1 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠣᠷᠢᠢ᠎ᠠ ᠬᠤᠷᠠᠯ ᠬᠤᠷᠠᠯᠳᠤᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ ᠪᠣᠯᠤᠨ 1 ᠰᠠᠷ᠎ᠠ᠎ᠶ᠋ᠢᠨ 8 ᠤ᠋ ᠡᠳᠦᠷ᠎ᠦᠨ ᠨᠠᠮ᠎ᠤᠨ ᠲᠦᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠎ᠦᠨ 2025 ᠣᠨ᠎ᠤ ᠠᠵᠢᠯ᠎ᠤᠨ ᠪᠠᠢᠳᠠᠯ᠂ 2026 ᠣᠨ᠎ᠤ ᠠᠵᠢᠯ᠎ᠤᠨ ᠲᠥᠯᠥᠪᠯᠡᠭᠡ ᠪᠣᠯᠤᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠪᠡᠯᠡᠳᠭᠡᠯ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠂ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠂ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠂ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠂ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠂ ᠬᠤᠯᠪᠤᠭᠳᠠᠯ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠡᠢ᠃
ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠲᠤᠬᠠᠢ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠭᠤᠷᠪᠠᠨ 《ᠨᠡᠩ ᠢᠯᠡᠭᠦᠦ》᠎ᠶᠢᠨ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠡᠭᠦᠷᠢᠳᠡ ᠵᠤᠬ᠍ᠰᠤᠰᠢ ᠦᠭᠡᠢ ᠪᠠᠢᠬᠤ ᠡᠷᠡᠰ ᠪᠠᠲᠤ ᠪᠤᠯᠤᠨ ᠪᠠᠷᠢᠮᠲᠠᠯᠠᠯ᠎ᠢᠶᠠᠷ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ᠎ᠢ ᠡᠷᠡᠰ ᠭᠤᠢᠪᠢᠰᠢ ᠦᠭᠡᠢ᠎ᠪᠡᠷ ᠭᠦᠨᠵᠡᠭᠡᠢᠷᠡᠭᠦᠯᠦᠨ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠥᠩᠭᠡᠷᠡᠭ᠌ᠰᠡᠨ ᠨᠢᠭᠡ ᠵᠢᠯ᠎ᠦᠨ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠣᠯᠤᠭ᠍ᠰᠠᠨ ᠦᠷ᠎ᠡ ᠪᠦᠲᠦᠮᠵᠢ᠎ᠶ᠋ᠢ ᠭᠦᠶ᠋ᠴᠡᠳ ᠨᠤᠲᠠᠯᠠᠵᠤ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠡᠯ᠎ᠡ ᠵᠦᠶ᠋ᠯ᠎ᠦᠨ ᠠᠵᠢᠯ᠎ᠢ ᠨᠠᠩ ᠡᠷᠡᠰ ᠬᠦᠴᠦᠲᠡᠶ ᠰᠠᠢᠲᠤᠷ ᠠᠳᠭᠤᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ᠃ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠤᠬᠠᠢ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ ᠵᠢ ᠴᠢᠩᠭ᠎ᠠ ᠠᠩᠬᠠᠷᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠣᠯᠤᠨ 2026 ᠣᠨ᠎ᠤ ᠬᠠᠷᠠᠯᠲᠠ ᠡᠭᠦᠷᠭᠡ᠎ᠶ᠋ᠢ ᠴᠢᠩᠭ᠎ᠠ ᠠᠩᠬᠠᠷᠴᠤ᠌᠂ ᠤᠯᠤᠰ ᠲᠦᠷᠦ᠍᠎ᠶ᠋ᠢᠨ ᠬᠢᠨᠠᠯᠲᠠ᠎ᠶ᠋ᠢ ᠨᠠᠷᠢᠯᠢᠭ ᠤᠨᠤᠪᠴᠢᠲᠠᠢ ᠬᠦᠴᠦᠲᠡᠢ ᠭᠦᠨᠵᠡᠭᠡᠢᠷᠡᠭᠦᠯᠵᠦ᠍᠂ ᠨᠠᠮ᠎ᠤᠨ ᠲᠥᠪ ᠬᠤᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠢᠮᠠᠭᠲᠠ ᠲᠤᠭᠤᠰᠢᠯᠠᠭᠤᠯᠬᠤ᠌ᠶ᠋ᠢ ᠠᠬᠢᠭᠤᠯᠬᠤ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠲᠦᠷᠢᠮ᠎ᠦᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠬᠤ᠂ ᠬᠠᠲᠠᠭᠤ ᠬᠢᠵᠠᠭᠠᠷᠯᠠᠯ᠎ᠢ ᠴᠢᠩᠭᠠᠳᠭᠠᠬᠤ ᠳᠡᠭᠡᠷ᠎ᠡ ᠬᠦᠴᠦ᠍ ᠲᠠᠯᠪᠢᠵᠤ᠂ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠬᠤ ᠬᠡᠷᠡᠭ᠌ᠲᠡᠢ᠃ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠵᠤ᠂ ᠰᠦᠷ ᠬᠦᠴᠦᠲᠦ ᠪᠠᠢᠳᠠᠯ᠎ᠢᠶᠠᠨ ᠭᠤᠢᠪᠢᠰᠢ ᠦᠭᠡᠢ ᠪᠠᠲᠤᠯᠠᠵᠤ᠂ ᠭᠣᠣᠯᠳᠠᠯᠭ᠎ᠠ᠎ᠲᠠᠶ ᠬᠦᠷᠢᠢ᠎ᠡ ᠪᠣᠯᠤᠨ ᠭᠣᠣᠯᠳᠠᠯᠭ᠎ᠠ᠎ᠲᠠᠶ ᠠᠵᠢᠯ᠎ᠤᠨ ᠪᠠᠢᠷᠢ᠎ᠶ᠋ᠢ ᠴᠢᠩᠭ᠎ᠠ ᠠᠩᠬᠠᠷᠴᠤ᠌᠂ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠡᠯ᠎ᠡ ᠲᠦᠷᠦᠯ᠎ᠦᠨ ᠢᠯᠵᠢᠷᠠᠯ᠎ᠤᠨ ᠠᠰᠠᠭᠤᠳᠠᠯ᠎ᠢ ᠪᠦᠲᠦᠮᠵᠢᠲᠡᠢ ᠵᠠᠰᠠᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠬᠦᠴᠦᠯᠡᠨ ᠪᠡᠬᠢᠵᠢᠭᠦᠯᠦᠨ ᠥᠷᠭᠡᠳᠭᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠵᠢᠷᠤᠮᠵᠢᠭ᠍ᠰᠠᠨ ᠬᠠᠤᠯᠢᠵᠢᠭ᠍ᠰᠠᠨ ᠵᠢᠩᠬᠢᠨᠢᠴᠢᠯᠡᠭ᠌ᠰᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ ᠲᠡᠮᠡᠴᠡᠬᠦ᠌ ᠲᠡᠮᠡᠴᠡᠬᠦ᠌᠎ᠳᠡᠭᠡᠨ ᠴᠢᠳᠠᠮᠠᠭᠠᠢ ᠪᠠᠢᠬᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠬᠦᠴᠦᠯᠡᠨ ᠪᠠᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠨᠠᠮ᠎ᠤᠨ ᠲᠥᠪ ᠬᠣᠷᠢᠢ᠎ᠠ ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠠᠷᠠᠳ᠎ᠤᠨ ᠳᠡᠭᠡᠳᠦ ᠱᠢᠭᠦᠬᠦ᠌ ᠬᠣᠷᠢᠢ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠣᠯᠤᠨ ᠲᠥᠪ᠎ᠦᠨ ᠱᠦᠵᠢ᠎ᠨᠡᠷ᠎ᠦᠨ ᠭᠠᠵᠠᠷ᠎ᠤᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠭᠤ ᠪᠣᠯ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ᠎ᠶᠢᠨ ᠨᠢᠭᠡᠨ ᠴᠢᠬᠤᠯᠠ ᠲᠦᠷᠢᠮ᠎ᠦᠨ ᠲᠤᠬᠢᠷᠠᠭᠤᠯᠤᠯᠳᠠ ᠪᠣᠯᠤᠨ᠎ᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠨᠠᠮ᠎ᠤᠨ ᠲᠦᠪ ᠬᠤᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠡᠯ᠎ᠡ ᠲᠠᠯ᠎ᠠ᠎ᠶ᠋ᠢᠨ ᠠᠵᠢᠯ᠎ᠤᠨ ᠢᠮᠠᠭ᠍ᠲᠠ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠠᠯᠬᠤᠮ ᠨᠢᠭᠡᠲᠡᠢ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠬᠤᠷᠠᠯ᠎ᠡᠴᠡ ᠥᠩᠭᠡᠷᠡᠭ᠌ᠰᠡᠨ ᠨᠢᠭᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠂ ᠵᠠᠰᠠᠭ᠎ᠤᠨ ᠣᠷᠳᠣᠨ ᠤ ᠨᠠᠮ᠎ᠤᠨ ᠤᠳᠤᠷᠢᠳᠭᠤ ᠳᠤᠭᠤᠢᠯᠠᠩ᠂ ᠤᠯᠤᠰ ᠲᠥᠷᠥ ᠶ᠋ᠢᠨ ᠵᠥᠪᠯᠡᠯᠭᠡᠨ ᠦ ᠨᠠᠮ᠎ᠤᠨ ᠤᠳᠤᠷᠢᠳᠭᠤ ᠳᠤᠭᠤᠢᠯᠠᠩ᠂ ᠠᠷᠠᠳ᠎ᠤᠨ ᠥᠨᠳᠥᠷ ᠵᠡᠷᠭᠡ ᠶ᠋ᠢᠨ ᠱᠢᠭᠦᠬᠦ᠌ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠂ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠎ᠢ ᠭᠦᠶ᠋ᠴᠡᠳ ᠨᠤᠲᠠᠯᠠᠵᠤ᠂ ᠡᠯ᠎ᠡ ᠨᠠᠮ᠎ᠤᠨ ᠤᠳᠤᠷᠢᠳᠭᠤ ᠳᠤᠭᠤᠢᠯᠠᠩ᠎ᠤᠨ ᠬᠢᠨ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠠᠷᠢᠨ ᠣᠢᠯᠠᠭᠠᠵᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠲᠠᠯ᠎ᠠ᠎ᠪᠠᠷ ᠬᠣᠱᠢᠭᠤᠴᠢ ᠪᠤᠯᠵᠤ᠂ ᠦᠯᠢᠭᠡᠷ ᠳᠠᠭᠤᠷᠢᠶᠠᠯ ᠪᠤᠯᠵᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠦᠬᠦ᠌ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠲᠤᠰ ᠱᠢᠰᠲ᠋ᠧᠮ᠎ᠦᠨ᠎ᠢᠶᠡᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠨᠠᠮ᠎ᠤᠨ ᠭᠡᠱᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠪᠡᠷ ᠠᠵᠢᠯ ᠬᠢᠵᠦ᠍ ᠦᠢᠯᠡᠰ ᠪᠤᠰᠬᠠᠵᠤ᠂ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ 《2025 ᠣᠨ᠎ᠤ ᠨᠠᠮ᠎ᠤᠨ ᠲᠦᠪ ᠬᠤᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ᠎ᠶᠢᠨ ᠲᠥᠪ᠎ᠦᠨ ᠨᠠᠶ᠋ᠮᠠᠨ ᠲᠣᠭ᠍ᠲᠠᠭᠠᠯ᠎ᠢ ᠲᠤᠭᠤᠱᠢᠯᠠᠭᠤᠯᠤᠨ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ》᠂ 《2025 ᠣᠨ᠎ᠤ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠠᠵᠢᠯ᠎ᠤᠨ ᠪᠠᠢᠳᠠᠯ᠎ᠤᠨ ᠲᠤᠬᠠᠶ ᠮᠡᠳᠡᠭᠦᠯᠦᠯᠲᠡ》᠎ᠶᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ᠎ᠲᠠᠶ ᠪᠠᠷᠢᠮᠵᠢᠶᠠᠯᠠᠨ ᠨᠢᠭᠡᠳᠦᠯᠲᠡᠶ ᠪᠠᠢᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠲᠡᠮᠦᠷ ᠮᠡᠲᠦ ᠬᠠᠲᠠᠭᠤ ᠶᠣᠰᠣ ᠲᠦᠷᠢᠮ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠭᠦᠨᠵᠡᠭᠡᠢᠷᠡᠭᠦᠯᠵᠦ᠍᠂ ᠰᠤᠷᠲᠠᠯ᠎ᠤᠨ ᠪᠠᠢᠭᠤᠯᠤᠯᠲᠠ᠎ᠶ᠋ᠢᠨ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭ᠌ᠲᠡᠶ᠃ ᠬᠣᠯᠪᠣᠭ᠍ᠳᠠᠯ ᠪᠦᠬᠦᠢ ᠠᠰᠠᠭᠤᠳᠠᠯ᠎ᠢ ᠵᠠᠯᠠᠷᠠᠭᠤᠯᠤᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠤᠷᠢᠭᠤᠳᠠ ᠰᠠᠬᠢᠯᠭ᠎ᠠ ᠪᠠᠲᠤ᠎ᠶ᠋ᠢ ᠵᠥᠷᠢᠴᠡᠭ᠌ᠰᠡᠨ ᠦᠵᠡᠭ᠌ᠳᠡᠯᠳᠤ ᠴᠤᠬᠤᠢᠮᠠᠭᠴᠠ ᠴᠣᠬᠢᠯᠲᠠ ᠥᠭ᠌ᠴᠦ᠂ 《ᠲᠦᠷᠪᠡᠨ ᠰᠤᠷᠲᠠᠯ》᠎ᠤᠨ ᠠᠰᠠᠭᠤᠳᠠᠯ ᠲᠠᠬᠢᠨ ᠢᠯᠡᠷᠡᠬᠦ᠌᠎ᠶ᠋ᠢ ᠡᠷᠡᠰ ᠰᠡᠷᠭᠡᠢᠯᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠭᠤ ᠨᠥᠬᠥᠳ᠎ᠦᠨ ᠤᠯᠤᠰ ᠲᠥᠷᠥ᠎ᠶ᠋ᠢᠨ ᠵᠥᠪᠯᠡᠯᠭᠡᠨ᠎ᠦ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ᠎ᠶ᠋ᠢ ᠭᠦᠶ᠋ᠴᠡᠳᠭᠡᠬᠦ ᠵᠢ ᠱᠠᠯᠠᠪᠳᠠᠭᠤᠯᠤᠨ ᠭᠦᠢᠴᠡᠳᠭᠡᠭᠰᠡᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠰᠠᠨᠠᠯ ᠳᠤᠷᠠᠳᠤᠯᠭ᠎ᠠ᠎ᠶ᠋ᠢ ᠱᠠᠯᠠᠪᠳᠠᠭᠤᠯᠤᠨ ᠭᠦᠶ᠋ᠴᠡᠳᠭᠡᠬᠦ᠌ ᠠᠵᠢᠯ᠎ᠤᠨ ᠲᠣᠭ᠍ᠲᠠᠴᠠ᠎ᠶ᠋ᠢ ᠴᠢᠨᠠᠭ᠍ᠰᠢᠳᠠ ᠪᠦᠷᠢᠨᠱᠢᠬᠦᠯᠵᠤ᠂ ᠨᠠᠮ ᠵᠠᠰᠠᠭ᠎ᠤᠨ ᠤᠳᠤᠷᠢᠳᠭᠤ ᠨᠥᠬᠥᠳ᠎ᠦᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠭᠤᠤᠯᠳᠠᠯᠭ᠎ᠠ᠎ᠲᠠᠶ ᠰᠠᠨᠠᠯ ᠳᠤᠷᠠᠳᠤᠯᠭ᠎ᠠ᠎ᠶ᠋ᠢ ᠱᠠᠯᠠᠪᠳᠠᠭᠤᠯᠤᠨ ᠭᠦᠶ᠋ᠴᠡᠳᠭᠡᠬᠦ᠌ ᠠᠵᠢᠯ᠎ᠤᠨ ᠶᠡᠬᠡ ᠲᠠᠯ᠎ᠠ᠎ᠳᠤ ᠨᠠᠩ ᠰᠠᠢᠲᠤᠷ ᠦᠶ᠋ᠯᠡᠴᠢᠯᠡᠬᠦ᠌᠂ ᠠᠷᠠᠳ᠎ᠤᠨ ᠠᠮᠢᠳᠤᠷᠠᠯ᠎ᠳᠤ ᠨᠠᠩ ᠰᠠᠢᠲᠤᠷ ᠦᠶ᠋ᠯᠡᠴᠢᠯᠡᠬᠦ᠌ ᠶ᠋ᠢ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ ᠢ ᠰᠤᠳᠤᠯᠵᠠᠢ᠃