ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠥᠷ ᠮᠣᠩᠭᠤᠯ ᠲᠦᠰᠦᠯ ᠳᠠᠷᠣᠮᠠᠯᠯᠠᠨ ᠶᠠᠪᠣᠭᠣᠯᠵᠣ ᠰᠢᠨ᠎ᠡ ᠡᠨᠧᠷᠭᠢ᠎ᠶᠢ ᠣᠶ᠋ᠢᠷ᠎ᠠ ᠬᠠᠪᠢ ᠪᠠ ᠲᠤᠬᠠᠶ ᠵᠢᠨ ᠭᠠᠵᠠᠷ᠎ᠲᠤ ᠨᠢ ᠪᠠᠭᠲᠠᠭ᠋ᠠᠨ ᠰᠢᠩᠭᠡᠭᠡᠬᠦ᠎ᠶᠢ ᠠᠬᠢᠭᠤᠯᠪᠠ
ᠨᠡᠶ᠋ᠢᠲᠡᠯᠡᠭᠰᠡᠨ ᠴᠠᠭ᠄ 2026-01-20

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠠᠴᠠ ᠣᠢ᠌ᠯᠠᠭ᠋ᠠᠭᠰᠠᠨ᠎ᠢᠶᠠᠷ᠄ ᠲᠤᠰ ᠲᠣᠪᠴᠢᠶ᠎ᠠ ᠣᠢ᠌ᠷ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠭᠠᠭᠴᠠ ᠴᠠᠬᠢᠯᠭ᠋ᠠᠨ ᠬᠦᠴᠦᠨ᠎ᠤ ᠬᠡᠷᠡᠭᠯᠡᠭᠴᠢ᠎ᠳᠦ ᠨᠣᠭᠣᠭ᠋ᠠᠨ ᠴᠠᠬᠢᠯᠭ᠋ᠠᠨ᠎ᠢ ᠰᠢᠭᠣᠳ ᠵᠠᠯᠭ᠋ᠠᠬᠤ ᠲᠥᠷᠥᠯ ᠵᠦᠢ᠍ᠯ᠎ᠤᠨ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠣᠯᠬᠣ᠎ᠶᠢᠨ ᠬᠡᠷᠡᠭᠵᠢᠭᠦᠯᠬᠦ ᠲᠥᠰᠦᠯ (ᠲᠣᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠣᠭᠣᠯᠵᠣ᠂ ᠥᠪᠡᠷᠲᠡᠭᠡᠨ ᠵᠠᠰᠠᠬᠤ ᠣᠷᠣᠨ᠎ᠤ ᠳᠠᠩ ᠭᠠᠭᠴᠠ ᠴᠠᠬᠢᠯᠭ᠋ᠠᠨ ᠬᠦᠴᠦᠨ᠎ᠤ ᠬᠡᠷᠡᠭᠯᠡᠭᠴᠢ᠎ᠳᠤ ᠨᠣᠭᠣᠭ᠋ᠠᠨ ᠴᠠᠬᠢᠯᠭ᠋ᠠᠨ᠎ᠢ ᠰᠢᠭᠣᠳ ᠵᠠᠯᠭ᠋ᠠᠬᠣ ᠲᠥᠷᠥᠯ ᠵᠦᠢ᠍ᠯ᠎ᠤᠨ ᠨᠡᠭᠡᠭᠡᠨ ᠬᠥᠭᠵᠢᠭᠦᠯᠵᠦ ᠪᠦᠲᠦᠭᠡᠨ ᠪᠠᠢᠭᠤᠯᠬᠤ ᠬᠠᠮᠢᠶᠠᠷᠤᠯᠲᠠ᠎ᠶᠢᠨ ᠬᠠᠮᠢᠶ᠎ᠠ ᠪᠦᠬᠦᠢ ᠱᠠᠭ᠋ᠠᠷᠳᠠᠯᠭ᠎ᠠ᠎ᠶᠢ ᠤᠯᠠᠮ ᠨᠢᠭᠡ ᠠᠯᠬᠤᠮ ᠳᠣᠲᠣᠷᠬᠠᠢ᠌ᠯᠠᠵᠣ᠂ ᠰᠢᠨ᠎ᠡ ᠡᠨ᠋ᠸᠷᠭᠢ᠎ᠶᠢᠨ ᠨᠣᠭᠣᠭ᠋ᠠᠨ ᠴᠠᠬᠢᠯᠭᠠᠨ᠎ᠢ ᠣᠢ᠌ᠷ᠎ᠠ ᠬᠠᠪᠢ ᠪᠠ ᠲᠣᠬᠠᠢ᠎ᠶᠢᠨ ᠭᠠᠵᠠᠷ᠎ᠲᠤ ᠨᠢ ᠪᠠᠭᠲᠠᠭ᠋ᠠᠨ ᠰᠢᠩᠭᠡᠭᠡᠬᠦ᠎ᠳᠦ ᠰᠢᠨ᠎ᠡ ᠠᠷᠭ᠎ᠠ ᠵᠠᠮ ᠬᠠᠩᠭ᠋ᠠᠪᠠ᠃

ᠲᠣᠰ 《ᠬᠡᠷᠡᠭᠵᠢᠭᠦᠯᠬᠦ ᠲᠥᠰᠥᠯ》᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩ ᠭᠠᠭᠴᠠ ᠴᠠᠬᠢᠯᠭ᠋ᠠᠨ ᠬᠦᠴᠦᠨ᠎ᠤ ᠬᠡᠷᠡᠭᠯᠡᠭᠴᠢ᠎ᠳᠤ ᠨᠣᠭᠣᠭ᠋ᠠᠨ ᠴᠠᠬᠢᠯᠭ᠋ᠠᠨ᠎ᠢ ᠰᠢᠭᠤᠳ ᠵᠠᠯᠭ᠋ᠠᠬᠤ ᠲᠥᠷᠥᠯ ᠵᠦᠢ᠍ᠯ᠎ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠎ᠳᠤ ᠲᠣᠬᠢᠷᠠᠨ ᠬᠡᠷᠡᠭᠯᠡᠭᠳᠡᠨ᠎ᠡ᠃ ᠣᠶ᠋ᠢᠯᠠᠭ᠋ᠠᠭᠰᠠᠨ᠎ᠢᠶᠠᠷ᠂ ᠰᠢᠨ᠎ᠡ ᠡᠨᠧᠷᠭᠢ᠎ᠶᠢᠨ ᠴᠠᠬᠢᠯᠭ᠋ᠠᠨ ᠭᠠᠷᠭ᠋ᠠᠬᠤ ᠤᠯᠠᠮᠵᠢᠯᠠᠯᠲᠣ ᠬᠡᠪ ᠵᠠᠭᠪᠤᠷ ᠯᠣᠭ᠎ᠠ ᠠᠳᠠᠯᠢ ᠥᠬᠡᠶ ᠨᠢ ᠭᠡᠪᠡᠯ᠂ ᠨᠣᠭᠣᠭ᠋ᠠᠨ ᠴᠠᠬᠢᠯᠭ᠋ᠠᠨ᠎ᠢ ᠰᠢᠭᠣᠳ ᠵᠠᠯᠭ᠋ᠠᠬᠣ ᠪᠣᠯ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠲᠥᠷᠥᠯ ᠵᠦᠢ᠍ᠯ᠂ ᠪᠢᠣᠮᠠᠰ᠎ᠢᠶᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ ᠵᠡᠷᠭᠡ ᠰᠢᠨ᠎ᠡ ᠡᠨᠧᠷᠭᠢ᠎ᠶᠢ ᠣᠯᠠᠨ ᠨᠡᠶ᠋ᠢᠲᠡ᠎ᠶᠢᠨ ᠴᠠᠬᠢᠯᠭ᠋ᠠᠨ ᠬᠦᠴᠦᠨ᠎ᠦ ᠲᠣᠤᠷ᠎ᠲᠤ ᠰᠢᠭᠤᠳ ᠵᠠᠯᠭ᠋ᠠᠬᠣ ᠥᠬᠡᠶ᠎ᠪᠠᠷ᠂ ᠰᠢᠭᠤᠳ ᠵᠠᠯᠭ᠋ᠠᠬᠣ ᠬᠡᠯᠬᠢᠶ᠎ᠡ᠎ᠪᠡᠷ ᠲᠠᠩ ᠭᠠᠭᠴᠠ ᠴᠠᠬᠢᠯᠭ᠋ᠠᠨ ᠬᠦᠴᠦᠨ᠎ᠤ ᠬᠡᠷᠡᠭᠯᠡᠭᠴᠢ᠎ᠳᠤ  ᠨᠣᠭᠣᠭ᠋ᠠᠨ ᠴᠠᠬᠢᠯᠭ᠋ᠠᠨ ᠬᠠᠩᠭ᠋ᠠᠬᠣ᠎ᠶᠢ ᠵᠢᠭ᠋ᠠᠵᠦ᠂ ᠬᠠᠩᠭ᠋ᠠᠭᠰᠠᠨ ᠴᠠᠬᠢᠯᠭ᠋ᠠᠨ᠎ᠤ ᠬᠡᠮᠵᠢᠶ᠎ᠡ᠎ᠶᠢᠨ ᠲᠣᠳᠣᠷᠬᠠᠶ ᠹᠢᠽᠢᠺ᠎ᠤᠨ ᠡᠬᠢ ᠡᠭᠦᠰᠦᠯ᠎ᠤᠨ ᠬᠡᠪ ᠵᠠᠭᠪᠤᠷ᠎ᠢ ᠪᠡᠶᠡᠯᠡᠭᠦᠯᠵᠦ ᠪᠣᠯᠤᠨ᠎ᠠ᠃ ᠨᠣᠭᠣᠭ᠋ᠠᠨ ᠴᠠᠬᠢᠯᠭ᠋ᠠᠨ᠎ᠢ ᠰᠢᠭᠤᠳ ᠵᠠᠯᠭ᠋ᠠᠬᠣ ᠲᠥᠷᠥᠯ ᠵᠦᠢ᠍ᠯ᠎ᠨᠢ ᠰᠢᠨ᠎ᠡ ᠡᠨᠧᠷᠭᠢ᠎ᠶᠢᠨ ᠦᠢ᠍ᠯᠡᠳᠪᠦᠷᠢᠯᠡᠯ ᠬᠡᠷᠡᠭᠯᠡᠭᠡ᠎ᠶᠢᠨ ᠬᠤᠷᠠᠮᠠᠯ ᠠᠭᠤᠰᠤᠯᠴᠠᠨ ᠬᠥᠭᠵᠢᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠴᠠᠬᠢᠯᠭ᠋ᠠᠨ ᠬᠡᠷᠡᠭᠯᠡᠬᠦ ᠠᠵᠤ ᠠᠬᠤᠶ᠋ᠢᠯᠠᠯ ᠨᠢ ᠨᠣᠭᠣᠭ᠋ᠠᠨ ᠴᠠᠬᠢᠯᠭ᠋ᠠᠨ᠎ᠢ ᠰᠢᠭᠤᠳ ᠵᠠᠯᠭ᠋ᠠᠬᠣ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠡᠮᠵᠢᠨ᠂ ᠨᠣᠭᠣᠭ᠋ᠠᠨ ᠴᠠᠬᠢᠯᠭ᠋ᠠᠨ ᠬᠦᠴᠦᠨ᠎ᠤ  ᠬᠡᠷᠡᠭᠯᠡᠭᠡ᠎ᠶᠢᠨ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠤᠨ᠎ᠠ᠃ 

ᠣᠶ᠋ᠢᠷ᠎ᠠ᠎ᠶᠢᠨ ᠵᠢᠯ᠎ᠤᠳ᠎ᠲᠤ᠂ ᠰᠢᠨ᠎ᠡ ᠡᠨᠧᠷᠭᠢ᠎ᠶᠢᠨ ᠦᠰᠦᠷᠦᠯᠲᠡ ᠮᠠᠶᠢᠭ᠎ᠤᠨ ᠬᠥᠭᠵᠢᠯᠲᠡ᠎ᠶᠢ ᠳᠠᠭ᠋ᠠᠯᠳᠤᠨ᠂ ᠥᠪᠡᠷᠲᠡᠭᠡᠨ ᠵᠠᠰᠠᠬᠤ ᠣᠷᠣᠨ ᠰᠢᠨ᠎ᠡ ᠡᠨᠧᠷᠭᠢ᠎ᠶᠢᠨ ᠬᠡᠷᠡᠭᠯᠡᠯᠲᠡ᠎ᠶᠢᠨ ᠠᠬᠣᠢ ᠪᠠᠶ᠋ᠢᠳᠠᠯ᠎ᠢ ᠤᠯᠠᠮ ᠨᠢᠭᠡ ᠠᠯᠬᠤᠮ ᠥᠷᠭᠡᠳᠬᠡᠨ᠂ ᠠᠵᠤ ᠠᠬᠤᠶ᠋ᠢᠯᠠᠯ᠎ᠤᠨ ᠨᠣᠭᠣᠭ᠋ᠠᠨ ᠴᠠᠬᠢᠯᠭ᠋ᠠᠨ ᠬᠡᠷᠡᠭᠯᠡᠬᠦ ᠰᠢᠨ᠎ᠡ ᠠᠬᠣᠢ ᠪᠠᠢ᠌ᠳᠠᠯ ᠰᠢᠨ᠎ᠡ ᠬᠡᠪ ᠵᠠᠭᠪᠤᠷ᠎ᠢ ᠨᠡᠮᠡᠭᠳᠡᠭᠦᠯᠵᠦ᠂ ᠠᠵᠤ ᠠᠬᠤᠶ᠋ᠢᠯᠠᠯ᠎ᠤᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠣᠯᠣᠯᠲᠠ᠎ᠶᠢ ᠪᠠᠭ᠋ᠠᠰᠬᠠᠨ ᠨᠣᠭᠣᠭ᠋ᠠᠨ᠎ᠢ ᠨᠡᠮᠡᠭᠳᠡᠭᠦᠯᠬᠦ᠂ ᠳᠣᠣᠷ᠎ᠠ ᠨᠡᠭᠦᠷᠡᠰᠤᠳᠦ᠋ᠷᠣᠭ᠌ᠴᠢᠲᠦ ᠲᠡᠢ᠌ᠰᠢ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠪᠡ᠃ 《ᠪᠢᠳᠡ ᠳᠠᠩ ᠭᠠᠭᠴᠠ ᠴᠠᠬᠢᠯᠭ᠋ᠠᠨ ᠬᠦᠴᠦᠨ᠎ᠤ ᠬᠡᠷᠡᠭᠯᠡᠭᠴᠢ᠎ᠳᠦ ᠨᠣᠭᠣᠭ᠋ᠠᠨ ᠴᠠᠬᠢᠯᠭ᠋ᠠᠨ᠎ᠢ ᠰᠢᠭᠤᠳ ᠵᠠᠯᠭ᠋ᠠᠬᠣ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠪᠥᠲᠥᠭᠡᠨ ᠪᠠᠢ᠌ᠭᠣᠯᠬᠣ᠎ᠪᠡᠨ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠶ᠋ᠢᠭᠤᠯᠵᠤ᠂ ᠨᠣᠭᠣᠭ᠋ᠠᠨ ᠴᠠᠬᠢᠯᠭ᠋ᠠᠨ᠎ᠢ ᠰᠢᠭᠤᠳ ᠵᠠᠯᠭ᠋ᠠᠬᠣ ᠲᠥᠷᠥᠯ ᠵᠦᠢ᠍ᠯ᠎ᠤᠨ ᠬᠠᠮᠢᠶᠠᠷᠤᠯᠲᠠ᠎ᠶᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠰᠢᠨ᠎ᠡ ᠡᠨᠧᠷᠭᠢ᠎ᠶᠢᠨ ᠣᠶ᠋ᠢᠷ᠎ᠠ ᠬᠠᠪᠢ ᠪᠠ ᠲᠤᠬᠠᠶ᠎ᠶᠢᠨ ᠭᠠᠵᠠᠷ᠎ᠲᠤ ᠨᠢ ᠪᠠᠭᠲᠠᠭ᠋ᠠᠨ ᠰᠢᠩᠭᠡᠭᠡᠬᠦ ᠠᠷᠭ᠎ᠠ ᠮᠠᠶᠢᠭ᠎ᠢ ᠤᠯᠠᠮ ᠨᠢᠭᠡ ᠠᠯᠬᠤᠮ ᠥᠷᠭᠡᠳᠬᠡᠨ᠂ ᠨᠣᠭᠣᠭ᠋ᠠᠨ ᠴᠠᠬᠢᠯᠭ᠋ᠠᠨ᠎ᠤ ᠬᠠᠩᠭ᠋ᠠᠯᠭ᠎ᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠡᠯᠪᠡᠷᠢ᠎ᠶᠢᠨ ᠡᠨᠧᠷᠭᠢ᠎ᠶᠢᠨ ᠲᠣᠭᠲᠠᠯᠴᠠᠭ᠎ᠠ᠎ᠶᠢᠨ ᠪᠦᠲᠦᠭᠡᠨ ᠪᠠᠢ᠌ᠭᠣᠯᠣᠯᠲᠠ᠎ᠶᠢ ᠲᠦᠷᠭᠡᠳᠬᠡᠨ ᠠᠬᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ᠎ᠪᠠᠷ ᠴᠢᠷᠮᠠᠶ᠋ᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ