠰᠦᠨ ᠱᠠᠲᠤ ᠲᠡᠢᠰᠢ ᠬᠡᠯᠪᠡᠢᠯᠭᠡᠨ ᠂ ᠠᠢᠮᠠᠭ ᠬᠣᠲᠠ᠎ᠳᠤ ᠪᠡᠯᠡ ᠮᠥᠩᠭᠥ ᠬᠤᠪᠢᠶᠠᠷᠢᠯᠠᠬᠤ ᠡᠷᠬᠡ ᠣᠯᠭᠣᠵᠤ ᠂ ᠠᠢᠮᠠᠭ ᠬᠣᠲᠠ᠎ᠶᠢᠨ ᠪᠡᠯᠡ ᠮᠥᠩᠭᠥ᠎ᠶᠢ ᠨᠢᠭᠡᠳᠦᠯᠲᠡᠢ ᠲᠥᠯᠥᠪᠯᠡᠬᠦ ᠴᠢᠳᠠᠪᠤᠷᠢ᠎ᠶᠢ ᠨᠢ ᠴᠢᠩᠭᠠᠷᠠᠭᠤᠯᠤᠨ᠎ᠠ ᠃ 

ᠬᠠᠮᠢᠶᠠᠷᠤᠯᠲᠠ᠎ᠶᠢ ᠵᠢᠷᠤᠮᠵᠢᠭᠤᠯᠤᠨ ᠂ ᠪᠡᠯᠡ ᠮᠥᠩᠭᠥ ᠬᠡᠷᠡᠭᠯᠡᠬᠦ ᠦᠷ᠎ᠡ ᠠᠰᠢᠭ᠋᠎ᠢ ᠳᠡᠭᠡᠭᠰᠢᠯᠡᠭᠦᠯᠬᠦ᠎ᠶᠢᠨ ᠲᠤᠰᠠᠳᠠ ᠂ ᠲᠣᠰ ᠤᠳᠠᠭᠠᠨ᠎ᠤ ᠪᠡᠯᠡ ᠮᠥᠩᠭᠥᠨ᠎ᠦ ᠬᠤᠪᠢᠶᠠᠷᠢᠯᠠᠯᠲᠠ᠎ᠳᠤ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠲᠣᠭᠲᠠᠯᠴᠠᠭ᠎ᠠ᠎ᠶᠢᠨ ᠪᠠᠢᠭᠤᠯᠤᠯᠲᠠ᠎ᠶᠢᠨ ᠲᠤᠰᠬᠠᠢ ᠪᠡᠯᠡ ᠮᠥᠩᠭᠥᠨ᠎ᠦ ᠬᠠᠮᠢᠶᠠᠷᠤᠯᠲᠠ᠎ᠶᠢᠨ ᠠᠷᠭ᠎ᠠ᠎ᠶᠢ ᠴᠢᠩᠭ᠎ᠠ ᠵᠢᠷᠤᠮᠯᠠᠵᠤ ᠂ 《 ᠨᠢᠭᠡᠳᠦᠯᠲᠡᠢ ᠲᠥᠯᠥᠪᠯᠡᠨ ᠨᠡᠶ᠋ᠢᠲᠡ᠎ᠳᠦ ᠨᠢ ᠬᠠᠷᠠᠭᠠᠯᠵᠠᠬᠤ ᠂ ᠭᠣᠣᠯᠳᠠᠯᠭ᠎ᠠ᠎ᠶᠢ ᠳᠣᠪᠣᠶ᠋ᠢᠯᠭᠠᠬᠤ ᠂ ᠦᠷ᠎ᠡ ᠪᠦᠲᠦᠮᠵᠢ᠎ᠶᠢ ᠴᠢᠬᠤᠯᠠᠴᠢᠯᠠᠬᠤ ᠂ ᠲᠤᠰᠬᠠᠢ ᠵᠣᠭᠣᠰ᠎ᠢ ᠲᠤᠰᠬᠠᠢ ᠬᠡᠷᠡᠭᠯᠡᠬᠦ 》 ᠵᠠᠷᠴᠢᠮ᠎ᠢ ᠪᠠᠷᠢᠮᠲᠠᠯᠠᠨ ᠂ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠪᠡ ᠃ ᠪᠡᠯᠡ ᠮᠥᠩᠭᠥ᠎ᠶᠢ ᠬᠡᠷᠡᠭᠯᠡᠬᠦ ᠶᠠᠪᠤᠴᠠ᠎ᠳᠤ ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠪᠡᠯᠡ ᠮᠥᠩᠭᠥᠨ᠎ᠦ ᠪᠥᠬᠥ ᠶᠠᠪᠤᠴᠠ᠎ᠳᠡᠬᠢ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ ᠂ ᠲᠥᠰᠥᠪ᠎ᠢ ᠨᠢᠭᠡ ᠴᠣᠭᠴᠠᠵᠢᠭᠤᠯᠬᠤ ᠰᠢᠰᠲᠸᠮ᠎ᠢᠶᠡᠷ ᠳᠠᠮᠵᠢᠭᠤᠯᠤᠨ ᠪᠡᠯᠡ ᠮᠥᠩᠭᠥᠨ᠎ᠦ ᠭᠦᠢᠯᠭᠡᠭᠡᠨ᠎ᠦ ᠬᠠᠨᠳᠤᠰᠢ᠎ᠶᠢ ᠴᠠᠭ ᠲᠤᠬᠠᠢ᠎ᠳᠦ ᠨᠢ ᠬᠢᠨᠠᠨ ᠡᠵᠡᠮᠳᠡᠵᠦ ᠂ ᠪᠡᠯᠡ ᠮᠥᠩᠭᠥ᠎ᠶᠢ ᠰᠢᠬᠠᠵᠤ ᠡᠵᠡᠯᠡᠬᠦ ᠂ ᠰᠢᠯᠵᠢᠭᠦᠯᠵᠦ ᠬᠡᠷᠡᠭᠯᠡᠬᠦ ᠵᠡᠷᠭᠡ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠨᠤᠭᠤᠳ᠎ᠢ ᠭᠣᠣᠯᠳᠠᠯᠭ᠎ᠠ᠎ᠲᠠᠢ ᠰᠡᠷᠭᠡᠢᠯᠡᠨ᠎ᠡ ᠃ 

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ