7 ᠰᠠᠷ᠎ᠠ᠎ᠶ᠋ᠢᠨ 7᠎ᠤ ᠡᠳᠦᠷ᠂ ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃
ᠬᠤᠷᠠᠯ᠎ᠡᠴᠡ ᠶᠡᠷᠦᠩᠬᠡᠢ ᠱᠦᠵᠢ ᠰᠢ ᠵᠢᠨ ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠶᠡᠷᠦᠩᠬᠡᠢ ᠱᠦᠵᠢ᠎ᠶ᠋ᠢᠨ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠬᠣᠷᠢᠨ ᠨᠢᠭᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠪᠠᠷ ᠪᠠᠷᠢᠮᠵᠢᠶᠠᠯᠠᠵᠤ᠂ ᠰᠤᠷᠤᠯᠴᠠᠯᠭ᠎ᠠ ᠬᠥᠮᠦᠵᠢᠯ᠎ᠦᠨ ᠲᠥᠪ᠎ᠦᠨ ᠵᠢᠭᠠᠨ ᠵᠢᠯᠣᠭᠣᠳᠭᠤ ᠳᠤᠭᠤᠢᠯᠠᠩ᠎ᠤᠨ ᠠᠵᠢᠯ᠎ᠤᠨ ᠰᠠᠨᠠᠭᠤᠯᠭ᠎ᠠ᠎ᠲᠠᠶ ᠤᠶᠠᠯᠳᠤᠭᠤᠯᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠰᠤᠷᠲᠠᠯ᠎ᠤᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠳᠭᠠᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠢ ᠦᠢᠯᠡᠴᠢᠯᠡᠬᠦ᠌ ᠪᠠ ᠠᠭᠤᠰᠤᠯᠴᠠᠵᠤ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠰᠠᠢᠲᠤᠷ ᠥᠷᠨᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢᠨ ᠵᠢᠯᠤᠭᠤᠳᠤᠯᠭ᠎ᠠ ᠶᠣᠰᠣᠭᠠᠷ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ᠎ᠶ᠋ᠢ ᠵᠢᠷᠤᠮᠵᠢᠭᠤᠯᠵᠤ᠂ ᠠᠵᠤ ᠠᠬᠤᠢᠯᠠᠯ᠎ᠤᠨ ᠲᠤᠲᠤᠭᠰᠢ ᠬᠤᠮᠢᠷᠠᠬᠤ ᠮᠠᠶᠢᠭ᠎ᠤᠨ ᠥᠷᠢᠰᠥᠯᠳᠦᠭᠡᠨ ᠵᠡᠷᠭᠡ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ᠃ ᠶᠡᠷᠦᠩᠬᠡᠶ ᠱᠦᠵᠢ᠎ᠶ᠋ᠢᠨ 《ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠶ᠋ᠯᠡᠰ᠎ᠢ ᠡᠭᠦᠳᠦᠨ ᠪᠦᠲᠦᠭᠡᠬᠦ᠌ ᠵᠠᠢᠯᠠᠰᠢ ᠦᠭᠡᠢ ᠵᠠᠮ ᠮᠥᠨ》 ᠭᠡᠬᠦ᠌ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠴᠠᠭ ᠢᠮᠠᠭ᠍ᠲᠠ ᠶᠠᠪᠤᠳᠠᠯ ᠪᠣᠯᠭᠠᠨ᠎ᠳᠤ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠠᠭᠠᠭᠤᠯᠭ᠎ᠠ ᠳᠤᠤᠷ᠎ᠠ ᠡᠯ᠎ᠡ ᠵᠦᠶ᠋ᠯ᠎ᠦᠨ ᠠᠵᠢᠯ᠎ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠥᠬᠥ᠌ ᠶᠠᠪᠤᠴᠠ᠎ᠳᠤ ᠲᠤᠭᠤᠱᠢᠯᠠᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ ᠨᠠᠩ ᠣᠯᠠᠨ ᠨᠢᠳᠤᠨ᠎ᠳᠤ ᠦᠵᠡᠭᠳᠡᠮ᠎ᠡ ᠰᠡᠳᠭᠢᠯ᠎ᠳᠤ ᠰᠠᠭᠤᠭᠳᠠᠮ᠎ᠠ ᠠᠴᠢᠶᠠᠯᠠᠪᠤᠷᠢ᠎ᠶ᠋ᠢ ᠴᠣᠭ᠍ᠴᠠᠯᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌ ᠰᠠᠢᠨ ᠰᠠᠢᠬᠠᠨ ᠪᠠᠢᠳᠠᠯ᠎ᠢ ᠬᠠᠮᠠᠭᠠᠯᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠲᠤᠯᠭᠠᠮ ᠱᠢᠶ᠋ᠳᠪᠦᠷᠢᠯᠡᠬᠦ᠌ ᠴᠢᠬᠤᠯᠠᠲᠠᠶ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠭᠰᠡᠨ ᠪᠠᠢᠳᠠᠯ᠎ᠢ ᠰᠣᠨᠣᠰᠴᠤ᠌᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠠᠬᠤᠶ᠎ᠶ᠋ᠢᠨ ᠡᠷᠭᠢᠯᠲᠡ᠂ ᠬᠥᠳᠡᠯᠭᠡᠬᠦ᠌ ᠡᠨᠧᠷᠭᠢ᠎ᠶ᠋ᠢ ᠬᠤᠪᠢᠷᠠᠭᠤᠯᠬᠤ ᠵᠡᠷᠭᠡ ᠲᠠᠯ᠎ᠠ᠎ᠶ᠋ᠢᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠳᠭᠤᠵᠤ᠂ ᠤᠯᠤᠰ᠎ᠤᠨ ᠳᠠᠪᠬᠤᠷᠭ᠎ᠠ᠎ᠡᠴᠡ ᠲᠡᠮᠵᠢᠬᠦ ᠴᠢᠬᠤᠯᠠᠲᠠᠶ᠎ᠶ᠋ᠢ᠎ᠨᠢ ᠱᠠᠯᠠᠪᠳᠠᠨ ᠵᠣᠯᠭᠠᠭᠤᠯᠵᠤ᠂ ᠢᠳᠡᠪᠬᠢᠲᠡᠢ ᠪᠡᠷ ᠭᠤᠶᠤᠴᠢᠯᠡᠨ ᠤᠯᠵᠤ᠂ ᠥᠪᠥᠷ ᠮᠣᠩᠭᠣᠯ᠎ᠤᠨ ᠵᠡᠭᠦᠨ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠦᠳᠦᠬᠡᠨ ᠪᠠᠢᠭᠤᠯᠤᠯᠲᠠ᠎ᠶ᠋ᠢᠨ ᠪᠠᠢᠳᠠᠯ᠎ᠢ ᠰᠣᠨᠣᠰᠴᠤ᠌᠂ ᠤᠯᠠᠮᠵᠢᠯᠠᠯᠲᠤ ᠡᠨᠧᠷᠭᠢ᠎ᠶ᠋ᠢᠨ ᠲᠠᠯ᠎ᠠ᠎ᠪᠠᠷ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠨᠡᠭᠦᠷᠡᠰᠦᠨ᠎ᠦ 《ᠭᠠᠷᠬᠤ ᠵᠠᠮ》᠎ᠢ᠋ ᠭᠦᠨᠵᠡᠭᠡᠢ ᠰᠤᠳᠤᠯᠵᠤ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠵᠢᠴᠢ ᠡᠴᠦᠰ᠎ᠦᠨ ᠬᠡᠯᠬᠢᠶ᠎ᠡ᠎ᠶᠢᠨ ᠠᠵᠤ ᠦᠢᠯᠡᠰ᠎ᠢ ᠶᠡᠬᠡ᠎ᠪᠠᠷ ᠬᠥᠭ᠌ᠵᠢᠭᠦᠯᠬᠦ᠌ ᠬᠡᠷᠡᠭ᠌ᠲᠡᠢ᠃ ᠱᠢᠨ᠎ᠡ ᠡᠨᠧᠷᠭᠢ᠎ᠶ᠋ᠢᠨ ᠲᠠᠯ᠎ᠠ᠎ᠪᠠᠷ ᠡᠨᠧᠷᠭᠢ ᠲᠣᠣᠷ ᠳᠠᠭᠠᠭᠠᠴᠠ ᠨᠥᠭᠡᠴᠡ᠎ᠶ᠋ᠢ ᠨᠢᠭᠡᠳᠦᠯᠲᠡᠢ ᠲᠥᠯᠥᠪᠯᠡᠵᠦ᠂ 《ᠡᠯᠡᠰᠦᠨ ᠴᠦᠯ ᠭᠤᠪᠢ ᠴᠦᠯᠯᠡᠷᠬᠡᠭ ᠤᠷᠤᠨ》᠎ᠤ᠋ ᠲᠤᠮᠤ ᠰᠠᠭᠤᠷᠢᠨ᠎ᠤ᠋ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 《ᠠᠷᠪᠠᠨ ᠶᠡᠬᠡ ᠠᠵᠤ ᠦᠢᠯᠡᠰ᠎ᠦᠨ ᠰᠦᠷᠦᠭᠵᠢᠯ》᠎ᠤ᠋ᠨ ᠲᠣᠭᠣᠷᠢᠨ᠎ᠳᠤ ᠲᠣᠣᠷ᠎ᠢ ᠬᠦᠴᠦᠷᠬᠡᠭᠵᠢᠭᠦᠯᠦᠨ ᠲᠠᠭᠠᠭᠠᠴᠠ᠎ᠶᠢ ᠨᠡᠮᠡᠭᠳᠡᠭᠦᠯᠵᠦ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠵᠤ᠂ ᠪᠤᠬᠢᠷᠳᠤᠯ ᠦᠭᠡᠢ ᠴᠠᠬᠢᠯᠭᠠᠨ᠎ᠢ ᠪᠤᠬᠢᠷᠳᠤᠯ ᠦᠭᠡᠢ ᠡᠨᠧᠷᠭᠢ ᠪᠤᠯᠭᠠᠨ ᠬᠤᠪᠢᠷᠠᠭᠤᠯᠬᠤ ᠲᠠᠯ᠎ᠠ᠎ᠪᠠᠷ ᠱᠢᠪᠲᠤᠯᠤᠯᠲᠠ᠎ᠶ᠋ᠢᠨ ᠴᠢᠨᠠᠷᠲᠠᠢ ᠦᠷ᠎ᠡ ᠪᠦᠲᠦᠭᠡᠯ ᠤᠯᠬᠤ᠎ᠶ᠋ᠢ ᠠᠬᠢᠭᠤᠯᠬᠤ ᠬᠡᠷᠡᠭᠲᠡᠢ᠃ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠲᠠᠯ᠎ᠠ᠎ᠪᠠᠷ ᠥᠪᠥᠷ ᠮᠣᠩᠭᠣᠯ᠎ᠤᠨ ᠥᠪᠡᠷᠮᠢᠴᠡ ᠡᠬᠢ ᠪᠠᠶᠠᠯᠢᠭ᠎ᠤᠨ ᠲᠠᠪᠠᠭᠤᠯᠢᠭ᠎ᠢ ᠰᠠᠢᠲᠤᠷ ᠪᠠᠳᠠᠷᠠᠭᠤᠯᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠲᠠᠯ᠎ᠠ᠎ᠪᠠᠷ ᠤᠳᠠᠭᠠᠨ ᠲᠠᠭᠠᠭᠠᠮᠠᠭᠠᠢ᠎ᠪᠡᠷ ᠵᠢᠳᠬᠦᠯ ᠴᠢᠷᠮᠠᠢᠯᠭ᠎ᠠ ᠭᠠᠷᠭᠠᠵᠤ᠂ ᠦᠵᠦᠭᠦᠷᠯᠢᠭ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠦᠨ ᠬᠤᠪᠢ᠎ᠶ᠋ᠢᠨ ᠵᠢᠩ᠎ᠢ ᠥᠷᠭᠡᠳᠭᠡᠵᠦ᠍᠂ ᠤᠯᠤᠰ᠎ᠤᠨ ᠠᠵᠤ ᠦᠶ᠋ᠯᠡᠰ᠎ᠦᠨ ᠠᠮᠤᠷ ᠲᠦᠪᠱᠢᠨ᠎ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ᠎ᠡᠴᠡ ᠪᠠᠰᠠ ᠬᠥᠪᠴᠢ᠎ᠶ᠋ᠢᠨ ᠣᠯᠠᠨ ᠤᠯᠤᠰ᠎ᠤᠨ ᠡᠯᠡᠰᠦᠨ᠎ᠦ ᠶᠠᠷᠢᠶᠠᠨ᠎ᠤ ᠲᠠᠪᠴᠠᠩ᠎ᠤᠨ ᠪᠡᠯᠡᠳᠭᠡᠯ ᠠᠵᠢᠯ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠭᠤᠤᠯᠳᠠᠯᠭ᠎ᠠ᠎ᠲᠠᠶ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠦᠨ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠬᠠᠮᠢᠶᠠᠷᠤᠯᠲᠠ᠎ᠶ᠋ᠢᠨ ᠲᠠᠰ ᠳᠠᠷᠠᠭᠠᠯᠠᠯ᠂ ᠬᠣᠲᠠ᠎ᠶ᠋ᠢᠨ ᠣᠯᠠᠨ ᠨᠡᠢᠲᠡ᠎ᠶ᠋ᠢᠨ ᠵᠠᠮ ᠬᠠᠷᠢᠯᠴᠠᠭᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠰᠠᠨᠠᠯ᠎ᠢ ᠬᠢᠨᠠᠨ ᠵᠥᠪᠯᠡᠪᠡ᠃