1 ᠰᠠᠷ᠎ᠠ᠎ᠶᠢᠨ 18᠎ᠦ 15 ᠴᠠᠭ᠎ᠤᠨ ᠦᠶᠡᠰ᠎ᠢᠶᠠᠷ᠂ ᠪᠤᠭᠤᠲᠤ᠎ᠶᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠬᠣᠪᠣᠷ ᠱᠢᠷᠣᠢ᠎ᠶᠢᠨ ᠪᠤᠯᠤᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠳᠤ ᠳᠡᠯᠪᠡᠷᠡᠯᠲᠡ ᠡᠭᠦᠰᠪᠡ᠃ ᠡᠨᠳᠡᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠲᠡᠷᠡ ᠳᠠᠷᠤᠢ ᠳ᠋ᠤᠨᠢ ᠠᠪᠤᠷᠠᠨ ᠲᠤᠰᠠᠯᠠᠬᠤ ᠡᠩᠨᠡᠭᠡ᠎ᠶᠢ ᠵᠣᠬᠢᠶᠠᠨ ᠪᠠᠢᠭᠤᠯᠤᠨ ᠲᠤᠬᠠᠶ᠎ᠶᠢᠨ ᠲᠠᠯᠠᠪᠠᠶ᠎ᠳᠦ ᠬᠦᠷᠴᠦ᠍ ᠠᠪᠤᠷᠠᠨ ᠲᠤᠰᠠᠯᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠲᠡᠷᠡ ᠳᠠᠷᠤᠢ ᠳᠤᠨᠢ ᠴᠣᠬᠣᠯᠠᠪᠤᠷᠢ ᠥᠭ᠌ᠭᠦᠭ᠌ᠰᠡᠨ ᠪᠥᠭᠡᠳ ᠡᠨᠳᠡᠯ᠎ᠤᠨ ᠲᠤᠬᠠᠢ᠎ᠶᠢᠨ ᠲᠠᠯᠠᠪᠠᠢ᠎ᠳᠦ ᠲᠦᠷᠭᠡᠨ ᠬᠦᠷᠴᠦ᠍ ᠠᠪᠤᠷᠠᠨ ᠲᠤᠰᠠᠯᠠᠬᠤ ᠠᠵᠢᠯ᠎ᠢ ᠵᠢᠭᠠᠨ ᠵᠢᠯᠣᠭᠣᠳᠪᠠ᠃
ᠸᠠᠩ ᠸᠧᠶ ᠵᠥᠩ ᠴᠣᠬᠣᠯᠠᠪᠤᠷᠢ ᠦᠭᠴᠤ᠂ ᠱᠢᠨᠵᠢᠯᠡᠬᠦ᠌ ᠤᠬᠠᠭᠠᠨᠴᠢ᠎ᠪᠡᠷ ᠡᠷᠢᠵᠦ᠍ ᠠᠪᠤᠷᠬᠠᠸ᠋ ᠠᠵᠢᠯ᠎ᠢ ᠱᠠᠯᠠᠪᠳᠠᠨ ᠥᠷᠨᠢᠭᠦᠯᠵᠦ᠍᠂ ᠱᠢᠷᠬᠠᠲᠤᠭ᠍ᠰᠠᠳ᠎ᠢ ᠪᠥᠬᠥ᠌ ᠬᠦᠴᠦᠨ᠎ᠢᠶᠠᠷ᠎ᠢᠶᠠᠨ ᠡᠮᠨᠡᠨ ᠠᠪᠤᠷᠠᠵᠤ᠂ ᠡᠭᠦᠰᠦᠮᠡᠯ ᠠᠶᠤᠯ ᠭᠠᠷᠬᠤ᠎ᠶᠢ ᠴᠢᠩᠭ᠎ᠠ ᠰᠡᠷᠭᠡᠢᠯᠡᠵᠦ᠍᠂ ᠡᠨᠳᠡᠯ᠎ᠤᠨ ᠪᠠᠢᠳᠠᠯ ᠵᠢᠴᠢ ᠱᠢᠯᠲᠠᠭᠠᠨ᠎ᠢ ᠦᠳᠲᠡᠷ ᠲᠦᠷᠭᠡᠨ ᠪᠠᠢᠴᠠᠭᠠᠨ ᠳᠣᠲᠣᠯᠠᠵᠤ᠂ ᠬᠣᠢᠲᠤᠬᠢ ᠠᠵᠢᠯ ᠵᠡᠷᠭᠡ᠎ᠶᠢ ᠰᠠᠢᠲᠤᠷ ᠬᠢᠬᠦ᠌ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠴᠠᠭ ᠢᠮᠠᠭ᠍ᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠭᠢᠯᠭᠡ᠎ᠪᠡᠷ᠂ ᠰᠡᠷᠭᠡᠢᠯᠡᠬᠦ᠌ ᠠᠷᠭ᠎ᠠ ᠬᠡᠮᠵᠢᠶ᠎ᠡ᠎ᠪᠡᠨ ᠴᠢᠩᠭᠠᠳᠭᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ ᠭᠡᠵᠦ ᠱᠠᠭᠠᠷᠳᠠᠪᠠ᠃
ᠪᠦᠦ ᠭᠠᠩ ᠴᠣᠬᠣᠯᠠᠪᠤᠷᠢ ᠦᠭᠴᠤ᠂ ᠡᠷᠢᠵᠦ᠍ ᠠᠪᠤᠷᠠᠬᠤ ᠠᠵᠢᠯ᠎ᠢ ᠳᠠᠷᠤᠢ ᠲᠦᠷᠭᠡᠨ ᠵᠣᠬᠢᠶᠠᠨ ᠪᠠᠢᠭᠤᠯᠵᠤ᠂ ᠡᠨᠳᠡᠵᠦ ᠱᠢᠷᠬᠠᠲᠤᠭ᠍ᠰᠠᠨ ᠪᠠᠢᠳᠠᠯ᠎ᠢ ᠤᠨᠤᠪᠴᠢᠲᠠᠢ ᠬᠢᠨᠠᠨ ᠬᠠᠷᠭᠤᠭᠤᠯᠵᠤ᠂ ᠱᠢᠷᠬᠠᠲᠤᠭ᠍ᠰᠠᠳ᠎ᠢ ᠠᠪᠤᠷᠠᠨ ᠡᠮᠨᠡᠬᠦ᠌ ᠠᠵᠢᠯ᠎ᠢ ᠪᠦᠬᠦ᠌ ᠬᠦᠴᠦᠨ᠎ᠢᠶᠠᠷ᠎ᠢᠶᠠᠨ ᠵᠣᠬᠢᠶᠠᠨ ᠪᠠᠢᠭᠤᠯᠬᠤ ᠬᠡᠷᠡᠭ᠌ᠲᠡᠢ᠃ ᠡᠷᠢᠵᠦ᠍ ᠠᠪᠤᠷᠠᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠡᠷ ᠥᠷᠨᠢᠭᠦᠯᠦᠨ᠂ ᠡᠭᠦᠰᠦᠮᠡᠯ ᠠᠶᠤᠯ᠎ᠢ ᠴᠢᠩᠭ᠎ᠠ ᠰᠡᠷᠭᠡᠢᠯᠡᠵᠦ᠍᠂ ᠡᠨᠳᠡᠯ᠎ᠦᠨ ᠱᠢᠯᠲᠠᠭᠠᠨ᠎ᠢ ᠱᠠᠯᠠᠪᠳᠠᠨ ᠪᠠᠢᠴᠠᠭᠠᠬᠤ ᠬᠡᠷᠡᠭᠲᠡᠢ ᠭᠡᠵᠦ ᠱᠠᠭᠠᠷᠳᠠᠵᠡᠢ᠃