ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠠᠭᠠᠷᠳᠠᠯᠭ᠎ᠠ ᠶᠣᠰᠣᠭᠠᠷ᠂ 1 ᠰᠠᠷ᠎ᠠ᠎ᠶ᠋ᠢᠨ 21᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠳᠤ ᠴᠣᠬᠣᠯᠠᠪᠤᠷᠢ ᠥᠭ᠌ᠴᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠡᠷᠬᠢᠯᠡᠭ᠌ᠴᠢ ᠪᠦᠦ ᠭᠠᠩ ᠬᠤᠷᠠᠯ᠎ᠢ ᠡᠷᠬᠢᠯᠡᠭ᠌ᠰᠡᠨ ᠪᠥᠭᠡᠳ ᠪᠠᠢᠷᠢᠯᠠᠭᠤᠯᠤᠯᠲᠠ ᠬᠢᠵᠡᠢ᠃
ᠸᠠᠩ ᠸᠧᠢ ᠵᠦᠩ᠂ ᠪᠦᠬᠦ᠌ ᠣᠷᠣᠨ᠎ᠤ ᠡᠯ᠎ᠡ ᠱᠠᠲᠤᠨ᠎ᠤ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠠᠶᠤᠯᠭᠦᠢ ᠦᠢᠯᠡᠳᠪᠦᠷᠢᠯᠡᠯ᠎ᠦᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠮᠤᠷ ᠲᠦᠪᠱᠢᠨ᠎ᠢᠶᠡᠷ ᠬᠦᠭᠵᠢᠬᠦ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ 《ᠴᠠᠭ ᠢᠮᠠᠭ᠍ᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠨ ᠨᠠᠷᠢᠯᠢᠭ ᠠᠳᠭᠤᠵᠤ᠂ ᠠᠷᠠᠳ ᠤᠯᠠᠨ᠎ᠤ ᠠᠮᠢ ᠨᠠᠰᠤ ᠪᠠ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦ᠍᠎ᠪᠡᠷ᠎ᠢᠶᠡᠨ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠸᠠᠩ ᠸᠧᠶ ᠵᠥᠩ᠂ ᠪᠦᠬᠦ᠌ ᠣᠷᠣᠨ᠎ᠤ ᠡᠯ᠎ᠡ ᠠᠢᠮᠠᠭ ᠬᠣᠲᠠ᠂ ᠬᠣᠱᠢᠭᠤ ᠱᠢᠶᠠᠨ ᠴᠥᠮ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ ᠪᠤᠯᠤᠳ ᠬᠠᠪᠲᠠᠰᠤᠨ ᠮᠠᠲ᠋ᠧᠷᠢᠶᠠᠯ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠂ ᠨᠢᠭᠡ᠎ᠡᠴᠡ ᠨᠥᠭᠥᠭᠡ᠎ᠶ᠋ᠢ ᠵᠦᠢᠴᠢᠯᠡᠨ ᠮᠡᠳᠡᠵᠦ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠬᠤ ᠠᠵᠢᠯ᠎ᠢ ᠪᠥᠬᠥ᠌ ᠲᠠᠯ᠎ᠠ᠎ᠪᠠᠷ ᠥᠷᠨᠢᠭᠦᠯᠵᠦ᠂ ᠣᠨᠴᠠᠭᠠᠢᠯᠠᠨ ᠠᠭᠤᠷᠬᠠᠶ᠂ ᠲᠡᠮᠦᠷᠯᠢᠭ ᠬᠠᠢᠯᠤᠭᠤᠯᠬᠤ᠂ ᠴᠠᠬᠢᠯᠭᠠᠨ ᠬᠦᠴᠦ᠍ᠨ᠂ ᠠᠶᠤᠯᠲᠤ ᠬᠢᠮᠢ᠎ᠶᠢᠨ ᠪᠤᠳᠠᠰ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠤᠰᠤᠲᠥ᠋ᠷᠥᠭ᠌ᠴᠢ ᠦᠢᠯᠡᠳᠬᠦ᠂ ᠵᠠᠮ ᠬᠠᠷᠢᠯᠴᠠᠭ᠎ᠠ᠂ ᠵᠢᠭᠤᠯᠴᠢᠯᠠᠯ᠂ ᠭᠠᠯ ᠰᠡᠷᠭᠡᠢᠯᠡᠵᠦ ᠭᠠᠯ ᠤᠨᠲᠠᠷᠠᠭᠠᠬᠤ ᠵᠡᠷᠭᠡ ᠭᠣᠣᠯᠳᠠᠯᠭ᠎ᠠ᠎ᠲᠠᠶ ᠬᠦᠷᠢᠶ᠎ᠡ ᠵᠢᠴᠢ ᠡᠮᠨᠡᠯᠭᠡ᠎ᠶ᠋ᠢᠨ ᠬᠣᠷᠢᠶ᠎ᠠ᠂ ᠰᠤᠷᠭᠠᠭᠤᠯᠢ᠂ ᠬᠡᠦᠬᠡᠳ᠎ᠦᠨ ᠴᠡᠴᠡᠷᠯᠢᠭ᠂ ᠬᠤᠳᠠᠯᠳᠤᠭᠠᠨ᠎ᠤ ᠲᠠᠯᠠᠪᠤᠷ ᠪᠠ 《ᠶᠢᠰᠦᠨ ᠵᠢᠵᠢᠭ ᠲᠠᠯᠠᠪᠤᠷ》 ᠵᠡᠷᠭᠡ ᠭᠤᠤᠯᠳᠠᠯᠭ᠎ᠠ᠎ᠲᠠᠶ ᠭᠠᠵᠠᠷ᠎ᠢ ᠴᠢᠩᠭ᠎ᠠ ᠠᠩᠬᠠᠷᠴᠤ᠂ ᠠᠮᠤᠷ ᠲᠦᠪᠱᠢᠨ᠎ᠤ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠡᠷᠴᠢᠮ᠎ᠢᠶᠡᠨ ᠨᠡᠮᠡᠭ᠌ᠳᠡᠭᠦᠯᠵᠦ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳ᠋ᠡᠬᠢ ᠨᠤᠲᠤᠭ᠎ᠲᠠᠭᠠᠨ ᠪᠤᠴᠠᠬᠤ ᠬᠥᠮᠦᠰ᠎ᠦᠨ ᠵᠠᠮ ᠬᠠᠷᠢᠯᠴᠠᠭᠠᠨ᠎ᠤ ᠠᠮᠤᠷ ᠲᠦᠪᠱᠢᠨ ᠪᠠ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠤᠨ ᠠᠮᠤᠷ ᠲᠦᠪᠱᠢᠨ᠎ᠢ ᠣᠨᠴᠠᠭᠠᠢᠯᠠᠨ ᠠᠩᠬᠠᠷᠴᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠬᠣᠷᠢᠭ᠍ᠯᠠᠵᠦ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠡᠩ᠎ᠦᠨ ᠡᠨᠳᠡᠯ᠎ᠢ ᠪᠠᠭᠠᠰᠬᠠᠬᠤ ᠬᠡᠷᠡᠭᠲᠠᠢ᠃ ᠢᠯᠡᠷᠡᠭᠦᠯᠦᠭ᠌ᠰᠡᠨ ᠠᠰᠠᠭᠤᠳᠠᠯ᠎ᠤᠨ ᠬᠡᠮ ᠰᠣᠭᠣᠭ᠎ᠢ ᠡᠷᠬᠡᠪᠰᠢ ᠡᠴᠦᠰ᠎ᠲᠦᠨᠢ ᠲᠤᠯᠲᠠᠯ᠎ᠠ ᠠᠩᠬᠠᠷᠴᠤ᠌ ᠴᠡᠭ᠌ᠴᠡᠯᠡᠨ ᠰᠠᠢᠵᠢᠷᠠᠭᠤᠯᠬᠤ᠎ᠶ᠋ᠢ ᠠᠳᠭᠤᠵᠤ᠂ ᠲᠣᠷᠭᠠᠭᠤᠯᠢ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠣᠷᠣᠯᠠᠭᠤᠯᠵᠤ ᠶᠠᠭᠠᠬᠢᠭ᠍ᠰᠠᠨ ᠴᠤ᠌ ᠪᠣᠯᠬᠤ ᠥᠬᠡᠶ᠂ ᠠᠰᠠᠭᠤᠳᠠᠯ᠎ᠨᠢ ᠬᠦᠨᠳᠦ ᠨᠣᠴᠢᠲᠠᠶ᠂ ᠴᠡᠭ᠌ᠴᠡᠯᠡᠨ ᠰᠠᠢᠵᠢᠷᠠᠭᠤᠯᠬᠤ᠎ᠶ᠋ᠢ ᠲᠡᠪᠴᠢᠭᠰᠡᠨ ᠪᠠᠢᠪᠠᠯ ᠬᠠᠤᠯᠢ ᠲᠣᠭ᠍ᠲᠠᠭᠠᠯ ᠶᠣᠰᠣᠭᠠᠷ ᠴᠢᠩᠭ᠎ᠠ ᠱᠢᠶ᠋ᠳᠪᠦᠷᠢᠯᠡᠵᠦ᠍᠂ 《ᠠᠰᠠᠭᠤᠳᠠᠯ᠎ᠲᠠᠶ᠎ᠪᠠᠷ ᠠᠵᠢᠯᠯᠠᠬᠤ》 ᠥᠬᠡᠶ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃
ᠸᠠᠩ ᠸᠧᠢ ᠵᠦᠩ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶ᠋ᠢᠨ ᠲᠦᠷᠢᠮ᠎ᠦᠨ ᠱᠢᠰᠲ᠋ᠧᠮ᠂ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ᠎ᠢ ᠪᠠᠢᠭᠤᠯᠤᠨ ᠪᠦᠷᠢᠨᠱᠢᠬᠦᠯᠵᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠡᠬᠢ ᠡᠭᠦᠰᠦᠯ᠎ᠡᠴᠡ᠎ᠨᠢ ᠰᠡᠷᠭᠡᠢᠯᠡᠨ ᠠᠷᠢᠯᠭᠠᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠂ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠂ ᠬᠠᠷᠢᠶ᠎ᠠ ᠣᠷᠣᠨ᠎ᠤ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨᠢ ᠱᠠᠯᠠᠪᠳᠠᠭᠤᠯᠵᠤ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ 》᠎ᠶᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠲᠣᠣᠷ᠎ᠢ ᠨᠢᠭ᠍ᠲᠠ ᠰᠦᠯᠵᠢᠵᠦ᠍ ᠪᠠᠲᠤ ᠰᠦᠯᠵᠢᠵᠦ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠠᠷᠭ᠎ᠠ ᠬᠡᠮᠵᠢᠢ᠎ᠡ᠎ᠶ᠋ᠢ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠠᠶᠤᠯᠭᠦᠢ ᠦᠢᠯᠡᠳᠪᠦᠷᠢᠯᠡᠯ᠎ᠦᠨ ᠲᠠᠯ᠎ᠠ᠎ᠪᠠᠷ ᠬᠠᠷᠢᠭᠤᠴᠠᠯᠭ᠎ᠠ ᠦᠭᠡᠢ᠂ ᠠᠯᠪᠠᠨ ᠲᠤᠰᠢᠶᠠᠯ᠎ᠳᠠᠭᠠᠨ ᠤᠰᠤᠯᠳᠠᠭᠰᠠᠨ ᠪᠠᠢᠪᠠᠯ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠪᠤᠭᠤᠲᠤ᠎ᠶ᠋ᠢᠨ ᠪᠤᠯᠤᠳ ᠲᠡᠮᠤᠷ᠎ᠦᠨ ᠪᠦᠯᠦᠭᠯᠡᠯ᠎ᠤᠨ ᠪᠤᠯᠤᠳ ᠬᠠᠪᠲᠠᠰᠤᠨ ᠮᠠᠲᠧᠷᠢᠶᠠᠯ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠡᠨᠳᠡᠯ᠎ᠦᠨ ᠦᠷᠡᠭᠳᠡᠯ ᠰᠦᠢᠳᠦᠯ ᠬᠦᠨᠳᠦ ᠨᠣᠴᠢᠲᠠᠢ᠂ ᠰᠤᠷᠭᠠᠮᠵᠢ ᠬᠠᠷᠠᠰᠠᠯᠲᠠᠢ ᠪᠠᠢᠨ᠎ᠠ᠂ ᠣᠷᠣᠨ ᠳᠠᠶᠠᠭᠠᠷ᠎ᠢᠶᠡᠨ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠡᠷᠡ ᠶᠣᠰᠣᠭᠠᠷ᠎ᠨᠢ ᠨᠠᠢᠳᠠᠪᠤᠷᠢᠵᠢᠭᠤᠯᠵᠤ᠂ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠨᠢᠭᠡ᠎ᠡᠴᠡ ᠨᠦᠬᠦᠭᠡ᠎ᠶ᠋ᠢ ᠵᠦᠢᠴᠢᠯᠡᠨ ᠮᠡᠳᠡᠵᠦ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ ᠠᠢᠮᠠᠭ ᠬᠣᠲᠠ᠂ ᠠᠵᠢᠯ ᠲᠥᠷᠥᠯ᠎ᠦᠨ ᠬᠦᠷᠢᠶᠡᠨ᠎ᠦ ᠠᠶᠤᠯᠭᠦᠢ ᠦᠶ᠋ᠯᠡᠳᠪᠦᠷᠢᠯᠡᠯ᠎ᠦᠨ ᠲᠠᠯ᠎ᠠ᠎ᠪᠠᠷ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠨᠢᠭᠡᠳ ᠨᠢᠭᠡ᠎ᠪᠡᠷ ᠵᠢᠭᠠᠵᠤ ᠭᠠᠷᠭᠠᠨ᠂ ᠨᠡᠪᠳᠡ ᠬᠠᠮᠢᠶᠠᠷᠤᠯᠲᠠ᠎ᠶ᠋ᠢ ᠴᠢᠩᠭᠠᠳᠭᠠᠵᠤ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭᠠᠳᠭᠠᠵᠤ᠂ ᠵᠠᠮ ᠬᠠᠷᠢᠯᠴᠠᠭ᠎ᠠ᠂ ᠪᠠᠷᠢᠯᠭ᠎ᠠ᠂ ᠠᠭᠤᠷᠬᠠᠶ᠂ ᠠᠶᠤᠯᠲᠤ ᠬᠢᠮᠢ᠎ᠶ᠋ᠢᠨ ᠪᠣᠳᠠᠰ᠂ ᠲᠡᠮᠦᠷᠯᠢᠭ ᠬᠠᠢᠯᠤᠭᠤᠯᠬᠤ ᠠᠵᠤ ᠦᠶ᠋ᠯᠡᠳᠪᠦᠷᠢ ᠠᠷᠠᠯᠵᠢᠶ᠎ᠠ᠂ ᠰᠣᠶᠣᠯ ᠵᠢᠭᠤᠯᠴᠢᠯᠠᠯ᠂ ᠭᠠᠯ ᠰᠡᠷᠭᠡᠢᠯᠡᠵᠦ᠍ ᠭᠠᠯ ᠤᠨᠲᠠᠷᠠᠭᠠᠬᠤ᠂ ᠪᠠᠢᠭᠠᠯᠢ᠎ᠶ᠋ᠢᠨ ᠭᠠᠮᠱᠢᠭ᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠵᠡᠷᠭᠡ ᠭᠤᠤᠯᠳᠠᠯᠭ᠎ᠠ᠎ᠲᠠᠶ ᠬᠦᠷᠢᠶ᠎ᠡ ᠵᠢᠴᠢ ᠵᠣᠴᠢᠳ᠎ᠤᠨ ᠪᠠᠭᠤᠳᠠᠯ ᠬᠤᠭᠤᠯᠠᠨ ᠭᠡᠷ᠂ ᠰᠤᠷᠭᠠᠭᠤᠯᠢ᠂ ᠡᠮᠨᠡᠯᠭᠡ᠎ᠶ᠋ᠢᠨ ᠬᠣᠷᠢᠶ᠎ᠠ᠂ ᠨᠠᠰᠤᠵᠢᠯ᠎ᠤᠨ ᠠᠰᠠᠷᠠᠮᠵᠢ᠎ᠶ᠋ᠢᠨ ᠬᠦᠷᠢᠶᠡᠯᠡᠩ᠂ ᠴᠤᠭ᠍ᠯᠠᠭ᠎ᠠ ᠮᠠᠢᠮᠠᠶ᠎ᠶ᠋ᠢᠨ ᠵᠠᠬ᠎ᠠ ᠳᠡᠯᠭᠡᠭᠦᠷ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ᠎ᠢ ᠴᠢᠩᠭ᠎ᠠ ᠠᠩᠬᠠᠷᠴᠤ᠌᠂ 《ᠠᠷᠠᠳ᠎ᠤᠨ ᠠᠭᠠᠷ᠎ᠤᠨ ᠰᠡᠷᠭᠡᠢᠯᠡᠯᠲᠡ + ᠮᠡᠷᠭᠡᠵᠢᠯ᠎ᠦᠨ ᠰᠡᠷᠭᠡᠢᠯᠡᠯᠲᠡ》᠎ᠶᠢᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠠᠷᠢᠯᠭᠠᠬᠤ ᠬᠡᠷᠡᠭ᠌ᠲᠡᠶ᠃ 《ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌᠂ ᠨᠢᠭᠡ ᠠᠵᠢᠯ᠎ᠤᠨ ᠪᠠᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ᠌᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠬᠤ᠂ ᠲᠤᠱᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠌》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠬᠢᠪᠡᠰᠦ ᠵᠣᠬᠢᠬᠤ ᠠᠵᠢᠯ᠎ᠢᠶᠠᠨ ᠲᠤᠭᠤᠱᠢᠲᠠᠢ ᠬᠢᠵᠦ᠍᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》᠎ᠶᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠬᠡᠷᠡᠭ᠌ᠵᠢᠭᠦᠯᠵᠦ᠍᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠦᠷᠭᠦᠯᠵᠢᠯᠡᠨ ᠴᠢᠩᠭᠠᠯᠠᠵᠤ᠂ 《ᠤᠬ᠍ᠳᠤ ᠠᠭᠤᠴᠢᠯᠠᠬᠤ ᠦᠭᠡᠢ》 ᠣᠪᠣᠷ᠎ᠢᠶᠠᠷ ᠬᠠᠤᠯᠢ ᠲᠣᠭ᠍ᠲᠠᠭᠠᠯ᠎ᠡᠴᠡ ᠵᠥᠷᠢᠴᠡᠭ᠌ᠰᠡᠨ ᠠᠵᠢᠯᠯᠠᠭ᠎ᠠ᠎ᠶ᠋ᠢ ᠱᠢᠢᠳᠪᠦᠷᠢᠯᠡᠵᠦ᠍᠂ ᠠᠶᠤᠯᠭᠦᠢ ᠦᠢᠯᠡᠳᠪᠦᠷᠢᠯᠡᠯ᠎ᠦᠨ ᠬᠣᠷᠢᠭ᠎ᠠ ᠱᠤᠭᠤᠮ ᠤᠯᠠᠭᠠᠨ ᠱᠤᠭᠤᠮ᠎ᠢ ᠪᠠᠲᠤ ᠰᠠᠬᠢᠬᠤ ᠬᠡᠷᠡᠭ᠌ᠲᠡᠢ ᠭᠡᠵᠦ ᠱᠠᠭᠠᠷᠳᠠᠪᠠ᠃
ᠬᠤᠸᠠᠩ ᡁᠢ ᠴᠢᠶᠠᠩ᠂ ᠵᠧᠩ ᠭᠤᠸᠠᠩ ᠵᠤᠤ᠂ ᠶᠤᠤ ᠶᠦᠩ ᠪᠥᠸᠧ᠂ ᠲᠠᠢᠴᠢᠨ᠂ ᠰᠦᠨ ᠵᠢᠶᠦ᠋ᠨ ᠴᠢᠩ ᠬᠤᠷᠠᠯ᠎ᠳᠤ ᠣᠷᠣᠯᠴᠠᠪᠠ᠃ ᠪᠤᠭᠤᠲᠤ ᠬᠣᠲᠠ᠂ ᠠᠯᠠᠱᠠ ᠠᠢᠮᠠᠭ᠂ ᠪᠠᠶᠠᠨᠨᠠᠭᠤᠷ ᠬᠣᠲᠠ᠎ᠶᠢᠨ ᠬᠢᠨ ᠪᠠᠢᠴᠠᠭᠠᠯᠲᠠ ᠬᠢᠪᠠ᠃