ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ ᠣᠶᠤᠲᠠᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠳᠠᠳᠤᠯᠭ᠎ᠠ ᠬᠢᠵᠦ᠎ᠲᠠᠭᠠᠨ ᠰᠤᠷᠬᠤ 《ᠳᠠᠷᠪᠠᠭᠤᠯ ᠳᠡᠯᠭᠡᠬᠦ ᠲᠦᠯᠦᠪᠯᠡᠭᠡ》 ᠵᠢ ᠡᠬᠢᠯᠡᠭᠦᠯᠵᠦ 2 ᠲᠦᠮᠡ ᠭᠠᠷᠤᠢ ᠠᠵᠢᠯ᠎ᠤᠨ ᠪᠠᠢ᠌ᠷᠢ ᠬᠠᠩᠭ᠋ᠠᠪᠠ
ᠨᠡᠶ᠋ᠢᠲᠡᠯᠡᠭᠰᠡᠨ ᠴᠠᠭ᠄ 2025-07-04

  7 ᠳ᠋ᠤᠭ᠋ᠠᠷ ᠰᠠᠷ᠎ᠠ ᠵᠢᠨ 2᠎ᠤᠨ ᠡᠳᠦᠷ᠂ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠣᠷᠢᠶ᠎ᠠ᠎ᠠᠴᠠ ᠣᠢ᠌ᠯᠠᠭ᠋ᠠᠭᠰᠠᠨ ᠵᠶ᠋ᠠᠷ᠂ 2025 ᠣᠨ᠎ᠤ ᠥᠪᠥᠷ ᠮᠣᠩᠭᠣᠯ᠎ᠤᠨ ᠣᠶᠤᠲᠠᠳ᠎ᠤᠨ ᠵᠣᠨ᠎ᠤ ᠠᠮᠠᠷᠠᠯᠲᠠ ᠵᠢᠨ ᠳᠠᠳᠤᠯᠭ᠎ᠠ ᠬᠢᠵᠦ᠎ᠲᠠᠭᠠᠨ ᠰᠤᠷᠬᠤ 《ᠳᠠᠷᠪᠠᠭᠤᠯ ᠳᠡᠯᠭᠡᠬᠦ ᠲᠥᠯᠥᠪᠯᠡᠭᠡ》 ᠵᠢᠩᠬᠢᠨᠢ᠎ᠪᠠᠷ ᠡᠬᠢᠯᠡᠪᠡ᠃ 2 ᠲᠦᠮᠡ ᠭᠠᠷᠤᠢ ᠳᠠᠳᠤᠯᠭ᠎ᠠ ᠬᠢᠵᠦ᠎ᠲᠠᠭᠠᠨ ᠰᠤᠷᠬᠤ ᠠᠵᠢᠯ᠎ᠤᠨ ᠪᠠᠢ᠌ᠷᠢ ᠵᠢ 《ᠥᠪᠥᠷ ᠮᠣᠩᠭᠣᠯ᠎ᠤᠨ ᠵᠠᠯᠠᠭᠤᠴᠤᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ》᠎ᠳᠤ ᠭᠠᠷᠭ᠋ᠠᠪᠠ᠃ 

   ᠲᠠᠨᠢᠯᠴᠠᠭᠤᠯᠤᠭᠰᠠᠨ ᠵᠶ᠋ᠠᠷ᠂ 《ᠳᠠᠷᠪᠠᠭᠤᠯ ᠳᠡᠯᠭᠡᠬᠦ ᠲᠥᠯᠥᠪᠯᠡᠭᠡ》᠎ᠨᠢ ᠥᠪᠥᠷ ᠮᠣᠩᠭᠣᠯ᠎ᠤᠨ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠣᠶᠤᠲᠠᠳ᠂ ᠲᠣᠰ ᠵᠢᠯ᠎ᠳᠤ ᠲᠡᠭᠦᠰᠬᠦ ᠰᠤᠷᠤᠭᠴᠢᠳ ᠵᠢᠴᠢ ᠲᠡᠭᠦᠰᠦᠭᠡᠳ ᠬᠣᠶᠠᠷ ᠵᠢᠯ᠎ᠤᠨ ᠳᠣᠲᠣᠷ᠎ᠠ ᠠᠵᠢᠯ ᠣᠯᠣᠭ᠋ᠠᠳᠤᠢ ᠵᠠᠯᠠᠭᠤᠴᠤᠳ᠎ᠲᠤ ᠬᠠᠨᠳᠤᠭᠤᠯᠤᠭᠰᠠᠨ ᠪᠠᠢ᠌ᠨ᠎ᠠ᠃ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠳᠠᠳᠤᠯᠭ᠎ᠠ ᠵᠢᠨ ᠴᠠᠭ᠎ᠨᠢ 7 - 9 ᠰᠠᠷ᠎ᠠ᠎ᠳᠤ ᠲᠥᠪᠯᠡᠷᠡᠵᠦ᠂ ᠵᠠᠷᠴᠢᠮ ᠳᠡᠭᠡᠷ᠎ᠡ᠎ᠪᠠᠨ ᠪᠣᠯ᠂ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠣᠶᠤᠲᠠᠳ᠎ᠤᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠠᠬᠢ ᠳᠠᠳᠤᠯᠭ᠎ᠠ ᠵᠢᠨ ᠴᠠᠭ᠎ᠨᠢ ᠨᠢᠭᠡ ᠰᠠᠷ᠎ᠠ᠎ᠠᠴᠠ ᠳᠤᠲᠠᠭᠤ ᠪᠠᠢ᠌ᠵᠤ ᠪᠣᠯᠬᠤ ᠦᠭᠡᠢ᠂ ᠲᠣᠰ ᠵᠢᠯ᠎ᠳᠤ ᠲᠡᠭᠦᠰᠬᠦ ᠰᠤᠷᠤᠭᠴᠢᠳ ᠵᠢᠴᠢ ᠲᠡᠭᠦᠰᠦᠭᠡᠳ ᠬᠣᠶᠠᠷ ᠵᠢᠯ᠎ᠤᠨ ᠳᠣᠲᠣᠷ᠎ᠠ ᠠᠵᠢᠯ ᠣᠯᠣᠭ᠋ᠠᠳᠤᠢ ᠬᠦᠮᠦᠰ᠎ᠤᠨ ᠳᠠᠳᠤᠯᠭ᠎ᠠ ᠵᠢᠨ ᠴᠠᠭ᠎ᠨᠢ 2 - 3 ᠰᠠᠷ᠎ᠠ ᠪᠣᠯᠣᠨ᠎ᠠ᠃᠎ᠲᠠᠭᠠᠨ ᠰᠤᠷᠬᠤ ᠴᠠᠭ᠎ᠢ᠎ᠨᠢ 2025 ᠣᠨ᠎ᠤ ᠪᠥᠬᠥ ᠵᠢᠯ ᠵᠶ᠋ᠠᠷ ᠳᠣᠬᠢᠷᠠᠭᠤᠯᠵᠤ᠂ ᠵᠥᠪᠬᠡᠨ ᠲᠣᠰ ᠵᠢᠯ᠎ᠳᠤ ᠲᠡᠭᠦᠰᠬᠦ ᠰᠤᠷᠤᠭᠴᠢᠳ ᠪᠠ ᠲᠡᠭᠦᠰᠦᠭᠡᠳ ᠬᠣᠶᠠᠷ ᠵᠢᠯ᠎ᠤᠨ ᠳᠣᠲᠣᠷ᠎ᠠ ᠠᠵᠢᠯ ᠣᠯᠣᠭ᠋ᠠᠳᠤᠢ ᠵᠠᠯᠠᠭᠤᠴᠤᠳ᠎ᠲᠤ ᠬᠠᠨᠳᠤᠭᠤᠯᠵᠤ᠂ ᠵᠠᠷᠴᠢᠮ ᠳᠡᠭᠡᠷ᠎ᠡ᠎ᠪᠠᠨ᠎ᠲᠠᠭᠠᠨ ᠰᠤᠷᠬᠤ ᠴᠠᠭ᠎ᠨᠢ 3 - 12 ᠰᠠᠷ᠎ᠠ ᠪᠣᠯᠣᠨ᠎ᠠ᠃ ᠠᠵᠢᠯ᠎ᠤᠨ ᠪᠠᠢ᠌ᠷᠢ ᠵᠢᠨ ᠲᠥᠷᠥᠯ ᠬᠡᠯᠪᠡᠷᠢ᠎ᠳᠤ ᠵᠠᠰᠠᠭ᠎ᠤᠨ ᠶᠠᠪᠤᠳᠠᠯ᠎ᠳᠤ ᠳᠠᠳᠤᠯᠭ᠎ᠠ ᠬᠢᠬᠦ ᠪᠠ ᠠᠵᠤ ᠠᠬᠤᠢ᠌ᠯᠠᠯ᠎ᠳᠤ ᠳᠠᠳᠤᠯᠭ᠎ᠠ ᠬᠢᠬᠦ ᠪᠠᠭᠲᠠᠨ᠎ᠠ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠠᠵᠢᠯ ᠦᠢ᠍ᠯᠡᠰ᠎ᠤᠨ ᠨᠢᠭᠡᠴᠢ ᠵᠡᠷᠭᠡ᠎ᠳᠤ ᠬᠦᠷᠴᠦ ᠵᠠᠰᠠᠭ᠎ᠤᠨ ᠶᠠᠪᠤᠳᠠᠯ᠎ᠤᠨ ᠳᠠᠳᠤᠯᠭ᠎ᠠ ᠬᠢᠵᠦ ᠪᠣᠯᠣᠨ᠎ᠠ᠂ ᠡᠰᠡᠬᠦᠯ᠎ᠡ ᠲᠤᠬᠠᠢ ᠵᠢᠨ ᠭᠠᠵᠠᠷ᠎ᠤᠨ ᠡᠯ᠎ᠡ ᠲᠥᠷᠥᠯ᠎ᠤᠨ ᠲᠥᠪ᠎ᠤᠨ ᠪᠠ ᠤᠯᠤᠰ᠎ᠤᠨ ᠦᠮᠴᠢᠯᠡᠯᠲᠦ ᠠᠵᠤ ᠠᠬᠤᠢ᠌ᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠬᠦᠷᠴᠦ ᠳᠠᠳᠤᠯᠭ᠎ᠠ ᠬᠢᠵᠦ ᠪᠣᠯᠣᠨ᠎ᠠ᠂ ᠨᠤᠲᠤᠭ ᠤᠰᠤᠨ᠎ᠳᠤ᠎ᠪᠠᠨ ᠦᠢ᠍ᠯᠡᠴᠢᠯᠡᠬᠦ ᠶᠠᠪᠤᠴᠠ᠎ᠳᠤ ᠤᠷ᠎ᠠ ᠴᠢᠳᠠᠪᠤᠷᠢ᠎ᠪᠠᠨ ᠨᠡᠮᠡᠭᠳᠡᠭᠦᠯᠵᠦ᠂ ᠠᠵᠢᠯ ᠣᠯᠬᠤ ᠥᠷᠢᠰᠦᠯᠳᠦᠬᠦ ᠬᠦᠴᠦᠨ ᠵᠶ᠋ᠡᠨ ᠳᠡᠭᠡᠭᠰᠢᠯᠡᠭᠦᠯᠬᠦ ᠪᠣᠯᠣᠨ᠎ᠠ᠃

  ᠰᠤᠷᠤᠭᠴᠢᠳ ᠸᠢᠴᠠᠲ᠎ᠤᠨ ᠵᠢᠵᠢᠭ ᠫᠷᠣᠭ᠌ᠷᠠᠮ 《ᠥᠪᠥᠷ ᠮᠣᠩᠭᠣᠯ᠎ᠤᠨ ᠵᠠᠯᠠᠭᠤᠴᠤᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠠᠪᠴᠠᠩ》 ᠵᠶ᠋ᠠᠷ ᠳᠠᠮᠵᠢᠭᠤᠯᠤᠨ ᠳᠠᠷᠪᠠᠭᠤᠯ ᠳᠡᠯᠭᠡᠬᠦ ᠲᠦᠯᠦᠪᠯᠡᠭᠡ ᠵᠢᠨ ᠲᠤᠰᠬᠠᠢ ᠨᠢᠭᠤᠷ᠎ᠲᠤ ᠣᠷᠣᠵᠤ᠂ ᠲᠣᠬᠢᠷᠠᠮᠵᠢᠲᠠᠢ ᠠᠵᠢᠯ᠎ᠤᠨ ᠪᠠᠢ᠌ᠷᠢ ᠵᠢ ᠰᠣᠩᠭᠣᠭᠰᠠᠨ᠎ᠤ ᠳᠠᠷᠠᠭ᠎ᠠ᠂ ᠲᠣᠪᠴᠢ ᠨᠠᠮᠲᠠᠷ ᠵᠶ᠋ᠠᠨ ᠳᠡᠪᠰᠢᠭᠦᠯᠵᠦ᠂ ᠬᠥᠮᠥᠨ ᠬᠡᠷᠡᠭᠯᠡᠬᠦ ᠨᠢᠭᠡᠴᠢ ᠬᠢᠨᠠᠨ ᠵᠦᠪᠰᠢᠶᠡᠷᠡᠭᠰᠡᠨ᠎ᠤ ᠳᠠᠷᠠᠭ᠎ᠠ 《ᠳᠠᠳᠤᠯᠭ᠎ᠠ ᠬᠢᠬᠦ ᠠᠮᠠᠯᠠᠯᠲᠠ ᠵᠢᠨ ᠪᠢᠴᠢᠭ》᠎ᠲᠤ ᠭᠠᠷ᠎ᠤᠨ ᠥᠰᠥᠭ ᠵᠢᠷᠤᠵᠤ᠂ ᠳᠠᠳᠤᠯᠭ᠎ᠠ ᠵᠢᠨ ᠬᠤᠭᠤᠴᠠᠭ᠋ᠠᠨ᠎ᠳᠠᠬᠢ ᠡᠷᠬᠡ ᠪᠠ ᠡᠭᠦᠷᠭᠡ᠎ᠪᠠᠨ ᠲᠣᠳᠣᠷᠬᠠᠢ᠌ᠯᠠᠵᠤ᠂ ᠳᠠᠳᠤᠯᠭ᠎ᠠ ᠵᠢᠨ ᠠᠵᠢᠯᠯᠠᠭ᠎ᠠ ᠵᠢᠨ ᠠᠮᠤᠷ ᠲᠦᠪᠰᠢᠨ᠂ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄    