ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠪᠠ   ᠪᠤᠤ ᠭᠠᠩ ᠬᠤᠷᠠᠯ᠎ᠢ ᠡᠷᠬᠢᠯᠡᠵᠠᠢ
ᠨᠡᠶ᠋ᠢᠲᠡᠯᠡᠭᠰᠡᠨ ᠴᠠᠭ᠄ 2026-01-16

1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢᠩᠭᠤ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠤᠢ᠍ᠢᠷ᠎ᠠ᠎ᠶ᠋ᠢᠨ ᠬᠤᠭᠤᠴᠠᠭᠠᠨ᠎ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠪᠦᠳᠦᠭᠡᠨ ᠪᠠᠢᠭᠤᠯᠬᠤ ᠵᠡᠷᠭᠡ ᠠᠵᠢᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠭᠢᠯᠡᠵᠡᠶ᠃

ᠬᠤᠷᠠᠯ ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ ᠲᠥᠪ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠦᠪᠡᠷ᠎ᠢ᠎ᠪᠡᠨ ᠱᠠᠭᠠᠷᠳᠠᠬᠤ᠎ᠶ᠋ᠢ ᠦᠨᠡᠨ ᠬᠦ᠌ ᠪᠡᠶᠡᠯᠡᠭᠦᠯᠵᠦ᠍᠂ ᠱᠢᠯᠢᠳᠡᠭ ᠰᠤᠷᠲᠠᠯ᠎ᠢᠶᠠᠷ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠨᠠᠷᠢᠨ ᠨᠢᠮᠪᠠᠶ ᠪᠡᠯᠡᠳᠭᠡᠬᠦ᠌ ᠪᠠ ᠰᠠᠢᠲᠤᠷ ᠬᠤᠷᠠᠯᠳᠤᠭᠤᠯᠵᠤ᠂ ᠴᠢᠨᠠᠷ ᠰᠠᠢᠲᠠᠶ᠂ ᠰᠠᠢᠨ ᠦᠷ᠎ᠡ ᠪᠦᠲᠦᠮᠵᠢᠳᠠᠢ ᠬᠤᠷᠠᠯᠳᠤᠭᠤᠯᠬᠤ᠎ᠶᠢ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ ᠡᠴᠡ᠂ ᠶᠡᠷᠦᠩᠬᠡᠶ ᠱᠦᠵᠢ ᠰᠢ᠎ᠵᠢᠨ᠎ᠫᠢᠩ᠎ᠦᠨ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》ᠤ᠋ ᠠᠵᠢᠯ᠎ᠢ ᠰᠠᠢᠲᠤᠷ ᠬᠢᠬᠦ᠌ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠲᠥᠪ᠎ᠦᠨ ᠬᠥᠳᠡᠭᠡ ᠲᠣᠰᠭᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 《ᠮᠠᠯ᠎ᠤᠨ ᠡᠭᠦᠯᠳᠡᠷ ᠲᠠᠷᠢᠶᠠᠨ ᠦᠷ᠎ᠠ》ᠵᠢᠨ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠵᠦ᠍᠂ ᠨᠠᠷᠢᠯᠢᠭ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ᠎ᠤᠨ ᠲᠥᠷᠥᠯ ᠲᠡᠮᠳᠡᠭ᠎ᠢ ᠰᠠᠢᠲᠤᠷ ᠬᠢᠵᠦ᠍᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠦᠴᠦᠷᠬᠡᠭ ᠣᠷᠣᠨ᠎ᠢ ᠲᠦᠷᠭᠡᠳᠭᠡᠨ ᠪᠦᠳᠦᠬᠡᠨ ᠪᠠᠢᠭᠤᠯᠬᠤ ᠬᠡᠷᠡᠭ᠌ᠲᠡᠶ᠃ 《ᠮᠢᠩᠭ᠎ᠠ ᠲᠦᠮᠡ᠎ᠶ᠋ᠢᠨ ᠢᠨᠵᠧᠨᠧᠷᠢᠩ》ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠠᠢ᠌ᠩᠭᠤᠵᠢᠭ᠍ᠰᠠᠨ ᠣᠨᠢᠨ ᠳᠡᠭᠡᠷ᠎ᠡ᠎ᠨᠢ ᠬᠠᠪᠰᠤᠷᠤᠨ ᠲᠡᠳᠬᠦᠬᠦ᠌᠎ᠶ᠋ᠢ ᠥᠷᠨᠢᠭᠦᠯᠵᠦ᠍᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠶ᠋ᠯᠡᠰ᠎ᠢ ᠢᠳᠡᠪᠬᠢᠲᠡᠶ ᠬᠥᠭ᠌ᠵᠢᠭᠦᠯᠵᠦ᠍᠂ ᠬᠦᠳᠡᠭᠡ ᠠᠵᠤ ᠠᠬᠤᠢ᠎ᠶᠢ ᠬᠦᠴᠦᠷᠬᠡᠭ᠌ᠵᠢᠭᠦᠯᠵᠦ᠍ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠲᠣᠭ᠍ᠲᠠᠭᠤᠨ᠎ᠢᠶᠡᠷ ᠨᠡᠮᠡᠭ᠌ᠳᠡᠬᠦ᠎ᠵᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠷᠤᠰᠢᠨ ᠰᠠᠭᠤᠬᠤ᠎ᠳᠤ ᠲᠤᠬᠢᠷᠠᠮᠵᠢᠳᠠᠢ ᠦᠢᠯᠡᠰ ᠪᠤᠰᠬᠠᠬᠤ᠎ᠳᠤ ᠲᠣᠬᠢᠷᠠᠮᠵᠢᠲᠠᠶ ᠡᠶ᠎ᠠ ᠵᠤᠬᠢᠴᠠᠩᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠰᠠᠭᠤᠷᠢ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ》ᠶ᠋ᠢ ᠬᠢᠨᠠᠨ ᠵᠥᠪᠯᠡᠵᠦ᠍ ᠪᠠᠲᠤᠯᠠᠨ᠂ 《ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠶ ᠪᠥᠲᠥᠭᠡᠨ ᠪᠠᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠎ᠢ ᠰᠤᠳᠤᠯᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ