9 ᠰᠠᠷ᠎ᠠ᠎ᠶ᠋ᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠳᠡᠳ᠋ ᠲᠡᠷᠢᠭᠦᠯᠡᠭ᠌ᠴᠢ ᠬᠤᠸᠠᠩ ᡁᠢ ᠴᠢᠶᠠᠩ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠡᠪᠦᠯ᠎ᠦᠨ ᠤᠯᠠᠷᠢᠯ᠎ᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠸᠢᠳᠢᠣ᠋ ᠬᠤᠷᠠᠯ᠎ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠳᠠᠢᠴᠢᠨ ᠣᠷᠣᠯᠴᠠᠵᠠᠢ᠃
ᠬᠤᠷᠠᠯ᠎ᠡᠴᠡ᠂ ᠠᠶᠤᠯᠭᠦᠶ ᠦᠶ᠋ᠯᠡᠳᠪᠦᠷᠢᠯᠡᠯᠭᠡᠬᠦ ᠡᠨᠡ ᠬᠦ᠌ ᠬᠥᠪᠴᠢ᠎ᠶ᠋ᠢ ᠴᠠᠭ ᠢᠮᠠᠭ᠍ᠲᠠ ᠴᠢᠩᠭᠠᠯᠠᠵᠤ᠂ 《ᠭᠤᠷᠪᠠᠨ ᠬᠠᠮᠢᠶᠠᠷᠬᠤ ᠭᠤᠷᠪᠠᠨ ᠡᠷᠬᠡᠪᠰᠢ》᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠳᠣᠪᠣᠢᠯᠭᠠᠨ᠂ ᠠᠭᠤᠷᠬᠠᠶ᠂ ᠭᠠᠯ ᠰᠡᠷᠭᠡᠢᠯᠡᠵᠦ᠍ ᠭᠠᠯ ᠤᠨᠲᠠᠷᠠᠭᠠᠬᠤ᠂ ᠠᠶᠤᠯᠲᠠᠶ ᠬᠢᠮᠢ᠎ᠶ᠋ᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ᠎ᠶ᠋ᠢᠨ ᠠᠵᠢᠯ ᠵᠡᠷᠭᠡ ᠭᠤᠤᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ ᠬᠡᠮ ᠰᠣᠭᠣᠭ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠬᠢᠨᠠᠯᠲᠠ ᠬᠠᠮᠢᠶᠠᠷᠤᠯᠲᠠ᠎ᠶ᠋ᠢ ᠦᠨᠳᠦᠰᠦᠨ ᠱᠠᠲᠤᠨ᠎ᠳᠦ ᠬᠦᠷᠲᠡᠯ᠎ᠡ ᠤᠷᠲᠤᠳᠭᠠᠵᠤ᠂ ᠠᠶᠤᠯᠭᠦᠢ ᠦᠢᠯᠡᠳᠪᠦᠷᠢᠯᠡᠯ᠎ᠤᠨ ᠲᠤᠬᠠᠢ ᠢᠯᠡᠴᠢᠯᠡᠨ ᠮᠡᠳᠡᠭᠦᠯᠬᠦ᠌ ᠪᠠ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠶ᠋ᠢᠨ ᠡᠨᠳᠡᠯ᠎ᠦᠨ ᠬᠡᠮ ᠰᠣᠭᠣᠭ᠎ᠢ ᠳᠣᠲᠣᠭᠠᠳᠤ᠎ᠳᠠᠭᠠᠨ ᠮᠡᠳᠡᠭᠦᠯᠵᠦ᠍ ᠱᠠᠩᠨᠠᠬᠤ ᠲᠣᠭ᠍ᠲᠠᠴᠠ᠎ᠶ᠋ᠢ ᠪᠠᠢᠭᠤᠯᠤᠨ ᠰᠠᠢᠲᠤᠷ ᠨᠠᠢᠳᠠᠪᠤᠷᠢᠵᠢᠭᠤᠯᠵᠤ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠣᠨ᠎ᠤ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠎ᠶᠢᠨ ᠠᠵᠢᠯ᠎ᠳᠤ ᠰᠠᠢᠲᠤᠷ ᠬᠠᠮᠵᠢᠯᠴᠠᠵᠤ᠂ ᠵᠢᠩᠬᠢᠨᠢ ᠠᠮᠤᠷ ᠲᠦᠪᠱᠢᠨ᠎ᠦ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮᠤᠷ ᠡᠪᠦᠯ᠎ᠦᠨ ᠤᠯᠠᠷᠢᠯ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂《ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠲᠤᠨᠤᠭ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠰᠦᠯ》᠎ᠢ ᠬᠡᠷᠡᠭ᠌ᠵᠢᠭᠦᠯᠬᠦ᠌᠎ᠪᠡᠷ ᠵᠢᠯᠣᠭᠣᠳᠤᠮᠵᠢ ᠪᠣᠯᠭᠠᠵᠤ᠂ ᠰᠠᠭᠤᠷᠢ ᠲᠦᠬᠦᠬᠡᠷᠦᠮᠵᠢ᠎ᠶᠢᠨ ᠳᠤᠲᠠᠭᠤᠳᠠᠯ᠎ᠢ ᠲᠦᠷᠭᠡᠳᠬᠡᠨ ᠨᠥᠬᠥᠪᠥᠷᠢᠯᠡᠵᠦ᠍᠂ ᠲᠦᠶ᠋ᠮᠡᠷ᠎ᠦᠨ ᠡᠬᠢ ᠰᠤᠷᠪᠤᠯᠵᠢ᠎ᠶ᠋ᠢ ᠬᠠᠮᠢᠶᠠᠷᠤᠨ ᠡᠵᠡᠮᠳᠡᠬᠦ᠌ ᠲᠦᠪᠱᠢᠨ ᠪᠣᠯᠤᠨ ᠤᠷᠢᠳᠴᠢᠯᠠᠨ ᠰᠡᠷᠡᠮᠵᠢᠯᠡᠭᠦᠯᠵᠦ᠍ ᠭᠠᠯ᠎ᠤᠨ ᠠᠶᠤᠯ ᠡᠴᠡ ᠠᠪᠤᠷᠠᠬᠤ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃