9 ᠳ᠋ᠦ᠍ᠭᠡᠷ ᠰᠠᠷ᠎ᠠ᠎ᠶᠢᠨ 1᠎ᠦ ᠡᠳᠦᠷ ᠂ ᠳᠥᠷᠪᠡᠳᠦᠭᠡᠷ ᠬᠤᠭᠤᠴᠠᠭᠠᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠤᠷᠠᠯ᠎ᠢ ᠬᠥᠬᠡᠬᠣᠲᠠᠨ᠎ᠠ ᠬᠤᠷᠠᠯᠳᠤᠭᠤᠯᠵᠠᠢ᠃ ᠳᠤᠮᠳᠠᠳᠤ ᠤᠯᠤᠰ᠎ᠤᠨ ᠬᠥᠳᠡᠯᠮᠦᠷᠢ ᠡᠷᠳᠡᠮ ᠰᠢᠨᠵᠢᠯᠡᠭᠡᠨ᠎ᠦ ᠨᠡᠢᠭᠡᠮᠯᠢᠭ᠎ᠦᠨ ᠳᠠᠷᠤᠭ᠎ᠠ ᠲᠠᠩ ᠲᠤᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠴᠢ᠊ ᠪᠠᠲᠤ ᠲᠤᠰ ᠬᠤᠷᠠᠯ᠎ᠳᠤ ᠣᠷᠣᠯᠴᠠᠪᠠ᠃
ᠶᠡᠬᠡ ᠬᠤᠷᠠᠯ ᠨᠢ 《ᠬᠠᠳᠤᠨ ᠭᠣᠣᠯ ᠳᠠᠭᠠᠤ ᠣᠷᠣᠨ᠎ᠳᠤ ᠴᠢᠳᠠᠮᠵᠢ ᠣᠯᠭᠣᠨ ᠬᠦᠴᠦᠨ᠎ᠢᠶᠠᠨ ᠲᠥᠪᠯᠡᠷᠡᠭᠦᠯᠵᠦ ᠬᠠᠮᠲᠤ᠎ᠪᠠᠷ ᠤᠷᠤᠭᠰᠢᠯᠠᠶ᠎ᠠ》ᠭᠡᠬᠦ ᠭᠣᠣᠯ ᠰᠡᠳᠦᠪ᠎ᠢᠶᠡᠷ 《ᠬᠠᠳᠤᠨ ᠭᠣᠣᠯ ᠳᠠᠭᠠᠤ᠎ᠶ᠋ᠢᠨ ᠶᠢᠰᠦᠨ ᠮᠤᠵᠢ ᠣᠷᠣᠨ᠎ᠳᠠᠬᠢ 2025 ᠣᠨ᠎ᠤ ᠭᠣᠣᠯᠳᠠᠯᠭ᠎ᠠ ᠪᠣᠯᠬᠤ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ》᠎ᠢ ᠨᠡᠢᠲᠡᠯᠡᠨ᠂ ᠬᠠᠳᠤᠨ ᠭᠣᠣᠯ ᠳᠠᠭᠠᠤ᠎ᠶ᠋ᠢᠨ ᠶᠢᠰᠦᠨ ᠮᠤᠵᠢ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠲᠤᠷᠰᠢᠯᠭ᠎ᠠ ᠠᠷᠭ᠎ᠠ ᠬᠢᠳᠡᠯ᠎ᠢᠶᠠᠨ ᠬᠤᠪᠢᠶᠠᠯᠴᠠᠵᠤ᠂ 4 ᠲᠤᠰᠬᠠᠢ ᠮᠡᠷᠭᠡᠵᠢᠯᠲᠡᠨ ᠡᠷᠳᠡᠮᠲᠡᠨ ᠭᠣᠣᠯ ᠰᠡᠳᠦᠪᠲᠦ ᠶᠠᠷᠢᠶ᠎ᠠ ᠲᠠᠯᠪᠢᠵᠠᠢ᠃ ᠬᠠᠲᠤᠨ ᠭᠣᠣᠯ ᠳᠠᠭᠠᠤ᠎ᠶ᠋ᠢᠨ ᠶᠢᠰᠦᠨ ᠮᠤᠵᠢ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠷ᠎ᠡ ᠪᠦᠲᠦᠭᠡᠯ᠎ᠦᠨ ᠦᠵᠡᠭᠦᠯᠭᠡ ᠂ ᠬᠠᠲᠤᠨ ᠭᠣᠣᠯ ᠳᠠᠭᠠᠤ᠎ᠶ᠋ᠢᠨ ᠶᠢᠰᠦᠨ ᠮᠤᠵᠢ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠴᠤᠭᠯᠠᠭᠠᠨ ᠵᠡᠷᠭᠡ ᠠᠵᠢᠯᠯᠠᠭ᠎ᠠ᠎ᠶᠢ ᠵᠡᠷᠭᠡ᠎ᠪᠡᠷ ᠥᠷᠨᠢᠭᠦᠯᠵᠦ ᠂ 500 ᠠᠵᠤ ᠠᠬᠤᠢᠯᠠᠯ 5 ᠲᠦᠮᠡ ᠭᠠᠷᠤᠢ ᠠᠵᠢᠯ᠎ᠤᠨ ᠪᠠᠢᠷᠢ ᠬᠠᠩᠭᠠᠪᠠ᠃