6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠣᠷᠣᠢ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠭᠣᠣᠯᠯᠠᠨ ᠡᠷᠭᠢᠯᠡᠭᠰᠡᠨ᠂ ᠥᠪᠥᠷ ᠮᠣᠩᠭᠣᠯ᠎ᠤᠨ ᠳᠠᠭᠤᠤ ᠬᠥᠭᠵᠢᠮᠴᠢᠳ᠎ᠤᠨ ᠨᠡᠢ᠌ᠭᠡᠮᠯᠢᠭ᠂ ᠥᠪᠥᠷ ᠮᠣᠩᠭᠣᠯ᠎ᠤᠨ ᠰᠦᠯᠵᠢᠶᠡᠨ ᠤᠳᠬ᠎ᠠ ᠤᠷᠠᠯᠢᠭ᠎ᠤᠨ ᠳᠠᠮᠵᠢᠭᠤᠯᠭ᠎ᠠ ᠵᠢᠨ ᠲᠥᠪ᠎ᠤᠨ ᠳᠠᠭ᠋ᠠᠭ᠋ᠠᠴᠢᠯᠠᠨ ᠡᠷᠭᠢᠯᠡᠭᠰᠡᠨ 《 ᠠᠶᠠᠯᠭᠤᠲᠤ ᠵᠢᠭᠤᠯᠴᠢᠯᠠᠯ ᠥᠪᠥᠷ ᠮᠣᠩᠭᠣᠯ · ᠤᠮᠠᠷᠠᠲᠤ ᠬᠢᠯᠢ᠎ᠪᠠᠨ ᠡᠭᠡᠰᠢᠭᠯᠡᠨ ᠳᠠᠭᠤᠯᠠᠶ᠎ᠠ — ᠥᠪᠥᠷ ᠮᠣᠩᠭᠣᠯ᠎ᠤᠨ ᠤᠤᠭ᠋ᠠᠯ ᠳᠠᠭᠤᠤ ᠵᠢᠨ ᠦᠳᠡᠰᠢᠯᠡᠭᠡ 》 ᠬᠥᠬᠡᠬᠣᠲᠠ ᠵᠢᠨ ᠦᠯᠢᠭᠡᠷ ᠤᠷᠠᠯᠢᠭ᠎ᠤᠨ ᠣᠷᠳᠣᠨ᠎ᠳᠤ ᠶᠠᠪᠤᠭᠳᠠᠵᠤ ᠂ ᠦᠵᠡᠭᠴᠢᠳ᠎ᠲᠤ ᠨᠢᠭᠡ ᠤᠳᠠᠭ᠋ᠠᠨ᠎ᠤ ᠠᠮᠢᠵᠢᠷᠠᠯ᠎ᠤᠨ ᠬᠦᠴᠦᠨ ᠵᠶ᠋ᠡᠷ ᠪᠢᠯᠬᠠᠭᠰᠠᠨ ᠠᠶ᠎ᠠ ᠳᠠᠭᠤᠤ ᠵᠢᠨ ᠥᠪᠡᠳᠡᠭᠰᠢ ᠨᠠᠢ᠌ᠷ᠎ᠢ ᠬᠦᠷᠭᠡᠪᠡ ᠃
ᠲᠣᠭᠯᠠᠯᠲᠠ᠎ᠨᠢ ᠠᠶ᠎ᠠ ᠳᠠᠭᠤᠤ ᠵᠢᠨ ᠳᠤᠮᠳᠠ ᠬᠥᠰᠢᠭᠡ᠎ᠪᠠᠨ ᠢᠷᠠᠵᠤ ᠂ ᠭᠤᠷᠪᠠᠨ ᠪᠦᠯᠦᠭ ᠬᠤᠪᠢᠶᠠᠭᠳᠠᠨ ᠶᠠᠪᠤᠭᠳᠠᠪᠠ ᠃ ᠡᠲᠡᠭᠡᠷ ᠳᠠᠭᠤᠤ᠎ᠨᠤᠭᠤᠳ᠎ᠤᠨ ᠰᠡᠳᠦᠪᠯᠡᠬᠦᠨ᠎ᠨᠢ ᠥᠷᠭᠡᠨ ᠪᠠᠶᠠᠯᠢᠭ᠂ ᠬᠡᠪ ᠨᠠᠮᠪᠠ᠎ᠨᠢ ᠣᠯᠠᠨ ᠶᠠᠩᠵᠤ ᠵᠢᠨ ᠪᠠᠢ᠌ᠵᠤ᠂ ᠰᠢᠨ᠎ᠡ ᠴᠠᠭ ᠦᠶ᠎ᠡ᠎ᠳᠠᠬᠢ ᠤᠮᠠᠷᠠᠲᠤ ᠬᠢᠯᠢ ᠵᠢᠨ ᠳᠦᠷᠰᠦ ᠪᠠᠢ᠌ᠳᠠᠯ᠎ᠢ ᠬᠠᠷᠠᠭᠤᠯᠤᠭᠰᠠᠨ ᠣᠷᠭᠢᠯᠤᠮ᠎ᠠ ᠡᠭᠡᠰᠢᠭᠯᠡᠩᠲᠠᠢᠪᠠᠷ ᠪᠠᠷᠠᠬᠤ ᠦᠭᠡᠢ ᠪᠠᠰᠠ ᠠᠷᠠᠳ ᠲᠦᠮᠡᠨ᠎ᠤ ᠠᠮᠢᠳᠤᠷᠠᠯ᠎ᠢ ᠲᠤᠰᠬᠠᠭᠰᠠᠨ ᠢᠷᠠᠭᠤ ᠠᠶᠠᠰ ᠲᠠᠢ ᠃ ᠵᠠᠯᠠᠭᠤ ᠳᠠᠭᠤᠴᠢᠨ ᠮᠦᠩᠬᠡᠡᠦ᠋ᠯᠵᠡᠢ᠄ 《 ᠡᠨᠡ ᠤᠳᠠᠭ᠋ᠠᠨ᠎ᠤ ᠳᠠᠭᠤᠨ᠎ᠤ ᠦᠳᠡᠰᠢᠯᠡᠭᠡ᠎ᠨᠢ ᠵᠠᠯᠠᠭᠤ ᠳᠠᠭᠤᠴᠢᠳ ᠪᠠ ᠰᠢᠨ᠎ᠡ᠎ᠪᠠᠷ ᠪᠦᠲᠦᠭᠡᠭᠰᠡᠨ ᠳᠠᠭᠤᠤ᠎ᠨᠤᠭᠤᠳ᠎ᠲᠤ ᠮᠠᠰᠢ ᠰᠠᠢ᠌ᠨ ᠲᠠᠪᠴᠠᠩ ᠬᠠᠩᠭ᠋ᠠᠵᠤ ᠂ ᠤᠮᠠᠷᠠᠲᠤ ᠬᠢᠯᠢ ᠵᠢᠨ ᠰᠣᠶᠣᠯ᠎ᠢ ᠨᠡᠩ ᠤᠯᠠᠨ ᠬᠥᠮᠥᠰ᠎ᠲᠤ ᠣᠢ᠌ᠯᠠᠭ᠋ᠠᠭᠤᠯᠵᠤ ᠂ ᠥᠪᠥᠷ ᠮᠣᠩᠭᠣᠯ᠎ᠤᠨ ᠳᠠᠭᠤᠤ ᠬᠥᠭᠵᠢᠮ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ 》 ᠭᠡᠵᠡᠢ᠃
ᠤᠮᠠᠷᠠᠲᠤ ᠬᠢᠯᠢ ᠵᠢᠨ ᠰᠣᠶᠣᠯ᠎ᠤᠨ ᠠᠵᠢᠯᠯᠠᠭ᠎ᠠ ᠵᠢᠨ ᠤᠯᠠᠷᠢᠯ᠎ᠤᠨ ᠠᠭᠤᠯᠭ᠎ᠠ ᠵᠢᠨ ᠨᠢᠭᠡ ᠪᠣᠯᠤᠭᠰᠠᠨ᠎ᠤ ᠬᠤᠪᠢ᠎ᠳᠤ᠂ ᠲᠣᠰ ᠤᠳᠠᠭ᠋ᠠᠨ᠎ᠤ ᠦᠳᠡᠰᠢᠯᠡᠭᠡ ᠨᠢ ᠤᠮᠠᠷᠠᠲᠤ ᠬᠢᠯᠢ ᠵᠢᠨ ᠰᠣᠶᠣᠯ᠎ᠤᠨ ᠪᠦᠲᠦᠭᠡᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠣᠯ᠎ᠤᠨ 26 ᠳᠠᠭᠤᠴᠢᠨ ᠵᠢᠴᠢ ᠬᠠᠮᠲᠤᠯᠢᠭ ᠴᠤᠭᠯᠠᠷᠠᠵᠤ ᠂ ᠰᠢᠨ᠎ᠡ᠎ᠪᠠᠷ ᠪᠦᠲᠦᠭᠡᠭᠰᠡᠨ ᠥᠪᠥᠷ ᠮᠣᠩᠭᠣᠯ᠎ᠤᠨ 15 ᠰᠢᠯᠢᠳᠡᠭ ᠤᠤᠭ᠋ᠠᠯ ᠳᠠᠭᠤᠤ ᠵᠢ ᠳᠠᠭᠤᠯᠠᠵᠤ ᠂ ᠣᠢ᠌ᠷ᠎ᠠ ᠵᠢᠨ ᠵᠢᠯ᠎ᠤᠨ ᠲᠤᠷᠰᠢᠬᠢ ᠥᠪᠥᠷ ᠮᠣᠩᠭᠣᠯ᠎ᠤᠨ ᠤᠤᠭ᠋ᠠᠯ ᠳᠠᠭᠤᠤ ᠵᠢᠨ ᠪᠠᠶᠠᠯᠢᠭ ᠪᠦᠲᠦᠭᠡᠯ᠎ᠤᠳ᠎ᠢ ᠲᠥᠪᠯᠡᠷᠡᠭᠦᠯᠦᠨ ᠦᠵᠡᠭᠦᠯᠵᠡᠢ᠃ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠄ 《ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠡᠲᠡᠭᠡᠳ᠎ᠤᠨ᠎ᠬᠢᠨ ᠥᠷᠭᠡᠨ ᠣᠯᠠᠨ ᠠᠷᠠᠳ ᠲᠦᠮᠡᠨ᠎ᠳᠤ ᠲᠠᠭ᠋ᠠᠰᠢᠶᠠᠭᠳᠠᠭᠰᠠᠨ 2 ᠲᠦᠮᠡ ᠭᠠᠷᠤᠢ ᠤᠤᠭ᠋ᠠᠯ ᠳᠠᠭᠤᠤ ᠵᠢ ᠵᠣᠬᠢᠶᠠᠨ ᠪᠦᠲᠦᠭᠡᠭᠰᠡᠨ ᠪᠠᠢ᠌ᠨ᠎ᠠ᠃ ᠡᠳᠡᠭᠡᠷ ᠤᠤᠭ᠋ᠠᠯ ᠪᠦᠲᠦᠭᠡᠯ᠎ᠤᠳ ᠨᠢ ᠰᠢᠨ᠎ᠡ ᠴᠠᠭ ᠦᠶ᠎ᠡ᠎ᠳᠠᠬᠢ ᠥᠪᠥᠷ ᠮᠣᠩᠭᠣᠯ᠎ᠤᠨ ᠠᠷᠠᠳ ᠲᠦᠮᠡᠨ᠎ᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠮᠠᠰᠢ ᠰᠠᠢ᠌ᠨ ᠬᠠᠷᠠᠭᠤᠯᠵᠠᠢ᠃ ᠲᠣᠰ ᠤᠳᠠᠭ᠋ᠠᠨ᠎ᠤ ᠰᠢᠷᠢᠰ ᠠᠵᠢᠯᠯᠠᠭ᠎ᠠ ᠵᠢ ᠡᠷᠭᠢᠯᠡᠵᠦ ᠪᠠᠢ᠌ᠭ᠎ᠠ ᠵᠢᠨ ᠭᠣᠣᠯ ᠵᠣᠷᠢᠯᠭ᠎ᠠ ᠪᠣᠯ ᠥᠪᠥᠷ ᠮᠣᠩᠭᠣᠯ᠎ᠤᠨ ᠳᠠᠭᠤᠤ ᠬᠥᠭᠵᠢᠮ᠎ᠤᠨ ᠴᠢᠳᠠᠪᠤᠷᠢᠲᠠᠳ᠎ᠢ ᠬᠥᠮᠥᠵᠢᠭᠦᠯᠬᠦ ᠪᠠ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠠᠬᠢᠭᠤᠯᠵᠤ᠂ ᠥᠪᠥᠷ ᠮᠣᠩᠭᠣᠯ᠎ᠤᠨ ᠤᠤᠭ᠋ᠠᠯ ᠳᠠᠭᠤᠤ ᠵᠢ ᠪᠦᠲᠦᠭᠡᠬᠦ ᠂ ᠳᠡᠯᠭᠡᠷᠡᠭᠦᠯᠬᠦ᠂ ᠳᠠᠪᠲᠠᠨ ᠪᠣᠯᠪᠠᠰᠤᠷᠠᠭᠤᠯᠬᠤ ᠲᠠᠪᠴᠠᠩ᠎ᠢ ᠪᠣᠶ ᠪᠣᠯᠭ᠋ᠠᠬᠤ ᠵᠢᠨ ᠲᠥᠯᠥᠭᠡ ᠶᠤᠮ ᠃ ᠪᠢᠳᠡ ᠤᠯᠠᠷᠢᠯ ᠪᠦᠷᠢ᠎ᠳᠤ ᠨᠢᠭᠡ ᠤᠳᠠᠭ᠋ᠠᠨ᠎ᠤ ᠳᠠᠭᠤᠤ ᠵᠢᠨ ᠦᠳᠡᠰᠢᠯᠡᠭᠡ ᠵᠢ ᠡᠷᠭᠢᠯᠡᠵᠦ᠂ ᠬᠤᠭᠤᠴᠠᠭ᠎ᠠ ᠪᠦᠷᠢ᠎ᠳᠤ ᠵᠣᠬᠢᠶᠠᠨ ᠪᠦᠲᠦᠭᠡᠬᠦ᠂ ᠳᠠᠪᠲᠠᠨ ᠪᠣᠯᠪᠠᠰᠤᠷᠠᠭᠤᠯᠬᠤ ᠂ ᠰᠤᠳᠤᠯᠤᠨ ᠶᠠᠷᠢᠯᠴᠠᠬᠤ ᠪᠠ ᠤᠯᠠᠮᠵᠢᠯᠠᠨ ᠲᠠᠷᠬᠠᠭ᠋ᠠᠬᠤ ᠵᠡᠷᠭᠡ ᠳᠥᠷᠪᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠠᠵᠢᠯᠯᠠᠭ᠎ᠠ ᠵᠢ ᠪᠠᠭᠲᠠᠭ᠋ᠠᠨ᠎ᠠ》 ᠭᠡᠵᠡᠢ᠃