ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠤᠯᠤᠰ᠎ᠤᠨ ᠡᠨᠧᠷᠭᠢ᠎ᠶᠢᠨ ᠴᠢᠬᠤᠯᠠ ᠰᠠᠭᠤᠷᠢᠨ ᠪᠣᠯᠤᠭᠰᠠᠨ᠎ᠤ ᠬᠤᠪᠢ᠎ᠳᠤ ᠂ ᠥᠪᠥᠷ ᠮᠣᠩᠭᠣᠯ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠴᠠᠬᠢᠯᠭᠠᠨ ᠦᠷᠳᠡᠭᠡ᠎ᠶᠢᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ ᠬᠢᠭᠡᠳ ᠰᠢᠨ᠎ᠡ ᠬᠡᠯᠪᠡᠷᠢ᠎ᠶᠢᠨ ᠡᠨᠧᠷᠭᠢ᠎ᠶᠢᠨ ᠲᠣᠭᠲᠠᠯᠴᠠᠭ᠎ᠠ᠎ᠶᠢ ᠪᠦᠬᠦ ᠬᠦᠴᠦᠨ᠎ᠢᠶᠡᠷ᠎ᠢᠶᠡᠨ ᠪᠠᠢᠭᠤᠯᠵᠤ ᠪᠤᠢ ᠃ ᠡᠨᠡ ᠵᠢᠯ᠎ᠦᠨ 6 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ ᠂ ᠪᠥᠬᠥ ᠣᠷᠣᠨ᠎ᠳᠤ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠲᠤᠰᠠᠭᠠᠷ ᠴᠠᠬᠢᠯᠭᠠᠨ ᠥᠷᠲᠡᠭᠡ᠎ᠶᠢᠨ ᠲᠥᠷᠥᠯ ᠵᠦᠢᠯ᠎ᠢ ᠨᠢᠭᠡᠨᠲᠡ 34 ᠡᠬᠢᠯᠡᠭᠦᠯᠵᠦ ᠂ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠨᠢ 1480 ᠲᠦᠮᠡᠨ ᠺᠢᠯᠣᠸᠠᠲ᠎ᠲᠤ ᠬᠥᠷᠪᠡ ᠃
ᠡᠳᠡᠭᠡᠷ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠲᠤᠰᠠᠭᠠᠷ ᠴᠠᠬᠢᠯᠭᠠᠨ ᠦᠷᠳᠡᠭᠡ᠎ᠶᠢᠨ ᠲᠦᠷᠦᠯ ᠵᠦᠢᠯ ᠨᠢ ᠬᠡᠪᠴᠢᠶ᠎ᠡ ᠶᠡᠬᠡ ᠂ ᠮᠡᠷᠭᠡᠵᠢᠯ᠎ᠦᠨ ᠱᠤᠭᠤᠮ ᠪᠠᠶᠠᠯᠢᠭ᠋ ᠵᠡᠷᠭᠡ ᠣᠨᠴᠠᠯᠢᠭ᠋᠎ᠲᠠᠢ ᠃ ᠮᠡᠷᠭᠡᠵᠢᠯ᠎ᠦᠨ ᠱᠤᠭᠤᠮ᠎ᠠᠴᠠ ᠦᠵᠡᠪᠡᠯ ᠂ ᠹᠣᠰᠹᠣᠷ ᠬᠦᠴᠢᠯ᠎ᠦᠨ ᠲᠡᠮᠦᠷ ᠯᠢᠲ᠋ᠢ᠎ᠶᠢᠨ ᠬᠡᠮᠵᠢᠶ᠎ᠡ ᠂ ᠪᠦᠷᠢᠨ ᠸᠠᠨᠠᠳᠢ᠎ᠶᠢᠨ ᠰᠢᠩᠭᠡᠨ᠎ᠤ ᠬᠦᠶᠦᠳᠡᠯ ᠵᠡᠷᠭᠡ ᠴᠠᠬᠢᠯᠭᠠᠨ ᠬᠢᠮᠢ᠎ᠪᠡᠷ ᠡᠨᠧᠷᠭᠢ ᠨᠥᠭᠡᠴᠡᠯᠡᠬᠦ ᠮᠡᠷᠭᠡᠵᠢᠯ᠎ᠢ ᠪᠠᠭᠲᠠᠭᠠᠬᠤ᠎ᠪᠠᠷ ᠪᠠᠷᠠᠬᠤ ᠦᠭᠡᠢ ᠂ ᠪᠠᠰᠠ ᠠᠪᠴᠢᠮᠠᠯ ᠠᠭᠠᠷ᠎ᠢᠶᠡᠷ ᠡᠨᠧᠷᠭᠢ ᠨᠥᠭᠡᠴᠡᠯᠡᠬᠦ ᠂ ᠬᠠᠢᠯᠤᠮᠠᠯ ᠳᠠᠪᠤᠰᠤ᠎ᠪᠠᠷ ᠡᠨᠧᠷᠭᠢ ᠨᠥᠭᠡᠴᠡᠯᠡᠬᠦ ᠵᠡᠷᠭᠡ ᠹᠢᠽᠢᠺ᠎ᠦᠨ ᠡᠨᠧᠷᠭᠢ ᠨᠥᠭᠡᠴᠡᠯᠡᠬᠦ ᠮᠡᠷᠭᠡᠵᠢᠯ᠎ᠢ ᠪᠠᠭᠲᠠᠭᠠᠨ᠎ᠠ ᠃ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠴᠠᠬᠢᠯᠭᠠᠨ ᠦᠷᠳᠡᠭᠡ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠨ ᠠᠬᠢᠭᠤᠯᠬᠤ ᠨᠢ ᠳᠠᠬᠢᠯᠲᠠ ᠡᠨᠧᠷᠭᠢ᠎ᠶᠢᠨ ᠬᠤᠷᠠᠭᠤᠯᠤᠨ ᠠᠪᠬᠤ ᠠᠰᠠᠭᠤᠳᠠᠯ᠎ᠢ ᠰᠢᠢᠳᠪᠦᠷᠢᠯᠡᠬᠦ᠎ᠳᠦ ᠲᠤᠰᠠᠲᠠᠢ᠎ᠪᠠᠷ ᠪᠠᠷᠠᠬᠤ ᠦᠭᠡᠢ ᠪᠠᠰᠠ ᠴᠠᠬᠢᠯᠭᠠᠨ ᠬᠦᠴᠦᠨ᠎ᠦ ᠲᠣᠣᠷ᠎ᠤᠨ ᠲᠣᠭᠲᠠᠪᠤᠷᠢᠲᠤ ᠴᠢᠨᠠᠷ ᠪᠠ ᠠᠮᠢᠳᠤᠯᠢᠭ᠋ ᠴᠢᠨᠠᠷ᠎ᠢ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠬᠤ᠎ᠳᠤ ᠨᠡᠩ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠤ ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ ᠂ ᠤᠯᠤᠰ᠎ᠤᠨ ᠡᠨᠧᠷᠭᠢ᠎ᠶᠢᠨ ᠴᠢᠬᠤᠯᠠ ᠰᠠᠭᠤᠷᠢᠨ᠎ᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠪᠣᠯᠣᠨ᠎ᠠ ᠃
ᠣᠢᠯᠠᠭᠠᠭᠰᠠᠨ᠎ᠢᠶᠠᠷ ᠂ ᠪᠠᠢᠭᠤᠯᠵᠤ ᠡᠬᠢᠯᠡᠭᠦᠯᠦᠭᠰᠡᠨ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠴᠠᠬᠢᠯᠭᠠᠨ ᠥᠷᠲᠡᠭᠡᠨ᠎ᠦ ᠲᠥᠷᠥᠯ ᠵᠦᠢᠯ ᠵᠠᠯᠭᠠᠭ᠎ᠠ᠎ᠪᠠᠷ ᠪᠠᠢᠭᠤᠯᠵᠤ ᠳᠠᠭᠤᠰᠬᠤ᠎ᠶᠢ ᠳᠠᠭᠠᠯᠳᠤᠨ ᠂ ᠮᠠᠨ᠎ᠤ ᠣᠷᠣᠨ ᠰᠢᠨ᠎ᠡ ᠬᠡᠯᠪᠡᠷᠢ᠎ᠶᠢᠨ ᠡᠨᠧᠷᠭᠢ ᠨᠥᠭᠡᠴᠡᠯᠡᠬᠦ ᠪᠦᠲᠦᠭᠡᠨ ᠪᠠᠢᠭᠤᠯᠤᠯᠲᠠ᠎ᠶᠢᠨ ᠲᠠᠯ᠎ᠠ᠎ᠪᠠᠷ ᠪᠥᠬᠥ ᠤᠯᠤᠰ᠎ᠤᠨ ᠬᠥᠭᠵᠢᠯᠲᠡ᠎ᠶᠢ ᠦᠷᠭᠦᠯᠵᠢᠯᠡᠨ ᠬᠥᠲᠥᠯᠥᠨ ᠳᠠᠭᠠᠭᠤᠯᠬᠤ ᠪᠣᠯᠣᠮᠵᠢ᠎ᠲᠠᠢ ᠪᠠᠢᠨ᠎ᠠ ᠃