ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠰᠢᠨ᠎ᠡ ᠲᠥᠷᠥ᠎ᠶᠢᠨ ᠪᠣᠳᠣᠯᠭ᠎ᠠ ᠨᠡᠢᠲᠡᠯᠡᠵᠦ ᠲᠥᠬᠦᠭᠡᠷᠦᠮᠵᠢ᠎ᠶᠢ ᠰᠢᠨᠡᠳᠬᠡᠬᠦ ᠲᠥᠷᠥᠯ ᠵᠦᠢᠯ᠎ᠦᠨ ᠪᠥᠬᠥ ᠶᠠᠪᠤᠴᠠ᠎ᠳᠠᠬᠢ ᠬᠠᠮᠢᠶᠠᠷᠤᠯᠲᠠ᠎ᠶᠢ ᠴᠢᠩᠭᠠᠳᠬᠠᠪᠠ
ᠨᠡᠶ᠋ᠢᠲᠡᠯᠡᠭᠰᠡᠨ ᠴᠠᠭ᠄ 2025-07-29

 

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠢᠩᠬᠢᠮ᠂ ᠡᠨᠧᠷᠭᠢ᠎ᠶᠢᠨ ᠲᠣᠪᠴᠢᠶ᠎ᠠ᠂ ᠠᠮᠤ ᠪᠤᠳᠠᠭᠠᠨ᠎ᠤ ᠲᠣᠪᠴᠢᠶ᠎ᠠ ᠵᠡᠷᠭᠡ 13 ᠰᠠᠯᠠᠭ᠎ᠠ ᠮᠥᠴᠢᠷ ᠯᠦ᠍ᠭᠡ ᠬᠠᠮᠲᠤᠷᠠᠨ 《 ᠡᠷᠬᠡ ᠬᠠᠷᠢᠭᠤᠴᠠᠯᠭ᠎ᠠ᠎ᠶᠢ ᠢᠯᠭᠠᠨ ᠲᠣᠳᠣᠷᠬᠠᠢᠯᠠᠵᠤ᠂ ᠠᠳᠠᠯᠢ ᠴᠢᠭᠯᠡᠯ᠎ᠢᠶᠡᠷ ᠬᠦᠴᠦᠯᠡᠬᠦ 》 ᠵᠠᠷᠴᠢᠮ ᠶᠣᠰᠣᠭᠠᠷ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠬᠡᠳᠦ ᠣᠷᠳᠣ᠌ ᠬᠤᠭᠤᠴᠠᠭᠠᠲᠤ ᠣᠨᠴᠠᠭᠠᠶ ᠵᠢᠭᠡᠯᠡᠯᠭᠡ᠎ᠶᠢᠨ ᠪᠡᠯᠡ ᠮᠥᠩᠭᠥᠨ᠎ᠦ ᠳᠡᠮᠵᠢᠯᠭᠡ᠎ᠪᠡᠷ ᠲᠥᠬᠦᠭᠡᠷᠦᠮᠵᠢ᠎ᠶᠢ ᠰᠢᠨᠡᠳᠬᠡᠬᠦ ᠲᠥᠷᠥᠯ ᠵᠦᠢᠯ᠎ᠦᠨ ᠪᠥᠬᠥ ᠶᠠᠪᠤᠴᠠ᠎ᠳᠠᠬᠢ ᠬᠠᠮᠢᠶᠠᠷᠤᠯᠲᠠ᠎ᠶᠢᠨ ᠠᠵᠢᠯ᠎ᠤᠨ ᠲᠥᠰᠥᠯ 》 ( ᠳᠣᠷᠣᠭ᠍ᠰᠢ 《 ᠲᠥᠰᠥᠯ 》 ᠭᠡᠵᠦ ᠲᠣᠪᠴᠢᠯᠠᠪᠠ)᠎ᠢ ᠲᠣᠭᠲᠠᠭᠠᠵᠤ ᠳᠠᠷᠤᠮᠠᠯᠯᠠᠨ ᠶᠠᠪᠤᠭᠤᠯᠪᠠ᠃ 

2024 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠲᠤᠷᠠᠨ ᠤᠯᠤᠰ᠎ᠤᠨ ᠬᠡᠳᠦ ᠤᠷᠲᠤ ᠬᠤᠭᠤᠴᠠᠭᠠᠲᠤ ᠣᠨᠴᠠᠭᠠᠢ ᠵᠢᠭᠡᠯᠡᠯᠭᠡ᠎ᠶᠢᠨ ᠪᠡᠯᠡ ᠮᠥᠩᠭᠥᠨ᠎ᠤ ᠳᠡᠮᠵᠢᠯᠭᠡ᠎ᠪᠡᠷ ᠲᠥᠬᠦᠭᠡᠷᠦᠮᠵᠢ᠎ᠶᠢ ᠰᠢᠨᠡᠳᠬᠡᠬᠦ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠴᠢᠷᠮᠠᠢᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠦᠢᠯᠡᠳᠪᠦᠷᠢᠯᠡᠬᠦ ᠴᠢᠳᠠᠮᠵᠢ᠎ᠶᠢ ᠳᠡᠭᠡᠭᠰᠢᠯᠡᠭᠦᠯᠬᠦ᠂ ᠦᠢᠯᠡᠳᠪᠦᠷᠢᠯᠡᠯ᠎ᠦᠨ ᠦᠷ᠎ᠡ ᠠᠰᠢᠭ᠋᠎ᠢ ᠳᠡᠭᠡᠭᠰᠢᠯᠡᠭᠦᠯᠬᠦ᠎ᠳᠦ ᠬᠦᠴᠦ ᠨᠡᠮᠡᠷᠢᠯᠡᠵᠦ᠂ ᠪᠡᠯᠡ ᠣᠷᠣᠭᠤᠯᠤᠯᠲᠠ᠎ᠶᠢᠨ ᠨᠡᠮᠡᠭᠳᠡᠯ᠎ᠢ ᠳᠠᠢᠴᠢᠯᠠᠨ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠢᠰᠢ ᠬᠡᠯᠪᠡᠷᠢ᠎ᠪᠡᠨ ᠪᠦᠬᠦ ᠲᠠᠯ᠎ᠠ᠎ᠪᠠᠷ ᠬᠤᠪᠢᠷᠠᠭᠤᠯᠬᠤ᠎ᠶᠢ ᠠᠬᠢᠭᠤᠯᠵᠠᠢ᠃ ᠤᠯᠤᠰ᠎ᠤᠨ ᠬᠡᠳᠦ ᠣᠷᠳᠣ᠌ ᠬᠤᠭᠤᠴᠠᠭᠠᠲᠤ ᠣᠨᠴᠠᠭᠠᠶ ᠵᠢᠭᠡᠯᠡᠯᠭᠡ᠎ᠶᠢᠨ ᠪᠡᠯᠡ ᠮᠥᠩᠭᠥᠨ᠎ᠦ ᠬᠠᠮᠢᠶᠠᠷᠤᠯᠲᠠ᠎ᠶᠢᠨ ᠵᠢᠷᠤᠮᠵᠢᠯᠳᠤ ᠴᠢᠨᠠᠷ᠂ ᠠᠶᠤᠯ ᠦᠭᠡᠢ ᠴᠢᠨᠠᠷ᠂ ᠪᠦᠲᠦᠮᠵᠢᠲᠦ ᠴᠢᠨᠠᠷ ᠵᠢᠴᠢ ᠲᠥᠷᠥᠯ ᠵᠦᠢᠯ᠎ᠦᠨ ᠪᠥᠬᠥ ᠶᠠᠪᠤᠴᠠ᠎ᠳᠠᠬᠢ ᠬᠠᠮᠢᠶᠠᠷᠤᠯᠲᠠ᠎ᠶᠢᠨ ᠬᠢᠷᠢ ᠲᠦᠪᠰᠢᠨ᠎ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠶᠢᠨ ᠲᠥᠯᠥᠭᠡ᠂ ᠣᠯᠠᠨ ᠰᠠᠯᠠᠭ᠎ᠠ ᠮᠥᠴᠢᠷ ᠬᠦᠴᠦ᠎ᠪᠡᠨ ᠬᠠᠮᠲᠤᠳᠬᠠᠨ ᠬᠠᠮᠵᠢᠯᠴᠠᠵᠤ ᠪᠠᠢᠭᠠᠳ ᠲᠣᠰ 《 ᠲᠥᠰᠥᠯ 》᠎ᠢ ᠲᠣᠭᠲᠠᠭᠠᠪᠠ᠃ 

《 ᠲᠥᠰᠥᠯ 》᠎ᠳᠤ ᠤᠯᠤᠰ᠎ᠤᠨ ᠬᠡᠳᠦ ᠣᠷᠳᠣ᠌ ᠬᠤᠭᠤᠴᠠᠭᠠᠲᠤ ᠣᠨᠴᠠᠭᠠᠶ ᠵᠢᠭᠡᠯᠡᠯᠭᠡ᠎ᠶᠢᠨ ᠪᠡᠯᠡ ᠮᠥᠩᠭᠥᠨ᠎ᠤ ᠳᠡᠮᠵᠢᠯᠭᠡ᠎ᠪᠡᠷ ᠲᠥᠬᠦᠭᠡᠷᠦᠮᠵᠢ᠎ᠶᠢ ᠰᠢᠨᠡᠳᠬᠡᠬᠦ ᠲᠥᠷᠥᠯ ᠵᠦᠢᠯ᠎ᠦᠨ ᠪᠥᠬᠥ ᠶᠠᠪᠤᠴᠠ᠎ᠳᠡᠬᠢ ᠬᠠᠮᠢᠶᠠᠷᠤᠯᠲᠠ᠎ᠶᠢᠨ ᠵᠢᠷᠭᠤᠭᠠᠨ ᠵᠠᠩᠭᠢᠯᠠᠭ᠎ᠠ᠎ᠶᠢᠨ ᠭᠣᠭᠴᠣᠭ᠎ᠠ᠎ᠳᠤ ᠴᠢᠭᠯᠡᠭᠦᠯᠦᠨ᠂ ᠪᠣᠳᠠᠲᠠᠢ ᠬᠠᠷᠢᠭᠤᠴᠠᠯᠭᠠᠲᠤ ᠰᠠᠯᠠᠭ᠎ᠠ ᠮᠥᠴᠢᠷ ᠬᠢᠭᠡᠳ ᠠᠵᠢᠯᠯᠠᠬᠤ ᠶᠠᠪᠤᠴᠠ᠎ᠶᠢ ᠲᠣᠳᠣᠷᠬᠠᠢᠯᠠᠵᠤ᠂ ᠪᠥᠬᠥ ᠶᠠᠪᠤᠴᠠ᠎ᠳᠡᠬᠢ ᠬᠠᠮᠢᠶᠠᠷᠤᠯᠲᠠ᠎ᠶᠢᠨ ᠳᠦᠷᠢᠮ᠎ᠦᠨ ᠪᠣᠷᠣ᠌ ᠲᠥᠯᠥᠪ᠎ᠢ ᠪᠣᠶ ᠪᠣᠯᠭᠠᠪᠠ᠃ ᠨᠢᠭᠡ᠎ᠳᠦ᠂ ᠲᠦᠷᠦᠯ ᠵᠦᠢᠯ᠎ᠢ ᠤᠬᠠᠭᠠᠯᠠᠨ ᠲᠥᠯᠥᠪᠯᠡᠵᠦ ᠨᠥᠭᠡᠴᠡᠯᠡᠨ᠎ᠡ᠃ ᠬᠣᠶᠠᠷ᠎ᠲᠤ᠂ ᠲᠥᠷᠥᠯ ᠵᠦᠢᠯ᠎ᠢ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠤᠨ᠎ᠠ᠃ ᠭᠤᠷᠪᠠ᠎ᠳᠤ᠂ ᠲᠥᠷᠥᠯ ᠵᠦᠢᠯ᠎ᠦᠨ ᠨᠠᠷᠢᠨ ᠲᠠᠩᠰᠠ᠎ᠶᠢ ᠪᠠᠭᠤᠯᠭᠠᠨ᠎ᠠ᠃ ᠳᠥᠷᠪᠡ᠎ᠳᠦ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠦᠨ᠎ᠡ᠃ ᠲᠠᠪᠤ᠎ᠳᠤ᠂ ᠲᠥᠷᠥᠯ ᠵᠦᠢᠯ᠎ᠢ ᠬᠢᠨᠠᠨ ᠰᠢᠨᠵᠢᠵᠦ ᠬᠢᠨᠠᠨ ᠬᠠᠮᠢᠶᠠᠷᠤᠨ᠎ᠠ᠃ ᠵᠢᠷᠭᠤᠭ᠎ᠠ᠎ᠳᠤ᠂ ᠲᠦᠷᠦᠯ ᠵᠦᠢᠯ᠎ᠦᠨ ᠠᠮᠵᠢᠯᠲᠠ ᠪᠦᠲᠦᠮᠵᠢ᠎ᠶᠢ ᠦᠨᠡᠯᠡᠨ᠎ᠡ᠃ 

《ᠳᠠᠷᠠᠭᠠᠴᠢ᠎ᠶᠢᠨ ᠠᠯᠬᠤᠮ᠎ᠳᠤ᠂ ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠲᠤᠷᠠᠨ〈 ᠲᠥᠰᠥᠯ〉᠎ᠦᠨ ᠱᠠᠭᠠᠷᠳᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠤᠯᠤᠰ᠎ᠤᠨ ᠬᠡᠳᠦ ᠣᠷᠳᠣ᠌ ᠬᠤᠭᠤᠴᠠᠭᠠᠲᠤ ᠣᠨᠴᠠᠭᠠᠶ ᠵᠢᠭᠡᠯᠡᠯᠭᠡ᠎ᠶᠢᠨ ᠪᠡᠯᠡ ᠮᠥᠩᠭᠥᠨ᠎ᠦ ᠳᠡᠮᠵᠢᠯᠭᠡ᠎ᠪᠠᠷ ᠲᠥᠬᠦᠭᠡᠷᠦᠮᠵᠢ᠎ᠶᠢ ᠰᠢᠨᠡᠳᠬᠡᠬᠦ ᠲᠥᠷᠥᠯ ᠵᠦᠢᠯ᠎ᠢ ᠴᠢᠷᠮᠠᠢᠨ ᠣᠯᠬᠤ ᠡᠷᠴᠢᠮ᠎ᠢᠶᠠᠨ ᠴᠢᠩᠭᠠᠷᠠᠭᠤᠯᠵᠤ᠂ ᠤᠯᠤᠰ᠎ᠤᠨ ᠵᠢᠭᠡᠯᠡᠯᠭᠡ᠎ᠶᠢᠨ ᠪᠡᠯᠡ ᠮᠥᠩᠭᠥᠨ᠎ᠦ ᠳᠡᠮᠵᠢᠯᠭᠡ᠎ᠪᠡᠷ ᠲᠥᠬᠦᠭᠡᠷᠦᠮᠵᠢ᠎ᠶᠢ ᠰᠢᠨᠡᠳᠬᠡᠬᠦ ᠲᠥᠷᠥᠯ ᠵᠦᠢᠯ᠎ᠢ ᠲᠦᠷᠭᠡᠬᠡᠨ ᠪᠣᠳᠠᠲᠤ ᠠᠵᠢᠯ᠎ᠤᠨ ᠬᠡᠮᠵᠢᠶ᠎ᠡ ᠪᠣᠯᠭᠠᠬᠤ᠎ᠶᠢ ᠠᠬᠢᠭᠤᠯᠤᠨ᠎ᠠ》 ᠬᠡᠮᠡᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ