7 ᠳ᠋ᠤᠭ᠋ᠠᠷ ᠰᠠᠷ᠎ᠠ ᠵᠢᠨ 1᠎ᠤ ᠡᠳᠦᠷ ᠂ ᠣᠷᠣᠰ᠎ᠤᠨ ᠠᠷᠤ ᠪᠠᠢ᠌ᠭ᠋ᠠᠯ ᠬᠢᠵᠠᠭ᠋ᠠᠷ ᠣᠷᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠠᠨᠢᠯᠴᠠᠭᠤᠯᠭ᠎ᠠ ᠵᠢᠨ ᠬᠤᠷᠠᠯ ᠬᠥᠬᠡᠬᠣᠲᠠ᠎ᠳᠤ ᠶᠠᠪᠤᠭᠳᠠᠪᠠ ᠃ ᠬᠤᠷᠠᠯ ᠳᠡᠭᠡᠷ᠎ᠡ ᠂ ᠠᠷᠤ ᠪᠠᠢ᠌ᠭ᠋ᠠᠯ ᠬᠢᠵᠠᠭ᠋ᠠᠷ ᠣᠷᠣᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠳ᠎ᠢ ᠲᠠᠨᠢᠯᠴᠠᠭᠤᠯᠵᠠᠢ ᠃
ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠶᠠᠪᠤᠳᠠᠯ᠎ᠤᠨ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠂ ᠠᠷᠠᠯᠵᠢᠶ᠎ᠠ ᠵᠢ ᠠᠬᠢᠭᠤᠯᠬᠤ ᠵᠥᠪᠯᠡᠯ ᠵᠢᠴᠢ ᠬᠥᠯᠥᠨ ᠪᠣᠶ᠋ᠢᠷ ᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠢ ᠵᠣᠬᠢᠴᠠᠭᠤᠯᠵᠤ ᠂ ᠥᠪᠥᠷ ᠮᠣᠩᠭᠣᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠂ ᠪᠠᠷᠠᠭ᠋ᠠᠨ᠎ᠤ ᠭᠦᠢ᠍ᠯᠭᠡᠭᠡ ᠂ ᠵᠢᠭᠤᠯᠴᠢᠯᠠᠯ ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠤ ᠠᠵᠤ ᠠᠬᠤᠢ᠌ᠯᠠᠯᠲᠠᠳᠢ ᠵᠣᠬᠢᠶᠠᠨ ᠪᠠᠢ᠌ᠭᠤᠯᠤᠭ᠋ᠠᠳ ᠲᠣᠰ ᠤᠳᠠᠭ᠋ᠠᠨ᠎ᠤ ᠲᠠᠨᠢᠯᠴᠠᠭᠤᠯᠬᠤ ᠬᠤᠷᠠᠯ᠎ᠳᠤ ᠣᠷᠣᠯᠴᠠᠭᠤᠯᠵᠠᠢ᠃ 《 ᠡᠨᠡ ᠤᠳᠠᠭ᠎ᠠ ᠵᠢᠨ ᠲᠠᠨᠢᠯᠴᠠᠭᠤᠯᠭ᠎ᠠ ᠵᠢᠨ ᠬᠤᠷᠠᠯ ᠵᠶ᠋ᠠᠷ ᠲᠠᠮᠵᠢᠨ ᠂ ᠪᠢ ᠠᠷᠤ ᠪᠠᠢ᠌ᠭ᠋ᠠᠯ ᠬᠢᠵᠠᠭ᠋ᠠᠷ ᠣᠷᠣᠨ᠎ᠤ ᠪᠡᠯᠡ ᠣᠷᠣᠭᠤᠯᠤᠯᠲᠠ ᠵᠢᠨ ᠲᠦᠷᠦ ᠵᠢᠨ ᠪᠣᠳᠣᠯᠭ᠎ᠠ ᠂ ᠭᠣᠣᠯᠳᠠᠯᠭ᠎ᠠ ᠪᠣᠯᠬᠤ ᠲᠦᠷᠦᠯ ᠵᠦᠢ᠍ᠯ᠎ᠤᠨ ᠲᠤᠬᠠᠢ ᠭᠦᠨᠵᠡᠭᠡᠢ ᠣᠢ᠌ᠯᠠᠭ᠋ᠠᠯᠲᠠ᠎ᠲᠠᠢ ᠪᠣᠯᠵᠠᠢ 》 ᠭᠡᠵᠦ ᠬᠥᠯᠥᠨ ᠪᠤᠢ᠍ᠢ᠍ᠷ ᠬᠤᠳᠠ ᠵᠢᠨ ᠡᠷᠭᠦᠨ᠎ᠡ ᠬᠤᠳᠠ ᠵᠢᠨ ᠴᠢᠤᠸᠠᠨ ᡁᠢ ᠬᠠᠩᠭ᠋ᠠᠯᠭ᠎ᠠ ᠵᠢᠨ ᠬᠡᠯᠬᠢᠶᠡᠨ᠎ᠤ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠮᠠ ᠢᠦᠢ ᠪᠥᠸᠧ ᠬᠡᠯᠡᠪᠡ ᠃
ᠥᠪᠥᠷ ᠮᠣᠩᠭᠣᠯ ᠬᠢᠭᠡᠳ ᠠᠷᠤ ᠪᠠᠢ᠌ᠭ᠋ᠠᠯ ᠬᠢᠵᠠᠭ᠋ᠠᠷ ᠣᠷᠣᠨ᠎ᠤ ᠶᠠᠪᠤᠯᠴᠠᠭ᠎ᠠ ᠨᠢᠭᠲᠠ ᠪᠠᠢ᠌ᠵᠤ ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠠᠴᠠ ᠬᠥᠮᠥᠨ ᠰᠣᠶᠣᠯ᠎ᠤᠨ ᠰᠣᠯᠢᠯᠴᠠᠭ᠎ᠠ ᠬᠦᠷᠲᠡᠯᠡᠬᠢ ᠤᠯᠠᠨ ᠲᠡᠰ ᠳᠠᠪᠬᠤᠷᠭ᠎ᠠ ᠂ ᠥᠷᠭᠡᠨ ᠬᠦᠷᠢᠶᠡᠨ᠎ᠤ ᠪᠦᠬᠦ ᠲᠠᠯ᠎ᠠ ᠵᠢᠨ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠪᠦᠷᠢᠯᠳᠦᠭᠦᠯᠪᠡ᠃