ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠪᠥᠲᠥᠭᠡᠨ ᠪᠠᠢᠭᠤᠯᠵᠤ ᠪᠠᠢᠭ᠎ᠠ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ᠎ᠶᠢᠨ ᠠᠷᠠᠯᠵᠢᠶᠠᠨ᠎ᠤ ᠲᠠᠪᠴᠠᠩ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠷᠠᠯᠵᠢᠶᠠᠨ᠎ᠤ ᠲᠥᠪ᠎ᠤᠨ ᠲᠠᠪᠴᠠᠩ᠎ᠤᠨ ᠠᠮᠢᠵᠢᠷᠠᠯ᠎ᠤᠨ ᠬᠦᠴᠦᠨ ᠲᠠᠰᠤᠷᠠᠯᠲᠠ ᠥᠬᠡᠶ ᠴᠢᠩᠭ᠋ᠠᠷᠠᠵᠤ᠂ ᠠᠷᠠᠯᠵᠢᠶᠠᠨ᠎ᠤ ᠬᠡᠪᠴᠢᠶ᠎ᠡ ᠲᠦᠷᠭᠡᠨ ᠳᠡᠭᠡᠭᠰᠢᠯᠡᠪᠡ᠂ ᠣᠳᠣᠬᠠᠨ᠎ᠳᠤ᠂ ᠪᠣᠷᠣᠯᠠᠭᠤᠯᠭ᠎ᠠ᠎ᠶᠢᠨ ᠬᠡᠮᠵᠢᠶ᠎ᠡ ᠨᠢ ᠨᠡᠶ᠋ᠢᠲᠡ 31.52 ᠳ᠋ᠦᠩᠰᠢᠭᠤᠷ ᠲᠥᠭᠦᠷᠢᠭ᠎ᠲᠤ ᠬᠦᠷᠴᠦ᠂ ᠪᠥᠬᠦ ᠤᠯᠤᠰ᠎ᠤᠨ ᠦᠬᠡᠷ ᠬᠤᠨᠢᠨ᠎ᠤ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠪᠡ᠃
ᠥᠪᠥᠷ ᠮᠣᠩᠭᠣᠯ᠎ᠤᠨ ᠣᠤ ᠹᠧᠢ ᠯᠢ ᠢᠳᠡᠭᠡᠨ᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠲᠤ ᠪᠠᠢ᠌ᠷᠢᠯᠠᠵᠤ᠂ 1 ᠳ᠋ᠦ᠍ᠭᠡᠷ ᠰᠠᠷ᠎ᠠ᠎ᠶᠢᠨ 10᠎ᠦ ᠡᠳᠦᠷ᠂ ᠠᠵᠦ ᠠᠬᠤᠢ᠌ᠯᠠᠯ᠎ᠤᠨ ᠲᠤᠶᠠᠴᠢᠵᠤ ᠰᠠᠯᠭᠠᠬᠤ ᠲᠠᠰᠤᠭ᠎ᠨᠢ ᠶᠠᠭ ᠭᠤᠸᠠᠩᠳᠦ᠋ᠩ ᠮᠣᠵᠢ᠎ᠶᠢᠨ ᠬᠡᠷᠡᠭᠯᠡᠭᠴᠢ᠎ᠳᠤ ᠱᠠᠯᠠᠪᠳᠠᠨ ᠦᠢ᠍ᠯᠡᠳᠪᠦᠷᠢᠯᠡᠵᠦ ᠪᠠᠢ᠌ᠨ᠎ᠠ᠃ ᠡᠨᠡ ᠬᠥ 100 ᠲᠣᠨ᠎ᠤ ᠪᠦᠲᠦᠭᠡᠭᠳᠡᠬᠦᠨ ᠪᠣᠯ ᠲᠣᠰ ᠠᠵᠤ ᠠᠬᠤᠶ᠋ᠢᠯᠠᠯ᠎ᠤᠨ ᠥᠪᠥᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠷᠠᠯᠵᠢᠶᠠᠨ᠎ᠤ ᠲᠥᠪ᠎ᠲᠤ ᠣᠷᠣᠭᠰᠠᠨ᠎ᠤ ᠳᠠᠷᠠᠭ᠎ᠠ᠎ᠪᠠᠷ ᠥᠷᠭᠡᠳᠬᠡᠭᠰᠡᠨ ᠰᠦᠯᠵᠢᠶᠡᠨ ᠳᠡᠭᠡᠷᠡᠬᠢ ᠴᠡᠭ᠎ᠠᠴᠠ ᠴᠡᠭ᠎ᠲᠠᠬᠢ ᠵᠠᠬᠢᠶᠠᠯᠠᠭᠰᠠᠨ ᠬᠠᠭᠤᠳᠠᠰᠤ ᠪᠣᠯᠤᠨ᠎ᠠ᠃
ᠥᠪᠥᠷ ᠮᠣᠩᠭᠤᠯ᠎ᠤᠨ ᠤᠣ ᠹᠸᠢ ᠯᠢ ᠢᠳᠡᠭᠡᠨ᠎ᠤ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠤᠨ ᠳᠠᠷᠤᠭ᠎ᠠ ᠵᠠᠩ ᠵᠥᠩ ᠬᠠᠶ ᠪᠢᠳᠡᠨ᠎ᠤ ᠪᠦᠬᠦᠯᠢ ᠴᠣᠭᠴᠠ᠎ᠶᠢᠨ ᠪᠣᠷᠣᠯᠠᠭᠤᠯᠭ᠎ᠠ᠎ᠶᠢᠨ ᠬᠡᠮᠵᠢᠶ᠎ᠡ 10% ᠣᠷᠴᠢᠮ ᠨᠡᠮᠡᠭᠳᠡᠪᠡ᠂ ᠡᠨᠡ ᠬᠦ᠌ ᠲᠠᠪᠴᠠᠩ᠎ᠳᠤ ᠲᠦᠰᠢᠭᠯᠡᠭᠰᠡᠨ᠎ᠢᠶᠡᠷ᠂ ᠮᠠᠨ᠎ᠤ ᠦᠢ᠍ᠯᠡᠳᠬᠦᠨ᠎ᠤ ᠪᠣᠷᠣᠯᠠᠭᠤᠯᠬᠤ ᠵᠠᠮ ᠪᠦᠷᠢᠮᠦᠰᠦᠨ ᠨᠡᠭᠡᠭᠡᠭᠳᠡᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠥᠷᠭᠡᠨ ᠠᠭᠤᠳᠠᠮ ᠵᠠᠬ᠎ᠠ ᠳᠡᠯᠭᠡᠭᠦᠷ ᠯᠦ᠍ᠭᠡ ᠰᠢᠭᠤᠳ ᠵᠣᠯᠭ᠋ᠠᠭᠤᠯᠪᠠ᠃
ᠳ᠋ᠢᠭᠢᠲᠴᠢᠯᠡᠭᠰᠡᠨ ᠠᠷᠠᠯᠵᠢᠶᠠᠨ᠎ᠤ ᠬᠡᠪ ᠵᠠᠭᠪᠤᠷ᠎ᠨᠢ ᠤᠯᠠᠮᠵᠢᠯᠠᠯᠲᠤ ᠦᠬᠡᠷ ᠬᠤᠨᠢᠨ᠎ᠤ ᠠᠵᠤ ᠦᠢ᠍ᠯᠡᠰ᠎ᠤᠨ ᠣᠷᠳᠣ ᠬᠤᠭᠤᠴᠠᠭ᠎ᠠ᠎ᠪᠠᠷ ᠣᠷᠣᠰᠢᠵᠤ ᠪᠠᠢᠭ᠍ᠰᠠᠨ ᠮᠡᠳᠡᠭᠡ ᠵᠠᠩᠭᠢ᠎ᠶᠢᠨ ᠲᠡᠭᠰᠢ ᠪᠣᠰᠤ ᠪᠠ ᠪᠠᠷᠠᠭ᠋ᠠᠨ᠎ᠤ ᠭᠦᠢ᠍ᠯᠭᠡᠭᠡᠨ᠎ᠤ ᠪᠠᠲᠤᠯᠠᠭ᠎ᠠ ᠠᠨᠠᠢ ᠵᠡᠷᠭᠡ ᠪᠣᠭᠤᠮᠢ᠎ᠶᠢᠨ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃ ᠣᠳᠣᠬᠠᠨ᠎ᠳᠤ᠂ ᠪᠦᠬᠦ ᠤᠯᠤᠰ᠎ᠤᠨ ᠬᠡᠪᠴᠢᠶᠡᠨ᠎ᠳᠤ ᠨᠡᠶ᠋ᠢᠲᠡ 245 ᠠᠵᠤ ᠠᠬᠤᠶ᠋ᠢᠯᠠᠯ ᠥᠪᠥᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠷᠠᠯᠵᠢᠶᠠᠨ᠎ᠤ ᠲᠥᠪ᠎ᠲᠤ ᠳᠠᠩᠰᠠᠯᠠᠭᠤᠯᠵᠤ ᠠᠷᠠᠯᠵᠢᠶᠠᠯᠠᠬᠤ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶᠢᠨ ᠬᠦᠷᠢᠶᠡᠨ᠎ᠳᠠᠬᠢ ᠭᠤᠤᠯᠳᠠᠯᠭ᠎ᠠ ᠪᠣᠯᠬᠤ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠠᠷᠠᠯᠵᠢᠶᠠᠨ᠎ᠤ ᠲᠥᠪ ᠨᠢ 2025 ᠣᠨ᠎ᠤ 3 ᠳ᠋ᠤᠭ᠋ᠠᠷ ᠰᠠᠷ᠎ᠠ᠎ᠳᠤ ᠲᠡᠭᠡᠭᠡᠪᠦᠷᠢᠯᠡᠨ ᠡᠵᠡᠩᠨᠡᠬᠦ ᠠᠵᠢᠯ᠎ᠤᠨ ᠲᠠᠪᠴᠠᠩ᠎ᠢ ᠪᠠᠢ᠌ᠭᠣᠯᠵᠣ᠂ ᠥᠪᠥᠷ ᠮᠣᠩᠭᠤᠯ᠎ᠤᠨ ᠴᠢᠩ ᠴᠧᠩ ᠤᠯᠤᠰ᠎ᠤᠨ ᠥᠮᠴᠢᠯᠡᠯᠲᠦ ᠬᠥᠷᠥᠩᠭᠡ᠎ᠶᠢᠨ ᠲᠡᠭᠡᠭᠡᠪᠦᠷᠢᠯᠡᠨ ᠡᠵᠡᠩᠨᠡᠬᠦ ᠬᠢᠵᠠᠭ᠋ᠠᠷᠲᠤ ᠺᠣᠮᠫᠠᠨᠢ᠎ᠠᠴᠠ ᠲᠡᠭᠡᠭᠡᠪᠦᠷᠢᠯᠡᠨ ᠡᠵᠡᠩᠨᠡᠬᠦ ᠠᠵᠢᠯ᠎ᠤᠨ ᠲᠠᠪᠴᠠᠩ᠎ᠤᠨ ᠪᠥᠲᠥᠭᠡᠨ ᠪᠠᠶ᠋ᠢᠭᠤᠯᠤᠯᠲᠠ᠎ᠶᠢ ᠬᠠᠷᠢᠭᠤᠴᠠᠵᠤ᠂ ᠰᠦᠯᠵᠢᠶ᠎ᠡ᠎ᠪᠡᠷ ᠮᠡᠳᠡᠭᠡ ᠵᠠᠩᠭᠢ ᠨᠡᠶ᠋ᠢᠲᠡᠯᠡᠬᠦ᠂ ᠡᠯᠧᠺᠲᠷᠣᠨ᠎ᠢᠶᠡᠷ ᠦᠨ᠎ᠡ ᠦᠷᠢᠰᠦᠯᠳᠦᠬᠦ᠂ ᠲᠣᠭᠠᠴᠠᠭ᠎ᠠ ᠬᠢᠵᠦ ᠳ᠋ᠦᠩᠨᠡᠨ ᠪᠤᠳᠤᠬᠤ ᠪᠠᠢᠭ᠍ᠰᠠᠨ᠎ᠠᠴᠠ ᠰᠦᠯᠵᠢᠶᠡᠨ ᠭᠠᠳᠠᠭᠤᠷ ᠰᠢᠯᠭ᠋ᠠᠨ ᠪᠠᠢᠴᠠᠭᠠᠵᠤ ᠬᠢᠵᠢᠭ ᠪᠠᠶ᠋ᠢᠴᠠᠭ᠋ᠠᠬᠤ᠂ ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠪᠥᠬᠦ ᠶᠠᠪᠤᠴᠠ᠎ᠶᠢᠨ ᠪᠢᠲᠡᠭᠦᠮᠵᠢᠯᠡᠭᠰᠡᠨ ᠠᠵᠢᠯᠯᠠᠭ᠋ᠠᠨ᠎ᠤ ᠲᠣᠭᠲᠠᠴᠠ᠎ᠶᠢ ᠬᠡᠷᠡᠭᠵᠢᠭᠦᠯᠪᠡ᠃
ᠥᠪᠥᠷ ᠮᠣᠩᠭᠤᠯ᠎ᠤᠨ ᠴᠢᠩ ᠴᠧᠩ ᠤᠯᠤᠰ᠎ᠤᠨ ᠦᠮᠴᠢᠯᠡᠯᠲᠦ ᠬᠦᠷᠦᠩᠭᠡ᠎ᠶᠢᠨ ᠲᠡᠭᠡᠭᠡᠪᠦᠷᠢᠯᠡᠨ ᠡᠵᠡᠩᠨᠡᠬᠦ ᠬᠢᠵᠠᠭ᠋ᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭ᠋ᠠᠭ᠋ᠠᠮᠠᠯ ᠵᠠᠩ ᠷᠦᠢ ᠴᠢᠶᠠᠩ ᠪᠢᠳᠡ ᠪᠠᠰᠠ ᠲᠤᠮᠤ ᠬᠡᠪᠴᠢᠶᠡᠨ᠎ᠦ ᠠᠮᠢᠳᠤ ᠮᠠᠯ᠎ᠢ ᠠᠷᠠᠯᠵᠢᠶᠠᠯᠠᠬᠤ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠶ᠋ᠢᠯᠡᠭᠰᠡᠨ ᠠᠷᠠᠯᠵᠢᠶᠠᠨ᠎ᠤ ᠲᠠᠪᠴᠠᠩ᠎ᠢ ᠪᠠᠶ᠋ᠢᠭᠤᠯᠵᠤ᠂ ᠬᠤᠶᠠᠷ᠎ᠠᠴᠠ ᠭᠤᠷᠪᠠᠨ ᠵᠢᠯ ᠴᠢᠷᠮᠠᠢᠵᠤ ᠪᠠᠢᠭᠠᠳ᠂ ᠮᠠᠨ᠎ᠤ ᠠᠷᠠᠯᠵᠢᠶᠠᠨ᠎ᠤ ᠬᠡᠮᠵᠢᠶ᠎ᠡ᠎ᠪᠠᠨ 200 ᠳ᠋ᠦᠩᠰᠢᠭᠤᠷ ᠲᠥᠭᠦᠷᠢᠭ᠎ᠢ ᠳᠠᠪᠠᠭᠣᠯᠵᠣ᠂ ᠥᠪᠥᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠵᠤ ᠦᠢ᠍ᠯᠡᠰ᠎ᠤᠨ ᠠᠷᠠᠯᠵᠢᠶ᠎ᠠ᠂ ᠨᠡᠷ᠎ᠡ ᠲᠡᠮᠳᠡᠭ᠎ᠤᠨ ᠢᠷᠡᠯᠲᠡ᠎ᠶᠢ ᠬᠠᠢᠬᠤ᠂ ᠪᠠᠷᠠᠭ᠋ᠠᠨ᠎ᠤ ᠭᠦᠢ᠍ᠯᠭᠡᠭᠡ᠂ ᠬᠠᠮᠲᠤ᠎ᠪᠠᠷ ᠡᠳ᠋ᠯᠡᠬᠦ᠎ᠶᠢ ᠨᠢᠭᠡ ᠴᠤᠬ᠍ᠴᠠᠵᠢᠭᠤᠯᠤᠬᠰᠠᠨ ᠶᠡᠷᠦᠩᠬᠡᠶ᠋ᠢᠯᠡᠭᠰᠡᠨ ᠠᠮᠢ ᠠᠬᠤᠢ᠎ᠶᠢᠨ ᠲᠠᠪᠴᠠᠩ᠎ᠢ ᠪᠦᠷᠢᠯᠳᠦᠭᠦᠯᠦᠨ᠎ᠡ᠃
ᠣᠳᠣᠬᠠᠨ ᠪᠣᠯᠲᠠᠯ᠎ᠠ᠂ ᠠᠷᠠᠯᠵᠢᠶᠠᠨ᠎ᠤ ᠲᠥᠪ ᠨᠢᠭᠡᠨᠲᠡ 502 ᠬᠤᠪᠢ ᠠᠷᠠᠯᠵᠢᠶᠠᠨ᠎ᠤ ᠵᠠᠬᠢᠶᠠᠯᠠᠬᠣ ᠬᠠᠭᠤᠳᠠᠰᠤ᠎ᠶᠢ ᠪᠡᠶᠡᠯᠡᠭᠦᠯᠵᠡᠶ᠃ ᠡᠭᠦᠨ᠎ᠳᠤ ᠠᠮᠢᠲᠣ ᠦᠬᠡᠷ᠂ ᠠᠮᠢᠲᠣ ᠬᠤᠨᠢ᠂ ᠲᠡᠵᠢᠭᠡᠯ ᠡᠪᠡᠰᠦ ᠪᠣᠷᠳᠤᠭ᠎ᠠ ᠵᠡᠷᠭᠡ ᠲᠥᠷᠥᠯ ᠵᠦᠢ᠍ᠯ᠎ᠢ ᠪᠠᠭᠲᠠᠭ᠋ᠠᠵᠤ᠂ 《ᠡᠮᠥᠨᠡᠰᠢ᠎ᠪᠠᠨ ᠭᠤᠸᠠᠩᠳᠦ᠋ᠩ ᠰᠢᠶᠠᠩᠭ᠋ᠠᠩ ᠣᠣᠮᠧᠨ᠎ᠲᠠᠢ ᠬᠣᠯᠪᠣᠭᠠᠯᠠᠭᠰᠠᠨ᠂ ᠪᠠᠷᠠᠭᠤᠨᠰᠢ᠎ᠪᠠᠨ ᠱᠠᠨᠰᠢ ᠭᠠᠨᠰᠦ ᠨᠢᠩᠰᠢᠶᠠ ᠲᠠᠢ ᠵᠠᠯᠭᠠᠯᠳᠤᠭᠰᠠᠨ᠂ ᠤᠮᠠᠷᠠᠰᠢ᠎ᠪᠠᠨ ᠬᠠᠷᠠᠮᠦ᠋ᠷᠡᠨ ᠭᠢᠷᠢᠨ ᠯᠢᠶᠣᠣᠨᠢᠩ ᠲᠠᠢ ᠨᠡᠪᠲᠡᠷᠡᠯᠴᠡᠭᠰᠡᠨ》 ᠪᠦᠬᠦ ᠤᠯᠤᠰ᠎ᠤᠨ ᠴᠢᠨᠠᠷᠲᠠᠢ ᠠᠷᠠᠯᠵᠢᠶ᠎ᠠ ᠰᠠᠴᠣᠷᠠᠭᠣᠯᠬᠣ ᠬᠦᠷᠢᠶ᠎ᠡ᠎ᠶᠢ ᠪᠦᠷᠢᠯᠳᠦᠭᠦᠯᠪᠡ᠃ ᠠᠷᠠᠯᠵᠢᠶᠠᠨ᠎ᠤ ᠲᠥᠪ᠎ᠲᠠᠬᠢ ᠦᠬᠡᠷ ᠬᠤᠨᠢ ᠲᠥᠪᠯᠡᠷᠡᠭᠦᠯᠦᠨ ᠬᠤᠳᠠᠯᠳᠤᠨ ᠠᠪᠬᠤ ᠬᠡᠲᠦ ᠳᠡᠯᠭᠡᠭᠦᠷ᠎ᠤᠨ ᠣᠷᠳᠣᠨ᠎ᠢ ᠱᠠᠯᠠᠪᠳᠠᠨ ᠪᠠᠢᠭᠤᠯᠵᠤ ᠪᠠᠶ᠋ᠢᠨ᠎ᠠ᠂ ᠬᠠᠮᠲᠤᠷᠠᠨ ᠠᠵᠢᠯᠯᠠᠬᠤ ᠰᠠᠨᠠᠮᠵᠢ ᠲᠠᠢ ᠠᠵᠤ ᠠᠬᠤᠶ᠋ᠢᠯᠠᠯ 400 ᠭᠠᠷᠤᠶ ᠪᠠᠢ᠌ᠵᠤ᠂ ᠪᠥᠬᠦ ᠲᠠᠯ᠎ᠠ᠎ᠪᠠᠷ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠥᠪᠥᠷ ᠮᠣᠩᠭᠤᠯ᠎ᠤᠨ 《ᠮᠠᠯ ᠠᠵᠤ ᠠᠬᠤᠶ᠎ᠶᠢᠨ ᠲᠣᠮᠣ ᠣᠷᠣᠨ》᠎ᠠᠴᠠ 《ᠮᠠᠯ ᠠᠵᠤ ᠠᠬᠤᠶ᠎ᠶᠢᠨ ᠬᠦᠴᠦᠷᠬᠡᠭ ᠣᠷᠣᠨ》 ᠲᠡᠢ᠌ᠰᠢ ᠬᠤᠪᠢᠷᠠᠭᠤᠯᠬᠤ᠎ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠵᠦ ᠪᠣᠷᠣᠯᠠᠭᠤᠯᠬᠤ ᠦᠢ᠍ᠯᠡᠴᠢᠯᠡᠭᠡᠨ᠎ᠤ ᠲᠥᠪ᠎ᠤᠨ ᠦᠢ᠍ᠯᠡᠳᠪᠦᠷᠢᠯᠡᠯ ᠪᠣᠷᠣᠯᠠᠭᠤᠯᠭ᠎ᠠ᠎ᠶᠢᠨ ᠦᠢ᠍ᠯᠡᠴᠢᠯᠡᠭᠡᠨ᠎ᠤ ᠰᠠᠯᠠᠭ᠎ᠠ᠎ᠶᠢᠨ ᠬᠠᠷᠢᠭᠤᠴᠠᠯᠭ᠋ᠠᠲᠠᠨ ᠸᠠᠩ ᠰᠢᠶᠠᠩ ᠳ᠋ᠦᠩ ᠥᠪᠥᠷ ᠮᠣᠩᠭᠤᠯ᠎ᠳᠤ᠎ᠪᠠᠨ ᠰᠠᠭᠤᠷᠢᠯᠠᠨ᠂ ᠪᠥᠬᠦ ᠤᠯᠤᠰ᠎ᠲᠤ ᠬᠠᠨᠳᠤᠭᠤᠯᠵᠤ᠂ ᠠᠵᠤ ᠦᠢ᠍ᠯᠡᠰ᠎ᠤᠨ ᠳᠠᠪᠠᠭᠤᠯᠢᠭ᠎ᠢᠶᠡᠨ ᠪᠠᠳᠠᠷᠠᠭᠤᠯᠤᠨ᠂ ᠠᠵᠤ ᠦᠢ᠍ᠯᠡᠰ᠎ᠤᠨ ᠬᠡᠯᠬᠢᠶ᠎ᠡ᠎ᠶᠢᠨ ᠳᠡᠭᠡᠳᠦ ᠳᠣᠤᠷᠠᠳᠤ ᠬᠡᠯᠬᠢᠶᠡᠨ᠎ᠳᠦ ᠥᠨᠳᠥᠷ ᠪᠦᠲᠦᠮᠵᠢᠲᠡᠶ᠂ ᠢᠯᠡ ᠲᠣᠳᠣ᠂ ᠢᠲᠡᠭᠡᠮᠵᠢᠲᠡᠶ ᠲᠤᠰᠬᠠᠶ ᠠᠷᠠᠯᠵᠢᠶᠠᠨ᠎ᠤ ᠣᠷᠴᠢᠨ ᠨᠥᠬᠥᠴᠡᠯ᠎ᠢ ᠬᠠᠩᠭ᠋ᠠᠵᠤ᠂ ᠪᠥᠬᠦ ᠤᠯᠤᠰ᠎ᠤᠨ ᠦᠬᠡᠷ ᠬᠤᠨᠢᠨ᠎ᠤ ᠭᠦᠢ᠍ᠯᠭᠡᠭᠡᠨ ᠪᠣᠷᠣᠯᠠᠭᠤᠯᠭ᠎ᠠ ᠪᠠ ᠨᠡᠷ᠎ᠡ ᠲᠡᠮᠲᠡᠭ ᠲᠡᠢ ᠴᠢᠨᠠᠷ ᠰᠠᠢᠲᠠᠢ ᠬᠥᠭᠵᠢᠯᠲᠡ᠎ᠶᠢ ᠬᠥᠲᠥᠯᠦᠨ ᠳᠠᠭ᠋ᠠᠭᠤᠯᠵᠤ᠂ ᠪᠥᠬᠦ ᠤᠯᠤᠰ᠎ᠢ ᠨᠥᠯᠥᠭᠡᠯᠡᠨ ᠰᠠᠴᠣᠷᠠᠭᠣᠯᠣᠭᠰᠠᠨ ᠦᠬᠡᠷ ᠬᠤᠨᠢᠨ ᠮᠢᠬᠠᠨ᠎ᠤ ᠶᠡᠭᠡ ᠬᠡᠮᠵᠢᠶᠡᠨ᠎ᠤ ᠠᠷᠠᠯᠵᠢᠶᠠᠨ᠎ᠤ ᠲᠠᠪᠴᠠᠩ᠎ᠢ ᠲᠦᠷᠭᠡᠳᠬᠡᠨ ᠪᠠᠶ᠋ᠢᠭᠤᠯᠤᠨ᠎ᠠ᠃