ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ ᠤ᠋ᠨ ᠤᠳᠤᠷᠢᠳᠬᠤ ᠪᠠᠭ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2026-01-28

  1 ᠰᠠᠷ᠎ᠠ᠎ᠶ᠋ᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠤᠳᠤᠷᠢᠳᠭᠤ ᠪᠠᠭ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃

  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠠᠢ᠍ᠮᠠᠳᠤᠭᠠᠷ ᠬᠢᠨᠡᠨ ᠵᠢᠯᠣᠭᠣᠳᠭᠤ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠵᠤ ᠵᠢᠭᠠᠨ ᠵᠢᠯᠣᠭᠣᠳᠪᠠ᠃

  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ ᠡᠨᠡ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠤᠷᠠᠯ᠎ᠡᠴᠡ ᠡᠮᠦᠨ᠎ᠡ ᠲᠤᠰᠭᠠᠢᠯᠠᠨ ᠲᠥᠰᠦᠯ ᠲᠣᠭ᠍ᠲᠠᠭᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠡᠯ᠎ᠠ ᠪᠦᠷᠢᠯᠳᠦᠬᠦᠨ ᠱᠠᠭᠠᠷᠳᠠᠯᠭ᠎ᠠ ᠶᠣᠰᠣᠭᠠᠷ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠥᠷᠭᠡᠨ᠎ᠢᠶᠡᠷ ᠰᠠᠨᠠᠯ ᠬᠤᠷᠢᠶᠠᠵᠤ᠂ ᠰᠡᠳᠭᠢᠯ᠎ᠦᠨ ᠦᠭᠡ᠎ᠪᠡᠨ ᠶᠠᠷᠢᠯᠴᠠᠬᠤ᠎ᠶ᠋ᠢ ᠭᠦᠨᠵᠡᠭᠡᠶ ᠥᠷᠨᠢᠭᠦᠯᠵᠦ᠍᠂ ᠬᠠᠷᠭᠤᠭᠤᠯᠤᠭᠰᠠᠨ ᠪᠠᠢᠴᠠᠭᠠᠯᠳᠠ᠎ᠶᠢᠨ ᠮᠠᠲ᠋ᠧᠷᠢᠶᠠᠯ᠎ᠢ ᠨᠠᠷᠢᠨ ᠨᠢᠮᠪᠠᠶ ᠪᠢᠴᠢᠵᠦ᠍᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ᠎ᠳᠤ ᠭᠦᠶ᠋ᠴᠡᠳ ᠪᠡᠯᠡᠳᠭᠡᠯ ᠬᠢᠵᠡᠶ᠃

  ᠬᠤᠷᠠᠯ᠎ᠡᠴᠡ ᠨᠠᠮ᠎ᠤᠨ ᠤᠳᠤᠷᠢᠳᠭᠤ ᠳᠤᠭᠤᠢᠯᠠᠩ᠎ᠤᠨ᠎ᠬᠢᠨ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠭ᠍ᠰᠠᠨ ᠪᠠᠢᠳᠠᠯ᠂ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ ᠪᠣᠯᠤᠨ ᠲᠣᠰ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠰᠠᠨᠠᠯ ᠬᠤᠷᠢᠶᠠᠭ᠍ᠰᠠᠨ ᠪᠠᠢᠳᠠᠯ᠎ᠢ ᠵᠠᠷᠯᠠᠨ ᠮᠡᠳᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠨᠠᠮ᠎ᠤᠨ ᠤᠳᠤᠷᠢᠳᠭᠤ ᠳᠤᠭᠤᠢᠯᠠᠩ᠎ᠤᠨ ᠤᠳᠤᠷᠢᠳᠭᠤ ᠪᠠᠭ᠎ᠢ ᠲᠥᠯᠥᠭᠡᠯᠡᠨ ᠬᠠᠷᠭᠤᠭᠤᠯᠤᠬᠰᠠᠨ ᠪᠠᠢᠴᠠᠭᠠᠯᠲᠠ ᠬᠢᠭ᠌ᠰᠡᠨ ᠪᠥᠭᠡᠳ ᠲᠦᠷᠦᠭᠦᠯᠡᠨ ᠬᠤᠪᠢ ᠬᠥᠮᠦᠨ᠎ᠦ ᠬᠠᠷᠭᠤᠭᠤᠯᠤᠭᠰᠠᠨ ᠪᠠᠢᠴᠠᠭᠠᠯᠲᠠ ᠬᠢᠪᠠ᠃ ᠤᠳᠤᠷᠢᠳᠬᠤ ᠪᠠᠭ᠎ᠤᠨ ᠪᠦᠷᠢᠯᠳᠦᠬᠦᠨ ᠨᠢᠭᠡᠳ ᠨᠢᠭᠡ᠎ᠪᠡᠷ ᠬᠠᠷᠭᠤᠭᠤᠯᠤᠨ ᠪᠠᠢᠴᠠᠭᠠᠵᠤ᠂ ᠱᠢᠭᠦᠮᠵᠢᠯᠡᠯ ᠪᠠ ᠥᠪᠡᠷ᠎ᠦᠨ ᠱᠢᠭᠦᠮᠵᠢᠯᠡᠯ᠎ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠪᠡ᠃

  ᠸᠠᠩ ᠸᠧᠢ ᠵᠦᠩ ᠳ᠋ᠦᠩᠨᠡᠯᠲᠡ᠎ᠶ᠋ᠢᠨ ᠶᠠᠷᠢᠶᠠᠨ᠎ᠳᠠᠭᠠᠨ᠂ ᠲᠤᠰ ᠤᠳᠠᠭ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠤᠭᠠᠳ ᠵᠢᠱ᠌ᠢᠭ᠌ᠰᠡᠨ ᠦᠷ᠎ᠡ ᠪᠦᠲᠦᠮᠵᠢ ᠣᠯᠵᠤ᠂ ᠥᠪᠡᠷ᠎ᠦᠨ ᠱᠢᠭᠦᠮᠵᠢᠯᠡᠯ ᠬᠢᠬᠦ᠌᠎ᠳᠡᠭᠡᠨ ᠵᠣᠷᠢᠭ᠍ᠲᠠᠢ᠎ᠪᠠᠷ ᠳᠤᠲᠠᠭ᠍ᠳᠠᠯ᠎ᠢᠶᠠᠨ ᠢᠯᠡᠴᠢᠯᠡᠵᠦ᠍᠂ ᠬᠠᠷᠢᠯᠴᠠᠨ ᠱᠢᠭᠦᠮᠵᠢᠯᠡᠯ ᠬᠢᠬᠦ᠌᠎ᠳᠡᠭᠡᠨ ᠦᠨᠡᠨᠴᠢ᠎ᠪᠡᠷ ᠬᠠᠨᠳᠤᠵᠤ᠂ ᠦᠨᠡᠨ᠎ᠡᠴᠡ ᠵᠥᠪ᠎ᠢ ᠡᠷᠢᠵᠦ᠍᠂ ᠲᠠᠨᠢᠯᠲᠠ᠎ᠪᠠᠨ ᠭᠦᠨᠵᠡᠭᠡᠢᠷᠡᠭᠦᠯᠬᠦ᠌᠂ ᠪᠦᠯᠬᠦᠮᠳᠡᠯ᠎ᠢᠶᠡᠨ ᠴᠢᠩᠭᠠᠳᠭᠠᠬᠤ᠂ ᠬᠠᠮᠲᠤ᠎ᠪᠠᠷ ᠳᠡᠭᠡᠭ᠌ᠰᠢᠯᠡᠬᠦ᠌ ᠵᠣᠷᠢᠯᠭ᠎ᠠ᠎ᠳᠠᠭᠠᠨ ᠬᠦᠷᠴᠡᠢ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ ᠰᠠᠢᠲᠤᠷ ᠠᠱᠢᠭ᠍ᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠨᠡᠩ ᠶᠡᠬᠡ ᠬᠦᠴᠦ᠍ ᠣᠷᠣᠭᠤᠯᠵᠤ ᠪᠠᠢᠭᠠᠳ ᠪᠠᠢᠩᠭᠤ᠎ᠶ᠋ᠢᠨ ᠬᠣᠷᠢᠶ᠎ᠠ᠎ᠶᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃

  ᠸᠠᠩ ᠸᠧᠢ ᠵᠦᠩ᠂ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠨᠠᠮ᠎ᠤᠨ ᠱᠢᠨ᠎ᠡ᠎ᠡᠬᠦᠳᠤᠯᠳᠠ᠎ᠶᠢᠨ ᠤᠨᠤᠯ᠎ᠢᠶᠠᠷ ᠰᠡᠳᠭᠢᠯ᠎ᠢᠶᠡᠨ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠡᠷᠡᠰ ᠬᠦᠴᠦᠲᠡᠢ ᠲᠤᠭᠤᠱᠢᠯᠠᠭᠤᠯᠵᠤ᠂ ᠨᠠᠮ᠎ᠡᠴᠡ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠠᠵᠢᠯ᠎ᠢ᠋ ᠤᠳᠤᠷᠢᠳᠬᠤ ᠡᠯ᠎ᠡ ᠵᠦᠢᠯ᠎ᠦᠨ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ᠃ ᠭᠤᠤᠯᠳᠠᠯᠭ᠎ᠠ᠎ᠶᠢᠨ ᠲᠤᠭᠤᠷᠢᠨ᠎ᠳᠦ ᠶᠡᠭᠡ ᠲᠠᠯ᠎ᠠ᠎ᠳᠦ ᠦᠢᠯᠡᠴᠢᠯᠡᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠠᠢ ᠨᠢᠬᠳᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠬᠦᠴᠦᠯᠡᠬᠦ᠌ ᠴᠡᠭ᠎ᠢᠶᠡᠨ ᠤᠯᠠᠮ ᠨᠢᠭᠡ ᠠᠯᠬᠤᠮ ᠣᠨᠣᠪᠴᠢᠲᠠᠢ ᠣᠯᠵᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠴᠢᠨᠠᠷ ᠰᠠᠢᠲᠠᠢ ᠬᠠᠤᠯᠢ ᠲᠣᠭ᠍ᠲᠠᠭᠠᠯᠳᠠ᠎ᠪᠠᠷ ᠥᠭᠡᠷᠡᠴᠢᠯᠡᠯᠲᠡ ᠬᠥᠭ᠌ᠵᠢᠯᠲᠡ᠎ᠶ᠋ᠢ ᠬᠠᠮᠠᠭᠠᠯᠠᠵᠤ᠂ ᠥᠨᠳᠥᠷ ᠪᠦᠲᠦᠮᠵᠢᠲᠡᠢ ᠬᠢᠨᠠᠯᠲᠠ᠎ᠪᠠᠷ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠥᠨᠳᠥᠷ ᠲᠦᠪᠱᠢᠨ ᠪᠦᠬᠦᠢ ᠲᠥᠯᠥᠭᠡᠯᠡᠭ᠌ᠴᠢ᠎ᠶ᠋ᠢᠨ ᠠᠵᠢᠯ᠎ᠢᠶᠠᠷ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠵᠦ᠍᠂ ᠴᠢᠷᠮᠠᠢᠨ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠬᠢᠬᠦ᠌ ᠶᠣᠰᠣᠲᠠᠢ᠎ᠶ᠋ᠢ ᠨᠢ ᠡᠷᠬᠡᠪᠰᠢ ᠬᠢᠵᠦ᠍᠂ ᠬᠢᠵᠦ᠍ ᠳᠡᠢᠯᠬᠦ᠌᠎ᠶ᠋ᠢ ᠨᠢ ᠴᠢᠷᠮᠠᠢᠨ ᠬᠢᠵᠦ᠍᠂ ᠬᠢᠬᠦ᠌ ᠪᠤᠯᠬᠤ ᠦᠭᠡᠢ᠎ᠶ᠋ᠢ ᠨᠢ ᠦᠯᠦ᠍ ᠬᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠸᠠᠩ ᠯᠢ ᠱᠢᠶᠠ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠪᠡᠶ᠎ᠡ᠎ᠪᠡᠨ ᠴᠢᠩᠭ᠎ᠠ ᠱᠠᠭᠠᠷᠳᠠᠵᠤ᠂ ᠤᠳᠤᠷᠢᠳᠭᠤ ᠪᠠᠭ᠎ᠢ ᠴᠢᠩᠭ᠎ᠠ ᠠᠳᠭᠤᠵᠤ᠂ ᠡᠩᠨᠡᠭᠡ᠎ᠪᠡᠨ ᠳᠠᠭᠠᠭᠤᠯᠵᠤ᠂ ᠰᠠᠬᠢᠯᠭ᠎ᠠ ᠪᠠᠲᠤ᠎ᠶ᠋ᠢ ᠲᠥᠪ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠢᠷᠡᠯᠲᠡ᠄    