ᠨᠠᠮ᠎ᠤᠨ ᠤᠳᠤᠷᠢᠳᠤᠯᠭ᠎ᠠ ᠪᠣᠯ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠃ 《ᠠᠷᠪᠡᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ ᠥᠪᠥᠷ ᠮᠣᠩᠭᠣᠯ ᠴᠢᠨᠠᠷ ᠰᠠᠢᠲᠠᠶ ᠬᠥᠭ᠌ᠵᠢᠵᠤ᠂ ᠠᠯᠬᠤᠭ᠎ᠠ᠎ᠪᠠᠨ ᠲᠦᠷᠬᠡᠳᠭᠡᠨ ᠱᠢᠨ᠎ᠡ ᠵᠠᠮ ᠨᠡᠭᠡᠭᠡᠬᠦ᠌᠎ᠳᠦ ᠡᠷᠬᠡᠪᠰᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠨᠠᠮ᠎ᠤᠨ ᠪᠠᠢᠭᠤᠯᠤᠯᠲᠠ᠎ᠶ᠋ᠢ ᠠᠬᠢᠭᠤᠯᠬᠤ ᠬᠡᠷᠡᠭ᠌ᠲᠡᠶ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠳᠤᠮᠳᠠ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠨᠢ ᠭᠤᠤᠯ ᠤᠳᠬ᠎ᠠ ᠠᠭᠤᠯᠭ᠎ᠠ ᠪᠣᠯᠬᠤ ᠪᠥᠭᠡᠳ ᠪᠠᠰᠠ ᠠᠵᠢᠯ ᠶᠠᠪᠤᠳᠠᠯ᠎ᠢ ᠬᠢᠵᠤ ᠪᠦᠲᠦᠭᠡᠬᠦ᠌᠎ᠶᠢᠨ ᠦᠨᠳᠦᠰᠦ ᠪᠣᠯᠤᠨ᠎ᠠ᠃ ᠡᠩ ᠲᠡᠷᠢᠭᠦᠨ᠎ᠳᠦ 《ᠬᠣᠶᠠᠷ᠎ᠢ ᠲᠣᠭ᠍ᠲᠠᠭᠠᠬᠰᠡᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ᠂ ᠡᠭᠦᠨ᠎ᠢ ᠱᠢᠨ᠎ᠡ ᠴᠠᠭ ᠦᠶ᠎ᠡ᠎ᠳᠦ ᠤᠷᠤᠬᠰᠠᠨ᠎ᠡᠴᠡ ᠨᠠᠭᠠᠱᠢᠬᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠠᠭᠤᠤ ᠶᠡᠬᠡ ᠦᠢᠯᠡᠳᠦᠯᠭᠡ ᠲᠠᠬᠢᠨ ᠳᠠᠪᠲᠠᠨ ᠭᠡᠷᠡᠴᠢᠯᠡᠪᠠ᠃ ᠱᠢᠨ᠎ᠡ ᠠᠶᠠᠨ᠎ᠳᠤ ᠪᠢᠳᠡ ᠠᠯᠢᠪᠠ ᠠᠵᠢᠯ᠎ᠢ ᠥᠷᠨᠢᠭᠦᠯᠬᠦ᠌᠎ᠳᠦ ᠴᠥᠮ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠱᠠᠭᠠᠷᠳᠠᠯᠭ᠎ᠠ᠎ᠶᠢ ᠲᠤᠭᠤᠱᠢᠯᠠᠭᠤᠯᠬᠤ᠂ ᠨᠠᠮ᠎ᠤᠨ ᠲᠥᠪ ᠬᠣᠷᠢᠶ᠎ᠠ᠎ᠶᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠪᠠᠷ ᠤᠷᠢᠲᠠᠯ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳ᠋ᠡᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠤᠨ ᠲᠤᠬᠠᠢ ᠮᠠᠭᠠᠳᠯᠠᠯᠲᠠ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠪᠣᠳᠠᠲᠠᠢ᠎ᠲᠠᠶ ᠤᠶᠠᠯᠳᠤᠭᠤᠯᠤᠨ ᠪᠦᠲᠦᠭᠡᠯᠴᠢ ᠴᠢᠨᠠᠷᠲᠠᠢ ᠪᠠᠷ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠵᠤ᠂ ᠢᠮᠠᠭ᠍ᠲᠠ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ᠃ 《ᠳᠣᠬᠢᠭᠤᠷ ᠲᠤᠯᠤᠭᠠᠨ ᠣᠲᠣ᠎ᠶᠢ ᠠᠯᠲᠠᠯ ᠦᠬᠡᠢ ᠬᠠᠷᠠᠵᠤ ᠪᠠᠢᠬᠰᠠᠨ ᠬᠤᠢᠨ᠎ᠠ ᠯᠠᠪᠳᠠᠢ ᠴᠢᠭ᠌ᠯᠡᠯ᠎ᠢᠶᠡᠨ ᠠᠯᠳᠠᠬᠤ ᠥᠬᠡᠶ ᠶᠤᠮ》᠃
ᠤᠯᠤᠰ ᠲᠦᠷᠦ᠎ᠶᠢᠨ ᠱᠤᠭᠤᠮ ᠲᠣᠭ᠍ᠲᠠᠭ᠍ᠰᠠᠨ᠎ᠤ ᠲᠡᠷᠡᠭ᠎ᠠ ᠺᠠᠳ᠋ᠷ ᠪᠣᠯ ᠳᠠᠷᠤᠢ ᠱᠢᠢᠳᠪᠦᠷᠢᠯᠡᠭ᠌ᠴᠢ ᠬᠦᠴᠦᠨ ᠵᠦᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦᠳᠡ ᠬᠤᠷᠠᠯ᠎ᠡᠴᠡ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠠᠯᠢ ᠤᠯᠠᠨ ᠱᠢᠨ᠎ᠡ ᠪᠠᠢᠷᠢᠯᠠᠭᠤᠯᠤᠯᠲᠠ ᠬᠢᠵᠡᠢ᠃ ᠬᠥᠮᠦᠨ᠎ᠢ ᠰᠠᠢᠲᠤᠷ ᠰᠣᠩᠭᠣᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠱᠠᠲᠤᠨ᠎ᠤ ᠬᠢᠨ ᠪᠣᠳᠠᠲᠠᠢ ᠠᠵᠢᠯᠯᠠᠬᠤ ᠪᠠ ᠪᠣᠳᠠᠳᠦ ᠠᠮᠵᠢᠯᠲᠠ ᠪᠦᠲᠦᠮᠵᠢ᠎ᠪᠡᠷ ᠤᠳᠤᠷᠢᠳᠤᠮᠵᠢ ᠪᠣᠯᠭᠠᠬᠤ᠎ᠶ᠋ᠢ ᠲᠤᠪᠤᠢ᠌ᠯᠭᠠᠵᠤ᠂ ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠨᠡᠩ ᠤᠯᠠᠨ ᠰᠠᠢ᠌ᠨ ᠺᠠᠳ᠋ᠷ᠎ᠢ ᠴᠣᠯᠭᠣᠷᠠᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃ ᠬᠥᠮᠦᠨ᠎ᠢ ᠰᠠᠢᠲᠤᠷ ᠬᠥᠮᠦᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠎ᠶᠢ ᠲᠤᠷᠠᠳᠤᠨ ᠭᠠᠷᠭᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ᠎ᠶᠢ ᠶᠡᠬᠡᠪᠡᠷ ᠴᠢᠬᠤᠯᠠᠴᠢᠯᠠᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠪᠠᠷ ᠠᠵᠢᠯ ᠬᠢᠵᠦ᠍ ᠦᠢᠯᠡᠰ ᠪᠤᠰᠭᠠᠬᠤ᠎ᠶᠢ ᠬᠦᠳᠦᠯᠦᠨ ᠵᠢᠯᠣᠭᠣᠳᠪᠠ᠃ ᠬᠥᠮᠦᠨ᠎ᠢ ᠰᠠᠢᠲᠤᠷ ᠬᠠᠮᠢᠶᠠᠷᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠯᠵᠢᠷᠡᠯ᠎ᠢ ᠡᠰᠡᠷᠭᠦᠴᠡᠬᠦ᠌ ᠰᠦᠷ ᠬᠦᠴᠦᠲᠦ ᠪᠠᠢᠳᠠᠯ᠎ᠢ ᠪᠠᠲᠤᠯᠠᠬᠤ᠂ ᠰᠤᠷᠲᠠᠯ᠎ᠤᠨ ᠠᠰᠠᠭᠤᠳᠠᠯ ᠢᠯᠵᠢᠷᠡᠯ᠎ᠢ ᠵᠡᠷᠬᠡ ᠳ᠋ᠤᠨᠢ ᠪᠠᠢᠴᠠᠭᠠᠵᠤ ᠵᠡᠷᠬᠡ ᠳ᠋ᠤᠨᠢ ᠵᠠᠰᠠᠬᠤ᠎ᠶ᠋ᠢ ᠴᠢᠩᠭᠠᠳᠭᠠᠬᠤ ᠲᠤᠬᠠᠢ ᠪᠠᠢᠷᠢᠯᠠᠭᠤᠯᠤᠯᠲᠠ ᠬᠢᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠪᠤᠢ ᠪᠣᠯᠭᠠᠪᠠ᠃ ᠬᠥᠮᠦᠨ᠎ᠢ ᠰᠠᠢᠲᠤᠷ ᠬᠡᠷᠡᠭ᠌ᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠯᠪᠤᠬᠳᠠᠯ ᠪᠦᠬᠦᠢ ᠬᠦᠮᠦᠨ ᠪᠠ ᠪᠤᠳᠠᠳᠠᠢ ᠤᠴᠢᠷ ᠶᠠᠪᠤᠳᠠᠯ᠎ᠢ ᠦᠵᠡᠵᠤ᠂ ᠺᠠᠳ᠋ᠷ᠎ᠤᠨ ᠳᠠᠪᠱᠢᠵᠤ ᠪᠠᠭᠤᠵᠤ ᠪᠣᠯᠬᠤ᠂ ᠠᠯᠳᠠᠭ᠎ᠠ ᠪᠤᠷᠤᠭᠤ᠎ᠶ᠋ᠢ ᠠᠭᠤᠴᠢᠯᠠᠨ ᠪᠠᠭ᠍ᠲᠠᠭᠠᠵᠤ ᠵᠠᠯᠠᠷᠠᠭᠤᠯᠬᠤ᠂ ᠬᠠᠯᠠᠮᠵᠢᠯᠠᠨ ᠬᠠᠢᠷᠠᠯᠠᠬᠤ᠎ᠶ᠋ᠢ ᠵᠣᠷᠢᠭ᠍ᠵᠢᠭᠤᠯᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠴᠢᠬᠤᠯᠠᠴᠢᠯᠠᠵᠤ᠂ ᠣᠯᠠᠨ᠎ᠤ ᠳᠠᠷᠤᠭᠠᠰᠤ ᠦᠬᠡᠢ ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠠᠬᠢᠭᠤᠯᠪᠠ᠃ ᠡᠲᠡᠭᠡᠷ ᠠᠷᠭ᠎ᠠ ᠬᠡᠮᠵᠢᠶ᠎ᠡ᠎ᠶ᠋ᠢ ᠭᠦᠨᠵᠡᠭᠡᠶ ᠨᠠᠢᠳᠠᠪᠤᠷᠢᠵᠢᠭᠤᠯᠬᠤ᠎ᠶ᠋ᠢ ᠳᠠᠭᠠᠯᠳᠤᠨ ᠦᠪᠦᠷ ᠮᠤᠩᠭᠤᠯ᠎ᠤᠨ ᠺᠠᠳ᠋ᠷ᠎ᠤᠨ ᠡᠩᠨᠡᠭᠡ ᠨᠠᠩ ᠬᠦᠴᠦᠷᠭᠡᠭᠵᠢᠵᠤ᠂ ᠡᠯ᠎ᠡ ᠱᠠᠲᠤᠨ᠎ᠤ ᠠᠵᠢᠯ ᠬᠢᠬᠦ ᠪᠠᠢᠳᠠᠯ᠎ᠳᠦ ᠨᠠᠩ ᠴᠣᠭ ᠪᠠᠳᠠᠷᠠᠩᠭᠤᠶ ᠲᠦᠷᠰᠦ ᠪᠠᠢᠳᠠᠯ ᠢᠯᠡᠷᠡᠬᠦ ᠶᠤᠮ᠃
ᠥᠭᠡᠷᠡᠴᠢᠯᠡᠯᠲᠡ᠎ᠶ᠋ᠢᠨ ᠵᠠᠮ ᠢᠯᠭᠤᠮ ᠤᠷᠤᠬᠰᠢᠳᠠᠢ ᠪᠢᠰᠢ᠂ ᠨᠠᠮ᠎ᠤᠨ ᠪᠠᠢᠭᠤᠯᠤᠯᠲᠠ᠎ᠪᠠᠷ ᠬᠦᠳᠦᠯᠥᠨ ᠳᠠᠭᠠᠭᠤᠯᠪᠠᠯ ᠢᠯᠠᠭ᠍ᠳᠠᠰᠢ ᠦᠭᠡᠢ᠃ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷ᠎ᠢ᠎ᠪᠡᠨ ᠴᠡᠪᠡᠷᠱᠢᠭᠦᠯᠬᠦ᠌᠂ ᠥᠪᠡᠷ᠎ᠢ ᠪᠡᠨ ᠲᠡᠭᠦᠯᠳᠡᠷᠵᠢᠭᠦᠯᠬᠦ᠌᠂ ᠥᠪᠡᠷ᠎ᠢ᠎ᠪᠡᠨ ᠱᠢᠨᠡᠴᠢᠯᠡᠬᠦ᠌᠂ ᠥᠪᠡᠷ᠎ᠢ᠎ᠪᠡᠨ ᠳᠡᠭᠡᠭ᠌ᠰᠢᠯᠡᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠴᠢᠩᠭᠠᠳᠭᠠᠪᠠᠯ᠂ ᠪᠢᠳᠡ ᠯᠠᠪᠲᠠᠶ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠠᠨ ᠨᠢᠭ᠍ᠲᠠᠷᠠᠭᠤᠯᠤᠨ᠂ ᠪᠡᠶ᠎ᠡ ᠮᠠᠬᠠᠪᠤᠳ᠎ᠢᠶᠡᠨ ᠴᠢᠭᠢᠷᠠᠭ᠍ᠵᠢᠭᠤᠯᠵᠤ᠂ ᠣᠯᠠᠨ᠎ᠤ ᠤᠬᠠᠭᠠᠨ ᠬᠠᠮᠲᠤ᠎ᠶ᠋ᠢᠨ ᠬᠦᠴᠦᠨ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠴᠢᠳᠠᠨ᠎ᠠ᠃