ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠲᠣᠰ ᠲᠢᠩᠬᠢᠮ ᠣᠢᠷ᠎ᠠ᠎ᠳᠤ ᠥᠪᠥᠷ ᠮᠣᠩᠭᠣᠯ᠎ᠤᠨ ᠬᠤᠶᠠᠳᠠᠬᠢ ᠪᠦᠯᠦᠭ᠎ᠦᠨ ᠦᠢᠯᠡᠰ ᠪᠣᠰᠬᠠᠬᠤ ᠰᠢᠯᠢᠳᠡᠭ ᠲᠥᠷᠥᠯ ᠵᠦᠢᠯ᠎ᠦᠨ ᠨᠡᠷᠡᠰ᠎ᠢ ᠨᠡᠢᠲᠡᠯᠡᠪᠡ᠂ ᠡᠭᠦᠨ᠎ᠳᠦ ᠳ᠋ᠢᠬᠢᠲ ᠢᠬᠡᠷ᠎ᠡ ᠤᠶᠤᠨᠴᠢᠷ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ᠎ᠶᠢᠨ ᠰᠢᠰᠲᠧᠮ᠂ ᠤᠯᠠᠭᠠᠨᠬᠠᠳᠠ᠎ᠶᠢᠨ ᠰᠢᠭᠤᠳ ᠤᠷᠢᠬᠤ ᠲᠣᠰ ᠬᠣᠲᠠ᠎ᠳᠤ᠎ᠪᠠᠨ ᠠᠵᠢᠯ ᠡᠷᠢᠬᠦ ᠪᠠ ᠡᠯᠰᠡᠵᠦ ᠤᠷᠢᠬᠤ ᠲᠠᠪᠴᠠᠩ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠶᠤᠤᠮᠠᠢ᠎ᠶᠢᠨ ᠡᠰᠢ ᠰᠦᠷᠡᠯ᠎ᠦᠨ ᠵᠢᠷᠤᠭ᠂ ᠭᠠᠯᠲᠤ ᠠᠭᠤᠯᠠ᠎ᠶᠢᠨ ᠬᠣᠷᠮᠣᠢ᠎ᠳᠠᠬᠢ ᠠᠷᠠᠳ᠎ᠤᠨ ᠭᠡᠷ ᠪᠠᠭᠤᠳᠠᠯ ᠵᠡᠷᠭᠡ 100ᠲᠥᠷᠥᠯ ᠵᠦᠢᠯ ᠢ ᠪᠠᠭᠲᠠᠭᠠᠨ᠎ᠠ᠃
ᠲᠣᠰ ᠤᠳᠠᠭ᠎ᠠ ᠨᠡᠢᠲᠡᠯᠡᠭᠰᠡᠨ ᠦᠢᠯᠡᠰ ᠪᠣᠰᠬᠠᠬᠤ ᠲᠥᠷᠥᠯ ᠵᠦᠢᠯ ᠨᠢ ᠰᠦ᠎ᠶᠢᠨ ᠦᠢᠯᠡᠰ᠂ ᠢᠳᠡᠰᠢᠨᠦ ᠬᠣᠨᠢ᠂ ᠥᠩᠭᠡᠲᠦ ᠲᠡᠮᠦᠷᠯᠢᠭ᠂ ᠭᠡᠷᠡᠯᠴᠢ ᠴᠡᠨᠡᠭ᠎ᠦᠨ ᠲᠣᠨᠣᠭ ᠲᠥᠬᠦᠭᠡᠷᠦᠮᠵᠢ᠂ ᠠᠮᠢᠳᠤ ᠪᠣᠳᠠᠰ᠎ᠤᠨ ᠡᠮ ᠦᠢᠯᠡᠳᠬᠦ ᠵᠡᠷᠭᠡ ᠠᠵᠤ ᠦᠢᠯᠡᠰ᠎ᠢ ᠬᠠᠮᠤᠷᠴᠠᠢ᠃ ᠲᠥᠷᠥᠯ ᠵᠦᠢᠯ᠎ᠦᠨ ᠠᠭᠤᠯᠭ᠎ᠠ ᠪᠠᠶᠠᠯᠢᠭ᠋᠂ ᠤᠯᠠᠮᠵᠢᠯᠠᠯᠲᠤ ᠳᠠᠪᠠᠭᠤᠯᠢᠭ᠋ ᠠᠵᠤ ᠦᠢᠯᠡᠰ᠎ᠦᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠵᠦ᠂ ᠪᠠᠰᠠ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠬᠦᠴᠦᠷᠬᠡᠭ ᠶᠡᠬᠡ ᠬᠥᠳᠡᠯᠭᠡᠭᠴᠢ ᠴᠢᠳᠠᠮᠵᠢ ᠨᠡᠮᠡᠷᠢᠯᠡᠵᠦ᠂ ᠨᠡᠢᠳᠡᠮᠳᠦᠪᠡᠨ ᠠᠵᠢᠯ ᠣᠯᠭᠣᠯᠲᠠ᠎ᠶᠢ ᠰᠢᠩᠭᠡᠭᠡᠬᠦ ᠨᠡᠯᠢᠶᠡᠳ ᠴᠢᠩᠭ᠎ᠠ ᠴᠢᠳᠠᠪᠤᠷᠢ᠎ᠶᠢ ᠪᠦᠷᠢᠯᠳᠦᠭᠦᠯᠵᠦ᠂ ᠶᠡᠬᠡ ᠳᠡᠭᠡᠳᠦ ᠰᠤᠷᠭᠠᠭᠤᠯᠢ᠎ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠠᠵᠢᠯᠲᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠦ ᠤᠯᠠᠨ ᠡᠰᠢᠴᠢᠯᠡᠭᠰᠡᠨ ᠠᠵᠢᠯ ᠣᠯᠵᠤ ᠦᠢᠯᠡᠰ ᠪᠣᠰᠬᠠᠬᠤ ᠰᠣᠩᠭᠣᠯᠲᠠ᠎ᠶᠢ ᠬᠠᠩᠭᠠᠵᠤ᠂ ᠪᠠᠰᠠ ᠪᠦᠬᠦ ᠣᠷᠣᠨ᠎ᠤ ᠦᠢᠯᠡᠰ ᠪᠣᠰᠬᠠᠬᠤ ᠰᠢᠨ᠎ᠡ᠎ᠶᠢ ᠡᠭᠦᠳᠬᠦ ᠠᠮᠢ ᠠᠬᠤᠢ᠎ᠶᠢ ᠦᠷᠭᠦᠯᠵᠢᠯᠡᠨ ᠰᠢᠯᠢᠳᠡᠭᠵᠢᠭᠦᠯᠬᠦ᠂ ᠦᠢᠯᠡᠰ ᠪᠣᠰᠬᠠᠬᠤ ᠰᠢᠨ᠎ᠡ᠎ᠶᠢ ᠡᠭᠦᠳᠬᠦ ᠤᠷᠮ᠎ᠠ ᠵᠣᠷᠢᠭ᠋᠎ᠢ ᠬᠥᠭᠵᠢᠭᠡᠬᠦ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢᠨ ᠳᠠᠬᠢᠨ᠎ᠢᠶᠠᠷ ᠨᠡᠮᠡᠭᠳᠡᠬᠦ᠎ᠶᠢ ᠳᠠᠢᠴᠢᠯᠠᠬᠤ ᠦᠢᠯᠡᠳᠦᠯ᠎ᠢ ᠪᠠᠳᠠᠷᠠᠭᠤᠯᠬᠤ᠎ᠳᠤ ᠢᠳᠡᠪᠬᠢᠲᠡᠢ ᠠᠬᠢᠭᠤᠯᠬᠤ ᠦᠢᠯᠡᠳᠦᠯ ᠭᠠᠷᠭᠠᠵᠠᠢ᠃
ᠣᠢᠯᠠᠭᠠᠭᠰᠠᠨ᠎ᠢᠶᠠᠷ᠂ ᠵᠠᠯᠭᠠᠭᠠᠳ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ᠎ᠤ ᠲᠣᠭᠣᠷᠢᠨ᠎ᠳᠤ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠵᠤ᠂ ᠪᠥᠬᠥ ᠬᠡᠯᠬᠢᠶᠡᠵᠢᠯ᠎ᠦᠨ ᠳᠡᠮᠵᠢᠯᠭᠡ᠎ᠶᠢᠨ ᠪᠠᠲᠤᠯᠠᠭ᠎ᠠ᠎ᠶᠢ ᠴᠢᠩᠭᠠᠷᠠᠭᠤᠯᠤᠨ᠂《ᠤᠮᠠᠷᠠᠲᠤ ᠬᠢᠵᠠᠭᠠᠷ᠎ᠢ ᠪᠦᠲᠦᠭᠡᠨ ᠪᠠᠶ᠋ᠢᠭᠤᠯᠬᠤ》ᠦᠢᠯᠡᠰ ᠪᠣᠰᠬᠠᠬᠤ ᠦᠢᠯᠡᠴᠢᠯᠡᠭᠡᠨ᠎ᠦ ᠲᠣᠭᠲᠠᠯᠴᠠᠭ᠎ᠠ᠎ᠶᠢᠨ ᠪᠠᠢᠭᠤᠯᠤᠯᠲᠠ᠎ᠶᠢ ᠬᠦᠴᠦᠯᠡᠨ ᠠᠬᠢᠭᠤᠯᠵᠤ᠂ ᠦᠢᠯᠡᠰ ᠪᠣᠰᠬᠠᠬᠤ ᠴᠢᠨᠠᠷᠴᠢᠨᠰᠠᠭᠠᠶᠢ ᠲᠠᠰᠤᠷᠠᠯᠲᠠ ᠦᠭᠡᠢ ᠰᠠᠢᠵᠢᠷᠠᠭᠤᠯᠤᠨ᠂ ᠨᠠᠩ ᠣᠯᠠᠨ《ᠰᠠᠢᠨ ᠠᠷᠭ᠎ᠠ ᠬᠢᠳᠡᠯ》᠎ᠢ 《ᠠᠯᠲᠠᠨ ᠲᠦᠯᠬᠢᠭᠦᠷ》 ᠪᠣᠯᠭᠠᠨ ᠬᠤᠪᠢᠷᠠᠭᠤᠯᠵᠤ᠂ ᠬᠦᠰᠡᠯ ᠮᠥᠷᠥᠭᠡᠳᠦᠯ᠎ᠲᠠᠢ᠂ ᠬᠦᠰᠡᠯ ᠡᠷᠡᠮᠡᠯᠵᠡᠯ᠎ᠲᠠᠢ᠂ ᠴᠢᠳᠠᠪᠤᠷᠢ᠎ᠲᠠᠢ ᠬᠥᠳᠡᠯᠮᠦᠷᠢᠴᠢᠳ᠎ᠢ ᠰᠢᠨ᠎ᠡ᠎ᠶᠢ ᠡᠭᠦᠳᠦᠨ ᠦᠢᠯᠡᠰ ᠪᠣᠰᠬᠠᠬᠤ ᠶᠢ ᠳᠡᠮᠵᠢᠬᠦ᠂ ᠦᠢᠯᠡᠰ ᠪᠣᠰᠬᠠᠬᠤ ᠪᠠᠷ ᠠᠵᠢᠯ ᠣᠯᠭᠣᠯᠲᠠ᠎ᠶᠢ ᠳᠠᠢᠴᠢᠯᠠᠬᠤ ᠰᠠᠢᠨ ᠨᠥᠬᠥᠴᠡᠯᠳᠦᠯ ᠳᠤᠮᠳᠠ ᠨᠠᠩ ᠴᠢᠨᠠᠷ ᠰᠠᠢᠲᠠᠢ ᠦᠢᠯᠡᠰ ᠪᠣᠰᠬᠠᠬᠤ ᠠᠵᠢᠯ ᠣᠯᠭᠣᠬᠤ᠎ᠶᠢ ᠪᠡᠶᠡᠯᠡᠭᠦᠯᠦᠨ᠎ᠡ᠃