ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠡᠨᠡ ᠵᠢᠯ ᠥᠪᠥᠷ ᠮᠣᠩᠭᠤᠯ 6 ᠵᠤᠷᠪᠤᠰ ᠵᠢᠭᠤᠯᠴᠢᠯᠠᠯ᠎ᠤᠨ ᠵᠠᠰᠠᠮᠠᠯ ᠵᠠᠮ᠎ᠢ ᠪᠠᠶ᠋ᠢᠭᠤᠯᠬᠤ᠎ᠪᠠᠷ ᠲᠥᠯᠥᠪᠯᠡᠵᠦ ᠪᠠᠶ᠋ᠢᠨ᠎ᠠ
ᠨᠡᠶ᠋ᠢᠲᠡᠯᠡᠭᠰᠡᠨ ᠴᠠᠭ᠄ 2026-01-20

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠮᠡᠳᠡᠭᠡ᠎ᠶᠢ ᠦᠨᠳᠦᠰᠦᠯᠡᠪᠡᠯ᠄ 2026 ᠣᠨ᠎ᠳᠤ ᠥᠪᠥᠷ ᠮᠣᠩᠭᠣᠯ ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠦᠷᠭᠦᠯᠵᠢᠯᠡᠨ ᠭᠦᠨᠵᠡᠭᠡᠢ᠌ᠷᠡᠭᠦᠯᠦᠨ᠎ᠡ᠃ ᠬᠥᠬᠡᠬᠤᠲᠠ᠎ᠶᠢᠨ S237 ᠱᠤᠭᠤᠮ᠂ ᠲᠦᠩᠯᠢᠶᠣᠤ ᠬᠤᠲᠠ᠎ᠶᠢᠨ G111 ᠱᠤᠭᠤᠮ᠂ ᠤᠯᠠᠭ᠋ᠠᠨᠬᠠᠳᠠ ᠬᠤᠲᠠ᠎ᠶᠢᠨ S530 ᠱᠤᠭᠤᠮ᠂ ᠤᠯᠠᠭ᠋ᠠᠨᠴᠠᠪ ᠬᠤᠲᠠ᠎ᠶᠢᠨ S533 ᠱᠤᠭᠤᠮ᠂ ᠪᠠᠶᠠᠨᠨᠠᠭᠤᠷ ᠬᠤᠲᠠ᠎ᠶᠢᠨ G331 ᠱᠤᠭᠤᠮ᠂ ᠰᠢᠯᠢ᠎ᠶᠢᠨ ᠭᠤᠤᠯ ᠠᠶ᠋ᠢᠮᠠᠭ᠎ᠤᠨ G331 ᠱᠤᠭᠤᠮ ᠵᠡᠷᠭᠡ 6 ᠵᠤᠷᠪᠤᠰ ᠵᠢᠭᠤᠯᠴᠢᠯᠠᠯ᠎ᠤᠨ ᠵᠠᠰᠠᠮᠠᠯ ᠵᠠᠮ᠎ᠢ ᠪᠠᠢ᠌ᠭᠤᠯᠵᠤ᠂ ᠨᠡᠶ᠋ᠢᠲᠡ 408 ᠺᠢᠯᠣᠮᠧᠲᠷ ᠪᠠᠢ᠌ᠵᠤ᠂ ᠥᠪᠥᠷ ᠮᠣᠩᠭᠤᠯ᠎ᠤᠨ ᠥᠪᠡᠰᠦᠪᠡᠨ ᠲᠡᠷᠭᠡ ᠵᠢᠯᠣᠭᠣᠳᠣᠨ ᠵᠢᠭᠤᠯᠴᠢᠯᠠᠬᠤ ᠵᠠᠮ ᠬᠠᠷᠢᠯᠴᠠᠭ᠋ᠠᠨ᠎ᠤ ᠲᠣᠤᠷ᠎ᠢ ᠤᠯᠠᠮ ᠨᠢᠭᠲᠠ ᠰᠦᠯᠵᠢᠵᠦ᠂ ᠨᠢᠭᠡ ᠪᠦᠯᠦᠭ ᠨᠡᠪᠲᠡᠷᠡᠬᠦ ᠴᠢᠳᠠᠮᠵᠢ ᠬᠢᠭᠡᠳ ᠦᠵᠡᠮᠵᠢ᠎ᠶᠢᠨ ᠦᠨ᠎ᠡ ᠥᠷᠲᠡᠭ ᠪᠦᠬᠦᠢ ᠥᠪᠡᠰᠦᠪᠡᠨ ᠲᠡᠷᠭᠡ ᠵᠢᠯᠣᠭᠤᠳᠬᠤ ᠰᠣᠳᠣᠨ ᠪᠦᠲᠦᠭᠡᠯ᠎ᠦᠨ ᠵᠢᠭᠤᠯᠴᠢᠯᠠᠯ᠎ᠤᠨ ᠵᠠᠮ ᠱᠤᠭᠤᠮ᠎ᠢ ᠪᠤᠶ᠋ᠢᠵᠢᠭᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ᠎ᠢᠶᠠᠷ᠂ ᠵᠢᠭᠤᠯᠴᠢᠯᠠᠯ᠎ᠤᠨ ᠵᠠᠰᠠᠮᠠᠯ ᠵᠠᠮ᠎ᠢ ᠪᠠᠢ᠌ᠭᠤᠯᠬᠤ᠎ᠠᠴᠠ ᠭᠠᠳᠠᠨ᠎ᠠ᠂ ᠡᠨᠡ ᠵᠢᠯ ᠪᠠᠰᠠ 《ᠵᠠᠮ ᠬᠠᠷᠢᠯᠴᠠᠭ᠎ᠠ + ᠰᠣᠶᠣᠯ ᠵᠢᠭᠤᠯᠴᠢᠯᠠᠯ》᠎ᠤᠨ ᠬᠠᠩᠭ᠋ᠠᠯᠭ᠎ᠠ ᠬᠡᠷᠡᠭᠴᠡᠭᠡ᠎ᠶᠢ ᠵᠣᠯᠭ᠋ᠠᠭᠤᠯᠬᠤ ᠲᠠᠪᠴᠠᠩ᠎ᠢ ᠴᠣᠭᠴᠠᠯᠠᠵᠤ᠂ ᠭᠤᠤᠯᠳᠠᠯᠭ᠎ᠠ ᠪᠣᠯᠬᠤ ᠦᠵᠡᠮᠵᠢ᠎ᠶᠢᠨ ᠣᠷᠣᠨ᠎ᠤ ᠨᠡᠶ᠋ᠢᠲᠡ᠎ᠶᠢᠨ ᠮᠠᠰᠢᠨ ᠲᠡᠷᠭᠡᠨ᠎ᠤ ᠲᠤᠰᠬᠠᠶ ᠱᠤᠭᠤᠮ᠎ᠢ ᠨᠡᠪᠲᠡᠷᠡᠭᠦᠯᠵᠦ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢᠨ ᠭᠥᠯᠢᠶᠡᠨ ᠠᠪᠬᠤ ᠦᠢ᠍ᠯᠡᠴᠢᠯᠡᠭᠡ᠎ᠶᠢ ᠬᠠᠩᠭ᠋ᠠᠵᠤ᠂ ᠵᠢᠭᠤᠯᠴᠢᠯᠠᠯ᠎ᠤᠨ ᠲᠤᠰᠬᠠᠶ ᠭᠠᠯᠲᠤ ᠲᠡᠷᠭᠡ᠂ ᠪᠤᠭᠤᠷᠤᠯᠴᠤᠳ᠎ᠤᠨ ᠭᠠᠯᠲᠤ ᠲᠡᠷᠭᠡ᠂ ᠠᠭ᠋ᠠᠷ ᠠᠶᠠᠯᠠᠯ᠎ᠤᠨ ᠲᠦᠷᠭᠡᠨ ᠱᠤᠭᠤᠮ᠂ ᠠᠶᠠᠨᠴᠢᠳ᠎ᠤᠨ ᠲᠡᠭᠡᠭᠡᠪᠦᠷᠢ᠎ᠶᠢᠨ ᠨᠢᠰᠬᠡᠯ ᠬᠥᠯᠦᠰᠦᠯᠡᠬᠦ ᠵᠡᠷᠭᠡ᠎ᠶᠢ ᠪᠣᠶ ᠪᠣᠯᠭ᠋ᠠᠵᠤ᠂ ᠠᠳᠠᠯᠢ ᠪᠤᠰᠤ ᠬᠥᠮᠥᠰ᠎ᠤᠨ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ᠎ᠶᠢ ᠬᠠᠩᠭ᠋ᠠᠨ᠎ᠠ᠃

2025 ᠣᠨ᠎ᠳᠤ᠂ ᠥᠪᠥᠷ ᠮᠣᠩᠭᠤᠯ᠎ᠤᠨ 3A ᠲᠠᠰ᠎ᠠᠴᠠ ᠳᠡᠭᠡᠭᠰᠢᠬᠢ ᠦᠵᠡᠮᠵᠢ᠎ᠶᠢᠨ ᠣᠷᠣᠨ᠎ᠳᠤ ᠴᠥᠮ ᠠᠳᠠᠯᠢ ᠲᠠᠰ᠎ᠤᠨ ᠵᠠᠰᠠᠮᠠᠯ ᠵᠠᠮ᠎ᠢ ᠨᠡᠪᠲᠡᠷᠡᠭᠦᠯᠵᠦ᠂ ᠤᠯᠤᠰ᠎ᠤᠨ ᠵᠠᠮ ᠪᠣᠯᠬᠤ 331 ᠱᠤᠭᠤᠮ᠎ᠢ ᠪᠠᠭᠲᠠᠭ᠋ᠠᠭᠰᠠᠨ ᠬᠠᠮᠤᠭ᠎ᠤᠨ ᠭᠤᠶᠣ ᠬᠢᠯᠢ ᠬᠢᠵᠠᠭ᠋ᠠᠷ᠎ᠤᠨ ᠵᠠᠰᠠᠮᠠᠯ ᠵᠠᠮ ᠵᠡᠷᠭᠡ ᠨᠢᠭᠡ ᠪᠦᠯᠦᠭ ᠣᠨᠴᠠᠯᠢᠭᠲᠤ ᠵᠢᠭᠤᠯᠴᠢᠯᠠᠯ᠎ᠤᠨ ᠵᠠᠰᠠᠮᠠᠯ ᠵᠠᠮ ᠨᠢ ᠥᠪᠡᠰᠦᠪᠡᠨ ᠲᠡᠷᠭᠡ ᠵᠢᠯᠣᠭᠣᠳᠣᠨ ᠵᠢᠭᠤᠯᠴᠢᠯᠠᠬᠤ᠎ᠳᠤ ᠪᠠᠭ᠍ᠠᠲᠠᠶ ᠬᠥᠮᠦᠰ᠎ᠤᠨ ᠰᠣᠩᠭᠤᠯᠲᠠ ᠪᠣᠯᠵᠤ᠂ ᠵᠢᠭᠤᠯᠴᠢᠯᠠᠯ᠎ᠤᠨ ᠬᠡᠯᠪᠡᠷᠢ᠎ᠶᠢᠨ ᠦᠢ᠍ᠯᠡᠴᠢᠯᠡᠭᠡᠨ᠎ᠤ ᠲᠣᠭᠣᠷᠢᠭ᠂ ᠴᠢᠨᠠᠷ ᠴᠢᠨᠰᠠᠭ᠎ᠠ᠎ᠶᠢᠨ ᠲᠠᠯ᠎ᠠ᠎ᠪᠠᠷ 6 ᠬᠣᠣᠰ ᠵᠢᠱ᠌ᠢᠶ᠎ᠡ ᠦᠵᠡᠭᠦᠯᠬᠦ ᠦᠢ᠍ᠯᠡᠴᠢᠯᠡᠭᠡᠨ᠎ᠤ ᠲᠣᠭᠣᠷᠢᠭ᠎ᠢ ᠵᠡᠷᠭᠡ᠎ᠪᠠᠷ ᠪᠤᠶ᠋ᠢᠵᠢᠭᠤᠯᠤᠨ᠂ ᠡᠭᠦᠨ᠎ᠳᠤ ᠭᠠᠯᠲᠤ ᠠᠭᠤᠯᠠ᠎ᠶᠢᠨ ᠭᠠᠵᠠᠷ ᠰᠢᠨᠵᠢᠯᠡᠭᠡᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠰᠠᠨᠰᠠᠷ᠎ᠤᠨ ᠰᠣᠶᠣᠯ᠎ᠢ ᠠᠭᠤᠰᠤᠯᠴᠠᠭᠤᠯᠤᠭᠰᠠᠨ ᠪᠠᠶᠠᠨ ᠨᠠᠭᠤᠷ ᠦᠢ᠍ᠯᠡᠴᠢᠯᠡᠭᠡᠨ᠎ᠤ ᠲᠣᠭᠣᠷᠢᠭ ᠵᠢᠴᠢ ᠡᠯᠡᠰᠦᠨ ᠴᠥᠯ᠎ᠤᠨ ᠵᠠᠩ ᠠᠭ᠋ᠠᠯᠢ᠎ᠪᠠᠷ ᠭᠤᠤᠯ ᠰᠡᠳᠦᠪ ᠪᠣᠯᠭ᠋ᠠᠭᠰᠠᠨ ᠪᠦᠷᠢᠶ᠎ᠡ ᠮᠠᠩᠬ᠎ᠠ ᠦᠢ᠍ᠯᠡᠴᠢᠯᠡᠭᠡᠨ᠎ᠤ ᠲᠣᠭᠣᠷᠢᠭ ᠨᠢ ᠥᠪᠡᠷᠮᠢᠴᠡ ᠣᠨᠴᠠᠯᠢᠭ᠎ᠲᠠᠢ ᠦᠵᠡᠮᠵᠢᠲᠦ ᠪᠡᠶᠡᠴᠢ ᠣᠶ᠋ᠢᠯᠠᠭ᠋ᠠᠯᠲᠠ᠎ᠪᠡᠷ᠎ᠢᠶᠡᠨ ᠬᠠᠯᠠᠮᠰᠢᠯ ᠺᠠᠷᠲᠯᠠᠬᠤ ᠭᠠᠵᠠᠷ ᠪᠣᠯᠵᠤ᠂ ᠥᠪᠥᠷ ᠮᠣᠩᠭᠤᠯ᠎ᠤᠨ ᠵᠢᠭᠤᠯᠴᠢᠯᠠᠯ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ