ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠪᠣᠣ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠪᠠ   ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠭᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ  ᠶ᠋ᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2026-01-18

1 ᠳ᠋ᠦ᠍ᠭᠡᠷ ᠰᠠᠷ᠎ᠠ᠎ᠶᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠣᠣ ᠭᠠᠩ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠬᠤᠷᠠᠯᠳᠤᠭᠠᠨ᠎ᠢ ᠡᠷᠭᠢᠯᠡᠨ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯᠳᠤᠭᠠᠨ ᠳᠡᠭᠡᠷᠡᠬᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠪᠠ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠪᠠ᠃ 

ᠬᠤᠷᠠᠯᠳᠤᠭᠠᠨ᠎ᠢᠶᠠᠷ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠨᠢ ᠨᠠᠮ᠎ᠤᠨ ᠥᠪᠡᠷ᠎ᠦᠨ ᠪᠡᠶ᠎ᠡ᠎ᠳᠤ᠎ᠪᠠᠨ ᠬᠤᠪᠢᠰᠬᠠᠯ ᠬᠢᠬᠦ᠎ᠶᠢ ᠭᠦᠨᠵᠡᠭᠡᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠠᠬᠢᠭᠤᠯᠬᠤ᠎ᠳᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ ᠬᠢᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠣᠳᠬᠤ ᠴᠢᠨᠠᠷ᠎ᠲᠠᠢ ᠪᠠᠢᠵᠤ᠂ ᠨᠠᠮ᠎ᠤᠨ ᠰᠤᠷᠲᠠᠯ ᠠᠷᠢᠭᠤᠨ ᠴᠢᠬᠡᠴᠢ᠎ᠪᠡᠷ ᠵᠠᠰᠠᠭ ᠪᠠᠷᠢᠬᠤ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ ᠪᠠ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠦᠨ ᠨᠠᠮ᠎ᠤᠨ ᠤᠳᠤᠷᠢᠳᠬᠤ ᠳᠤᠭᠤᠢᠯᠠᠩ (ᠨᠠᠮ᠎ᠤᠨ ᠬᠣᠷᠢᠶ᠎ᠠ) ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠯᠤᠭ᠎ᠠ ᠦᠨᠡᠨ ᠬᠦ᠌ ᠨᠢᠭᠡᠳᠬᠡᠵᠦ᠂ ᠭᠤᠷᠪᠠᠨ 《ᠨᠡᠩ ᠢᠯᠡᠭᠦᠦ》᠎ᠶᠢᠨ ᠴᠢᠬᠤᠯᠠ ᠱᠠᠭᠠᠷᠳᠠᠯᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠶᠣᠰᠣᠭᠠᠷ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠭᠦᠨᠵᠡᠭᠡᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 

ᠬᠤᠷᠠᠯᠳᠤᠭᠠᠨ᠎ᠢᠶᠠᠷ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯᠳᠤᠭᠠᠨ᠎ᠤ ᠪᠠᠢᠷᠢᠯᠠᠭᠤᠯᠤᠯᠲᠠ ᠪᠠ ᠶᠡᠷᠦᠩᠬᠡᠢ ᠱᠦᠵᠢ ᠰᠢ᠎ᠵᠢᠨ᠎ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠯᠤᠭ᠎ᠠ ᠬᠠᠷᠭᠤᠭᠤᠯᠤᠨ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠵᠥᠪ ᠣᠨᠣᠪᠴᠢᠲᠠᠢ ᠪᠠᠢᠬᠤ ᠠᠵᠢᠯ᠎ᠤᠨ ᠠᠮᠵᠢᠯᠲᠠ ᠪᠦᠲᠦᠮᠵᠢ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠨᠠᠢᠳᠠᠪᠤᠷᠢᠵᠢᠭᠤᠯᠤᠯᠲᠠ᠎ᠶᠢ ᠬᠦᠴᠦᠲᠡᠢ ᠠᠳᠬᠤᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠰᠠᠢᠨ ᠡᠬᠢᠯᠡᠯᠲᠡ᠎ᠶᠢ ᠴᠢᠷᠮᠠᠢᠨ ᠪᠡᠶᠡᠯᠡᠭᠦᠯᠬᠦ ᠬᠡᠷᠡᠭᠲᠡᠢ᠃ ᠮᠥᠩᠭᠥᠨ ᠭᠦᠢᠯᠭᠡᠭᠡ᠂ ᠤᠯᠤᠰ᠎ᠤᠨ ᠥᠮᠴᠢᠯᠡᠯᠲᠦ ᠠᠵᠤ ᠠᠬᠤᠢᠯᠠᠯ᠂ ᠡᠨᠧᠷᠭᠢ᠂ ᠰᠤᠷᠭᠠᠨ ᠬᠥᠮᠦᠵᠢᠯ᠂ ᠰᠤᠳᠤᠯᠭᠠᠨ᠎ᠤ ᠨᠡᠢᠭᠡᠮᠯᠢᠭ ᠪᠠ ᠨᠡᠢᠭᠡᠮᠯᠢᠭ᠂ ᠨᠡᠭᠡᠭᠡᠯᠲᠡ᠎ᠶᠢᠨ ᠲᠣᠭᠣᠷᠢᠭ᠋ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠭᠣᠣᠯᠳᠠᠯᠭ᠎ᠠ ᠪᠣᠯᠬᠤ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠢᠯᠵᠢᠷᠡᠯ᠎ᠢ ᠰᠡᠷᠭᠡᠢᠯᠡᠨ ᠵᠠᠰᠠᠬᠤ ᠪᠠᠢᠭᠤᠯᠤᠯ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠦᠨ ᠠᠰᠠᠭᠤᠳᠠᠯ᠎ᠢ ᠴᠡᠭᠴᠡᠯᠡᠨ ᠵᠠᠰᠠᠬᠤ᠎ᠶᠢ ᠨᠢ ᠭᠦᠨᠵᠡᠭᠡᠢᠷᠡᠭᠦᠯᠵᠦ᠂ ᠡᠷᠬᠡ᠎ᠶᠢ ᠳᠦᠷᠢᠮ᠎ᠦᠨ ᠰᠢᠩᠭᠡᠯᠢᠭ᠎ᠲᠦ ᠡᠷᠡᠰ ᠬᠣᠷᠢᠬᠤ ᠬᠡᠷᠡᠭᠲᠡᠢ᠃ ᠲᠥᠪ᠎ᠦᠨ ᠨᠠᠢ᠍ᠮᠠᠨ ᠵᠤᠷᠪᠤᠰ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ 《ᠲᠦᠷᠪᠡᠨ ᠰᠤᠷᠲᠠᠯ》᠎ᠤᠨ ᠭᠡᠮ ᠠᠷᠬᠠᠭ᠎ᠢ ᠬᠦᠴᠦᠯᠡᠨ ᠵᠠᠯᠠᠷᠠᠭᠤᠯᠵᠤ᠂ ᠵᠠᠰᠠᠭ ᠵᠠᠬᠢᠷᠭᠠᠨ᠎ᠤ ᠦᠢᠯᠡᠳᠦᠯ ᠴᠢᠳᠠᠮᠵᠢ ᠪᠠ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠂ ᠬᠠᠤᠯᠢᠵᠢᠯ᠎ᠤᠨ ᠵᠠᠰᠠᠭ᠎ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠂ ᠥᠨᠳᠥᠷ ᠪᠦᠲᠦᠮᠵᠢᠲᠦ ᠵᠠᠰᠠᠭ᠎ᠤᠨ ᠣᠷᠳᠣᠨ᠂ ᠠᠷᠢᠭᠤᠨ ᠴᠢᠬᠡᠴᠢ ᠵᠠᠰᠠᠭ᠎ᠤᠨ ᠣᠷᠳᠣᠨ᠂ ᠦᠢᠯᠡᠴᠢᠯᠡᠭᠡᠨ᠎ᠦ ᠬᠡᠯᠪᠡᠷᠢ᠎ᠶᠢᠨ ᠵᠠᠰᠠᠭ᠎ᠤᠨ ᠣᠷᠳᠣᠨ᠎ᠢ ᠪᠠᠶ᠋ᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠎ᠨᠦᠭᠦᠳ 《ᠨᠢᠭᠡ ᠠᠵᠢᠯ᠎ᠤᠨ ᠪᠠᠢᠷᠢ᠎ᠳᠦ ᠬᠣᠣᠰ ᠬᠠᠷᠢᠭᠤᠴᠠᠯᠭ᠎ᠠ ᠲᠠᠢ ᠪᠠᠢᠬᠤ》ᠶ᠋ᠢ ᠨᠠᠷᠢᠨ ᠬᠢᠨᠠᠮᠠᠭᠠᠢ ᠭᠦᠢᠴᠡᠳᠬᠡᠵᠦ᠂ ᠵᠠᠰᠠᠭ᠎ᠤᠨ ᠣᠷᠳᠣᠨ᠎ᠤ ᠠᠵᠢᠯ᠎ᠤᠨ ᠳᠦᠷᠢᠮᠯᠡᠯ᠎ᠢ ᠴᠢᠩᠭ᠎ᠠ ᠬᠡᠷᠡᠭᠵᠢᠭᠦᠯᠦᠨ᠂ ᠸᠠᠩ ᠯᠢ ᠰᠢᠶᠠ ᠰᠠᠬᠢᠯᠭ᠎ᠠ ᠪᠠᠲᠤ ᠬᠠᠤᠯᠢ ᠴᠠᠭᠠᠵᠠ᠎ᠶᠢ ᠬᠦᠨᠳᠦ ᠨᠣᠴᠢᠲᠠᠢ ᠵᠥᠷᠢᠴᠡᠭᠰᠡᠨ᠎ᠢᠶᠠᠷ ᠰᠡᠵᠢᠭᠯᠡᠭᠳᠡᠭᠰᠡᠨ ᠶᠠᠪᠤᠳᠠᠯ᠎ᠡᠴᠡ ᠭᠦᠨ ᠭᠦᠨᠵᠡᠭᠡᠢ ᠰᠤᠷᠭᠠᠮᠵᠢ ᠠᠪᠴᠤ ᠠᠪᠴᠤ᠂ ᠬᠡᠷᠡᠭ᠎ᠤᠨ ᠵᠢᠱ᠌ᠢᠶ᠎ᠡ᠎ᠪᠡᠷ ᠥᠭᠡᠷᠡᠴᠢᠯᠡᠯᠲᠡ᠎ᠶᠢ ᠠᠬᠢᠭᠤᠯᠵᠤ ᠵᠠᠰᠠᠯᠲᠠ᠎ᠶᠢ ᠠᠬᠢᠭᠤᠯᠬᠤ ᠠᠵᠢᠯ᠎ᠢ ᠰᠠᠢᠲᠤᠷ ᠠᠳᠬᠤᠨ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ᠎ᠶᠢ ᠠᠬᠢᠭᠤᠯᠵᠤ᠂ ᠡᠷᠬᠡ᠎ᠶᠢ ᠲᠥᠪ ᠭᠣᠣᠯᠴᠢ᠎ᠪᠠᠷ ᠬᠡᠷᠡᠭᠯᠡᠬᠦ᠂ ᠡᠷᠬᠡ᠎ᠶᠢ ᠬᠠᠤᠯᠢ ᠶᠣᠰᠣᠭᠠᠷ ᠬᠡᠷᠡᠭᠯᠡᠬᠦ᠂ ᠡᠷᠬᠡ᠎ᠶᠢ ᠠᠷᠢᠭᠤᠨ ᠴᠢᠬᠡᠴᠢ᠎ᠪᠡᠷ ᠬᠡᠷᠡᠭᠯᠡᠬᠦ᠎ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ