ᠲᠡᠷᠢᠭᠦᠨ ᠬᠠᠭᠤᠳᠠᠰᠤ   -   ᠥᠨᠥᠳᠥᠷ᠎ᠤᠨ ᠦᠪᠦᠷ ᠮᠣᠩᠭᠤᠯ
ᠥᠪᠥᠷ ᠮᠣᠩᠭᠣᠯ᠎ᠤᠨ 420 ᠠᠵᠤ ᠠᠬᠤᠢᠯᠠᠯ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠬᠢᠭᠰᠡᠨ᠎ᠦ ᠳᠠᠷᠠᠭᠠᠬᠢ 1.5 ᠳ᠋ᠦᠩᠰᠢᠭᠤᠷ ᠲᠥᠭᠥᠷᠢᠭ᠎ᠦᠨ ᠨᠥᠬᠥᠪᠦᠷᠢ ᠬᠦᠷᠲᠡᠪᠡ
ᠨᠡᠶ᠋ᠢᠲᠡᠯᠡᠭᠰᠡᠨ ᠴᠠᠭ᠄ 2025-07-08

 

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠢᠩᠬᠢᠮ᠎ᠡᠴᠡ ᠣᠢᠯᠠᠭᠠᠭᠰᠠᠨ᠎ᠢᠶᠠᠷ ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠲᠢᠩᠬᠢᠮ ᠨᠢ ᠡᠳ᠋᠎ᠦᠨ ᠵᠠᠰᠠᠭ᠎ᠤᠨ ᠲᠢᠩᠬᠢᠮ ᠯᠦ᠍ᠭᠡ ᠬᠠᠮᠲᠤᠷᠠᠨ 2025 ᠣᠨ ᠳ᠋ᠡᠬᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠎ᠬᠢᠭᠰᠡᠨ᠎ᠦ ᠳᠠᠷᠠᠭᠠᠬᠢ᠎ᠶᠢᠨ ᠡᠳ᠋᠎ᠦᠨ ᠵᠠᠰᠠᠭ᠎ᠤᠨ ᠬᠣᠵᠢᠮᠳᠠᠵᠤ ᠨᠥᠬᠥᠪᠦᠷᠢᠯᠡᠬᠦ ᠪᠡᠯᠡ ᠮᠦᠩᠭᠦ᠎ᠶᠢ15000 ᠲᠦᠮᠡᠨ ᠲᠥᠭᠥᠷᠢᠭ ᠎ᠪᠠᠭᠤᠯᠭᠤᠵᠤ ᠂ 420 ᠠᠵᠤ ᠠᠬᠤᠢᠯᠠᠯ᠎ᠳᠤ ᠨᠥᠬᠥᠪᠦᠷᠢ ᠬᠦᠷᠲᠡᠭᠡᠵᠡᠢ ᠃

ᠣᠢᠯᠠᠭᠠᠭᠰᠠᠨ᠎ᠢᠶᠠᠷ ᠂ ᠬᠣᠵᠢᠮᠳᠠᠵᠤ ᠨᠥᠬᠥᠪᠦᠷᠢᠯᠡᠬᠦ ᠪᠡᠯᠡ ᠮᠥᠩᠭᠥ᠎ᠶᠢ ᠠᠵᠤ ᠠᠬᠤᠢᠯᠠᠯ᠎ᠤᠨ 2023 ᠣᠨ᠎ᠤ ᠬᠢ᠎ᠶᠢ 2022 ᠣᠨ᠎ᠤ ᠬᠢ᠎ᠲᠠᠢ ᠬᠠᠷᠢᠴᠠᠭᠤᠯᠬᠤ᠎ᠪᠠᠷ ᠳᠠᠮᠵᠢᠨ ᠬᠦᠷᠲᠡᠭᠰᠡᠨ ᠲᠣᠭ᠎ᠠ᠎ᠶᠢ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠯᠭᠠᠨ ᠠᠪᠬᠤ ᠲᠥᠷᠥ᠎ᠶᠢᠨ ᠪᠣᠳᠣᠯᠭ᠎ᠠ᠎ᠶᠢᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠶᠢᠨ ᠪᠣᠳᠠᠲᠠᠢ ᠨᠡᠮᠡᠭᠳᠡᠯ᠎ᠦᠨ ᠬᠡᠮᠵᠢᠶ᠎ᠡ᠎ᠶᠢᠨ ᠵᠣᠬᠢᠬᠤ ᠬᠠᠷᠢᠴᠠᠯ (ᠬᠠᠮᠤᠭ ᠢᠯᠡᠭᠦᠦ᠎ᠳᠦ᠎ᠪᠡᠨ 10%᠎ᠪᠠᠷ ᠪᠤᠳᠤᠨ᠎ᠠ )᠎ᠢᠶᠠᠷ ᠬᠠᠮᠤᠭ ᠠᠷᠪᠢᠨ᠎ᠳᠦ᠎ᠪᠡᠨ500 ᠲᠦᠮᠡᠨ ᠲᠥᠭᠥᠷᠢᠭ᠎ᠦᠨ ᠳᠡᠮᠵᠢᠯᠭᠡ ᠦᠵᠡᠭᠦᠯᠵᠦ ᠂ ᠥᠪᠡᠷᠲᠡᠭᠡᠨ ᠵᠠᠰᠠᠬᠤ ᠣᠷᠣᠨ ᠪᠠ ᠠᠵᠤ ᠠᠬᠤᠢᠯᠠᠯ᠎ᠤᠨ ᠬᠠᠷᠢᠶ᠎ᠠ ᠠᠢᠮᠠᠭ ᠬᠣᠲᠠ ᠨᠢ 8 ᠄ 2᠎ᠤᠨ ᠬᠠᠷᠢᠴᠠᠯ᠎ᠢᠶᠠᠷ ᠡᠭᠦᠷᠭᠡᠯᠡᠵᠦ ᠂ ᠲᠣᠰ ᠵᠢᠯ᠎ᠳᠦ ᠡᠨᠡ ᠬᠦ᠌ ᠵᠥᠪᠰᠢᠶᠡᠷᠡᠯ᠎ᠢ ᠣᠯᠣᠭᠰᠠᠨ  ᠬᠣᠵᠢᠮᠳᠠᠵᠤ ᠨᠥᠬᠥᠪᠦᠷᠢᠯᠡᠬᠦ ᠪᠡᠯᠡ ᠮᠥᠩᠭᠥ ᠎ᠬᠦᠷᠲᠡᠭᠰᠡᠨ ᠡᠯ᠎ᠡ ᠠᠢᠮᠠᠭ ᠬᠣᠲᠠ᠎ᠶᠢᠨ ᠡᠳ᠋᠎ᠦᠨ ᠵᠠᠰᠠᠭ᠎ᠤᠨ ᠡᠭᠦᠷᠭᠡᠯᠡᠬᠦ ᠲᠣᠭ᠎ᠠ ᠬᠡᠮᠵᠢᠶ᠎ᠡ ᠨᠢ 3000 ᠲᠦᠮᠡᠨ ᠲᠥᠭᠥᠷᠢᠭ ᠪᠣᠯᠣᠨ᠎ᠠ ᠃ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠬᠢᠭᠰᠡᠨ ᠎ᠦ ᠳᠠᠷᠠᠭᠠᠬᠢ ᠨᠥᠬᠥᠪᠦᠷᠢ ᠥᠭᠬᠦ ᠪᠣᠯ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠰᠢᠨ᠎ᠡ᠎ᠶᠢ ᠡᠭᠦᠳᠬᠦ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠷᠠᠭᠤᠯᠵᠤ ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ᠎ᠶᠢ ᠨᠡᠮᠡᠭᠳᠡᠭᠦᠯᠬᠦ ᠎ᠶᠢᠨ ᠴᠢᠬᠤᠯᠠ ᠠᠷᠭ᠎ᠠ ᠵᠠᠮ ᠪᠣᠯᠬᠤ ᠪᠥᠭᠡᠳ ᠮᠥᠨ ᠴᠤ᠌ ᠮᠠᠨ᠎ᠤ ᠣᠷᠣᠨ᠎ᠤ 《 ᠠᠵᠤ ᠠᠬᠤᠢᠯᠠᠯ᠎ᠢ ᠲᠤᠰᠠᠯᠠᠬᠤ ᠠᠵᠢᠯᠯᠠᠭᠠᠨ 》᠎ᠢ ᠥᠷᠨᠢᠭᠦᠯᠵᠦ ᠂ ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠦ ᠠᠷᠭ᠎ᠠ ᠬᠡᠮᠵᠢᠶ᠎ᠡ᠎ᠶᠢᠨ ᠨᠢᠭᠡ ᠪᠣᠯᠣᠨ᠎ᠠ ᠃ ᠡᠨᠡ ᠵᠢᠯ ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠲᠢᠩᠬᠢᠮ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠠᠵᠢᠯ᠎ᠤᠨ ᠱᠠᠭᠠᠷᠳᠠᠯᠭ᠎ᠠ ᠶᠣᠰᠣᠭᠠᠷ ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠬᠢᠭᠰᠡᠨ᠎ᠦ ᠳᠠᠷᠠᠭᠠᠬᠢ ᠨᠥᠬᠥᠪᠦᠷᠢ ᠥᠭᠬᠦ᠎ᠶᠢ ᠪᠠᠭᠤᠯᠭᠠᠬᠤ᠎ᠳᠤ᠎ᠪᠡᠨ《ᠠᠵᠤ ᠠᠬᠤᠢᠯᠠᠯ᠎ᠳᠤ ᠠᠰᠢᠭ᠋ ᠬᠦᠷᠲᠡᠭᠡᠬᠦ ᠪᠡᠯᠡ ᠮᠥᠩᠭᠥ᠎ᠶᠢ ᠰᠢᠭᠤᠳ ᠬᠦᠷᠭᠡᠬᠦ 》ᠠᠷᠭ᠎ᠠ ᠮᠠᠶᠢᠭ᠋᠎ᠢ ᠠᠪᠴᠤ ᠂ ᠠᠵᠤ ᠠᠬᠤᠢᠯᠠᠯ᠎ᠤᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ᠎ᠶᠢ ᠦᠨᠳᠦᠰᠦᠯᠡᠨ ᠂ ᠱᠠᠩᠨᠠᠵᠤ ᠨᠥᠬᠦᠪᠥᠷᠢᠯᠡᠬᠦ ᠪᠡᠯᠡ ᠮᠥᠩᠭᠥ᠎ᠶᠢ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ ᠠ᠋ᠴᠠ ᠠᠵᠤ ᠠᠬᠤᠢᠯᠠᠯ᠎ᠤᠨ ᠲᠠᠩᠰᠠᠨ ᠡᠷᠦᠬᠡ᠎ᠳᠦ ᠰᠢᠭᠤᠳ ᠪᠠᠭᠤᠯᠭᠠᠵᠤ ᠂ ᠪᠡᠯᠡ ᠮᠥᠩᠭᠥ᠎ᠶᠢ ᠪᠠᠭᠤᠯᠭᠠᠬᠤ᠎ᠳᠤ᠎ᠪᠠᠨ ᠨᠠᠩ ᠲᠦᠷᠭᠡᠨ ᠨᠠᠩ ᠥᠨᠳᠥᠷ ᠪᠦᠲᠦᠮᠵᠢᠲᠡᠶ ᠪᠠᠢᠯᠭᠠᠨ᠎ᠠ ᠃ ᠥᠪᠥᠷ ᠮᠣᠩᠭᠣᠯ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠠᠵᠤ ᠠᠬᠤᠢᠯᠠᠯ᠎ᠢ ᠬᠦᠴᠦᠷᠬᠡᠭᠵᠢᠭᠦᠯᠬᠦ》ᠪᠡᠷ ᠲᠤᠯᠭᠠᠭᠤᠷᠢᠯᠠᠬᠤ ᠴᠡᠭ ᠪᠣᠯᠭᠠᠵᠤ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠲᠦᠷᠦ᠎ᠶᠢᠨ ᠪᠣᠳᠣᠯᠭ᠎ᠠ᠎ᠶᠢᠨ ᠬᠠᠩᠭᠠᠯᠭ᠎ᠠ᠎ᠲᠠᠰᠤᠷᠠᠯᠲᠠ ᠦᠭᠡᠢ ᠴᠢᠩᠭᠠᠳᠬᠠᠵᠤ᠎ᠶᠢ ᠂ᠦᠢᠯᠡᠴᠢᠯᠡᠭᠡᠨ᠎ᠦ ᠲᠣᠭᠲᠠᠴᠠ᠎ᠶᠢ ᠰᠢᠯᠢᠳᠡᠭᠵᠢᠭᠦᠯᠬᠦ᠎ᠶᠢ ᠂ᠡᠯ᠎ᠡ ᠵᠦᠢᠯ᠎ᠦᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠠᠬᠢᠭᠤᠯᠵᠤ᠂ ᠠᠵᠤ ᠠᠬᠤᠢᠯᠠᠯ᠎ᠤᠨ ᠶᠡᠷᠦᠩᠬᠡᠢᠯᠡᠭᠰᠡᠨ ᠰᠢᠨ᠎ᠡ᠎ᠶᠢ ᠡᠭᠦᠳᠬᠦ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠡᠨ᠋ᠸᠷᠬᠢ ᠨᠡᠮᠡᠷᠢᠯᠡᠨ᠎ᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ