ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠵᠢᠷᠭᠤᠳᠤᠭᠠᠷ ᠪᠦᠬᠦᠳᠡ ᠬᠤᠷᠠᠯ 1 ᠰᠠᠷ᠎ᠠ᠎ᠶ᠋ᠢᠨ 27᠎ᠤ ᠡᠳᠦᠷ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ᠎ᠶᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ ᠪᠣᠯᠤᠨ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠤᠳᠠᠭ᠎ᠠ᠎ᠶ᠋ᠢᠨ ᠪᠦᠬᠦᠳᠠ ᠬᠤᠷᠠᠯ᠎ᠤᠨ ᠲᠤᠬᠢᠷᠠᠭᠤᠯᠤᠯᠳᠠ ᠶᠣᠰᠣᠭᠠᠷ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠵᠢᠷᠭᠤᠳᠤᠭᠠᠷ ᠪᠦᠬᠦᠳᠡ ᠬᠤᠷᠠᠯ 1 ᠰᠠᠷ᠎ᠠ᠎ᠶ᠋ᠢᠨ 27᠎ᠤ ᠡᠳᠦᠷ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠢ ᠵᠦᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠪᠠ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠶᠢᠨ ᠱᠦᠵᠢ ᠱ᠌ᠢ ᠭᠤᠸᠠᠩ ᠬᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠤᠳᠤᠷᠢᠳᠭᠤ ᠨᠥᠬᠥᠳ ᠪᠣᠯᠤᠨ ᠱᠢᠭᠦᠬᠦ᠌ ᠬᠣᠷᠢᠶᠠᠨ᠎ᠤ ᠳᠠᠷᠤᠭ᠎ᠠ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠪᠠ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠭᠡᠱᠢᠭᠦᠨ ᠲᠣᠮᠢᠯᠠᠨ ᠬᠤᠷᠠᠯ᠎ᠳᠤ ᠣᠷᠣᠯᠴᠠᠭᠤᠯᠵᠤ ᠵᠢᠭᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠬᠤᠷᠠᠯ᠎ᠢ ᠡᠷᠭᠢᠯᠡᠪᠡ᠃
ᠸᠠᠩ ᠸᠧᠢ ᠵᠦᠩ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ᠎ᠳᠤ ᠴᠢᠭ᠌ᠯᠡᠭᠦᠯᠦᠨ 《ᠭᠤᠷᠪᠠᠨ ᠨᠡᠩ》᠎ᠦᠨ ᠴᠢᠬᠤᠯᠠ ᠱᠠᠭᠠᠷᠳᠠᠯᠭ᠎ᠠ ᠳᠤᠷᠠᠳᠴᠤ᠌᠂ ᠪᠢᠳᠡᠨ᠎ᠦ ᠠᠵᠢᠯ᠎ᠢᠶᠠᠨ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠵᠠᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠲᠤᠢᠯ᠎ᠤᠨ ᠴᠢᠬᠤᠯᠠ ᠴᠢᠨᠠᠷ᠂ ᠪᠣᠳᠠᠲᠤ ᠲᠤᠯᠭᠠᠮᠴᠢᠨᠠᠷᠢ ᠭᠦᠨᠵᠡᠭᠡᠢ ᠲᠠᠨᠢᠵᠤ᠂ 《ᠶᠢᠰᠦ᠎ᠶ᠋ᠢ ᠵᠢᠷᠤᠮᠯᠠᠬᠤ》 ᠦᠢᠯᠡᠳᠦᠯᠭᠡ᠎ᠶ᠋ᠢᠨ ᠱᠠᠭᠠᠷᠳᠠᠯᠭ᠎ᠠ᠂ 《ᠲᠠᠪᠤ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠬᠤ》 ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠡᠷᠡᠰ ᠭᠤᠢᠪᠢᠰᠢ ᠦᠭᠡᠢ᠎ᠪᠡᠷ ᠭᠦᠨᠵᠡᠭᠡᠢᠷᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠥᠩᠭᠡᠷᠡᠭ᠌ᠰᠡᠨ ᠨᠢᠭᠡ ᠵᠢᠯ᠎ᠳᠦ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶ᠋ᠢ ᠬᠦᠴᠦᠯᠡᠨ ᠴᠢᠩᠭᠠᠳᠭᠠᠵᠤ᠂ 《ᠬᠣᠶᠠᠷ᠎ᠢ ᠬᠠᠮᠠᠭᠠᠯᠠᠬᠤ》᠎ᠳᠤ ᠠᠩᠬᠠᠷᠤᠯ᠎ᠢᠶᠠᠨ ᠲᠥᠪᠯᠡᠷᠡᠭᠦᠯᠦᠨ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠲᠥᠪ᠎ᠦᠨ ᠲᠣᠭᠣᠷᠢᠨ ᠪᠠᠢᠴᠠᠭᠠᠯᠲᠠ ᠪᠠ ᠬᠣᠯᠪᠣᠭ᠍ᠳᠠᠯ ᠪᠦᠬᠦᠢ ᠬᠢᠨᠠᠨ ᠪᠠᠢᠴᠠᠭᠠᠯᠲᠠ᠎ᠶ᠋ᠢ ᠨᠠᠷᠢᠨ ᠬᠢᠨᠠᠮᠠᠭᠠᠢ ᠬᠦᠯᠢᠶᠡᠬᠦ᠌᠎ᠶ᠋ᠢᠨ ᠬᠠᠮᠲᠤ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠢᠳᠡᠪᠬᠢᠲᠡᠢ ᠠᠬᠢᠭᠤᠯᠵᠤ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠦᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠦᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠪᠠ᠃ ᠪᠥᠬᠥ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠱᠢᠰᠲ᠋ᠧᠮ ᠶᠡᠬᠡ ᠬᠡᠮᠵᠢᠶᠡᠨ᠎ᠦ ᠲᠣᠪᠣᠢᠮ᠎ᠠ ᠦᠷ᠎ᠡ ᠪᠦᠲᠦᠮᠵᠢᠲᠡᠶ ᠠᠵᠢᠯ ᠬᠢᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠢᠷᠤᠮᠵᠢᠯᠲᠡ ᠬᠠᠤᠯᠢ᠎ᠪᠡᠷ ᠵᠠᠰᠠᠬᠤ ᠵᠢᠩᠬᠢᠨᠢᠴᠢᠯᠡᠯᠳᠡᠶᠢᠨ ᠲᠦᠪᠱᠢᠨ ᠢᠯᠡᠳᠲᠡ ᠳᠡᠭᠡᠭ᠌ᠰᠢᠯᠡᠵᠠᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠎ᠶᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠡᠩ ᠡᠷᠡᠰ ᠪᠠᠲᠤ ᠬᠦᠴᠦᠲᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠬᠦ᠌ ᠬᠡᠷᠡᠭ᠌ᠲᠡᠢ᠃ ᠰᠤᠷᠤᠯᠴᠠᠯᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠨᠠᠮ᠎ᠤᠨ ᠱᠢᠨᠡᠡᠭᠦᠳᠦᠯᠲᠡᠶᠢᠨ ᠤᠨᠤᠯ᠎ᠢ ᠱᠢᠮᠳᠡᠨ ᠰᠤᠳᠤᠯᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠲᠤᠷ ᠰᠤᠷᠤᠯᠴᠠᠨ ᠬᠡᠷᠡᠭ᠌ᠯᠡᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠰᠠᠬᠢᠯᠭ᠎ᠠ ᠪᠠᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠤᠨᠳᠤᠤ ᠪᠤᠳᠤᠯ ᠡᠪᠦᠷᠯᠡᠵᠦ᠂ ᠬᠡᠯᠡᠵᠦ ᠬᠢᠬᠦ ᠨᠢ ᠨᠢᠭᠡᠳᠦᠯ ᠦᠭᠡᠢ 《ᠬᠣᠶᠠᠷ ᠨᠢᠭᠤᠷᠳᠠᠨ》᠎ᠢ ᠡᠷᠡᠰ ᠠᠷᠢᠯᠭᠠᠬᠤ ᠭᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠤᠯᠤᠰ ᠲᠥᠷᠥ᠎ᠶ᠋ᠢᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠭᠡᠷᠡᠭᠲᠡᠢ᠃ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ ᠪᠣᠳᠠᠲᠠᠶ ᠦᠷ᠎ᠡ ᠪᠦᠲᠦᠮᠵᠢ᠎ᠨᠢ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ᠎ᠶ᠋ᠢᠨ ᠵᠣᠷᠢᠯᠲᠠ᠂ ᠲᠥᠷᠥ᠎ᠶ᠋ᠢᠨ ᠪᠣᠳᠣᠯᠭ᠎ᠠ᠎ᠶ᠋ᠢᠨ ᠵᠣᠷᠢᠯᠲᠠᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠵᠤ᠂ ᠲᠦᠷᠢᠮ᠎ᠳᠦ ᠲᠦᠱᠢᠭ᠌ᠯᠡᠨ ᠡᠷᠬᠡ᠎ᠶ᠋ᠢ ᠬᠠᠮᠢᠶᠠᠷᠬᠤ᠂ ᠤᠴᠢᠷ ᠶᠠᠪᠤᠳᠠᠯ᠎ᠢ ᠬᠠᠮᠢᠶᠠᠷᠬᠤ᠂ ᠬᠥᠮᠦᠨ᠎ᠢ ᠬᠠᠮᠢᠶᠠᠷᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠢ᠃ ᠡᠷᠬᠡ ᠣᠯᠭᠣᠬᠤ ᠡᠷᠬᠡ᠎ᠶᠢ ᠬᠡᠷᠡᠭ᠌ᠯᠡᠬᠦ᠌ ᠡᠷᠬᠡ᠎ᠶᠢ ᠬᠢᠵᠠᠭᠠᠷᠯᠠᠬᠤ ᠳᠦᠷᠢᠮ᠎ᠢ ᠨᠢᠭᠡᠳᠦᠯᠲᠡᠢ ᠪᠠᠢᠯᠭᠠᠬᠤ᠂ ᠲᠣᠳᠣᠷᠬᠠᠢ ᠪᠥᠭᠡᠳ ᠢᠯᠡ ᠮᠥᠷᠳᠡᠵᠦ᠍ ᠪᠣᠯᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ 《ᠬᠠᠷᠢᠮᠠᠬᠠᠢ ᠣᠷᠣᠨ ᠵᠠᠢ》 ᠪᠠ 《ᠴᠢᠯᠦᠬᠡᠳᠡᠢ ᠲᠤᠭᠳᠠᠭᠠᠬᠤ》 ᠳ᠋ᠠᠬᠢ ᠳᠤᠷ᠎ᠠ ᠵᠣᠷᠢᠭ᠎ᠢᠶᠠᠷ᠎ᠢᠶᠠᠨ ᠡᠷᠬᠡ᠎ᠪᠡᠨ ᠬᠡᠷᠡᠭ᠌ᠯᠡᠬᠦ᠌᠎ᠶ᠋ᠢ ᠬᠣᠷᠢᠭ᠍ᠯᠠᠬᠤ ᠬᠡᠷᠡᠭᠳᠡᠢ᠃ ᠲᠦᠷᠢᠮ᠎ᠤᠨ ᠬᠡᠷᠡᠭᠵᠢᠭᠦᠯᠦᠯᠲᠡ᠎ᠶᠢᠨ ᠬᠠᠳᠠᠨ ᠴᠢᠨᠠᠷ᠎ᠢ ᠴᠢᠩᠭᠠᠳᠭᠠᠵᠤ᠂ ᠲᠦᠷᠢᠮ ᠲᠣᠭ᠍ᠲᠠᠭᠠᠯ᠎ᠢ ᠦᠨᠡᠨ ᠬᠦ᠌ ᠴᠠᠬᠢᠯᠭᠠᠨ᠎ᠲᠠᠶ ᠥᠨᠳᠥᠷ ᠬᠦᠴᠦᠳᠡᠯᠲᠦ ᠤᠲᠠᠰᠤ ᠪᠣᠯᠭᠠᠬᠤ᠎ᠶ᠋ᠢ ᠪᠠᠲᠤᠯᠠᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠪᠡᠬᠢᠵᠢᠭᠦᠯᠦᠨ ᠥᠷᠭᠡᠳᠭᠡᠵᠦ᠍᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠳᠦᠮᠵᠢᠳᠠᠢ ᠪᠣᠯᠭᠠᠬᠤ᠎ᠶ᠋ᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠨᠡᠩ ᠰᠡᠷᠭᠡᠭ ᠡᠷᠡᠰ ᠪᠠᠲᠤ ᠠᠬᠢᠭᠤᠯᠵᠤ᠂ ᠶᠡᠬᠡ ᠬᠦᠴᠦ᠍ ᠣᠷᠣᠭᠤᠯᠵᠤ ᠪᠠᠢᠭᠠᠳ ᠦᠯᠡᠳᠡᠭᠳᠡᠯ᠎ᠢ ᠪᠠᠭᠠᠰᠭᠠᠨ ᠨᠡᠮᠡᠭ᠌ᠳᠡᠯ᠎ᠢ ᠬᠣᠷᠢᠭ᠍ᠯᠠᠵᠤ᠂ ᠦᠨᠳᠦᠰᠦ᠎ᠶᠢ ᠲᠡᠭᠰᠢᠯᠡᠨ ᠡᠬᠢ ᠰᠤᠷᠪᠤᠯᠵᠢ᠎ᠶᠢ ᠠᠷᠢᠭᠤᠳᠬᠠᠬᠤ ᠬᠡᠷᠡᠭ᠌ᠲᠡᠢ᠃ ᠰᠦᠷ ᠬᠦᠴᠦᠳᠦ ᠪᠠᠢᠳᠠᠯ᠎ᠢ ᠭᠤᠢᠪᠢᠰᠢ ᠦᠭᠡᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠬᠡᠭᠡᠯᠢ ᠢᠳᠡᠵᠦ᠍ ᠬᠠᠬᠤᠤᠯᠢ ᠲᠦᠯᠬᠢᠬᠦ᠌᠎ᠶ᠋ᠢ ᠵᠡᠷᠭᠡ᠎ᠪᠡᠷ ᠪᠠᠢᠴᠠᠭᠠᠬᠤ᠎ᠶ᠋ᠢ ᠭᠦᠨᠵᠡᠭᠡᠢᠷᠡᠭᠦᠯᠵᠦ᠍᠂ ᠸᠠᠩ ᠯᠢ ᠱᠢᠶᠠ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠬᠡᠷᠡᠭ᠎ᠵᠢᠡᠷ ᠴᠡᠭ᠌ᠴᠡᠯᠡᠨ ᠰᠠᠢᠵᠢᠷᠠᠭᠤᠯᠤᠯᠲᠠ᠎ᠶ᠋ᠢ ᠠᠬᠢᠭᠤᠯᠬᠤ᠎ᠶ᠋ᠢ ᠰᠠᠢᠲᠤᠷ ᠠᠳᠭᠤᠵᠤ᠂ ᠢᠯᠵᠢᠷᠠᠭ᠌ᠰᠡᠳ ᠪᠠᠢᠪᠠᠯ ᠯᠠᠪᠳᠠᠢ ᠡᠰᠡᠷᠭᠦᠴᠡᠬᠦ᠌᠂ ᠱᠠᠮᠱᠢᠭᠰᠠᠳ ᠪᠠᠢᠪᠠᠯ ᠯᠠᠪᠳᠠᠢ ᠠᠷᠢᠯᠭᠠᠬᠤ᠂ ᠬᠠᠷᠭᠢᠰ ᠬᠦᠴᠦᠨ᠎ᠢ ᠬᠣᠭ ᠦᠭᠡᠢ ᠠᠷᠢᠯᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠢᠯᠵᠢᠷᠠᠯ᠎ᠢ ᠡᠰᠡᠷᠭᠦᠴᠡᠬᠦ᠌᠎ᠶ᠋ᠢᠨ ᠨᠡᠪᠲᠡᠯᠬᠦ᠌ ᠬᠦᠴᠦᠨ᠎ᠢ ᠳᠡᠭᠡᠭ᠌ᠰᠢᠯᠡᠭᠦᠯᠵᠦ᠍᠂ ᠰᠤᠷᠲᠠᠯ ᠪᠠ ᠢᠯᠵᠢᠷᠠᠯ᠎ᠤᠨ ᠬᠡᠷᠡᠭ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ ᠠᠵᠢᠯ᠎ᠢ ᠭᠦᠨᠵᠡᠭᠡᠢᠷᠡᠭᠦᠯᠦᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠤᠯᠭᠤᠬᠤ᠎ᠶ᠋ᠢ ᠴᠢᠩᠭᠠᠳᠬᠠᠵᠤ᠂ ᠢᠯᠵᠢᠷᠠᠯ᠎ᠢ ᠵᠠᠰᠠᠬᠤ ᠶᠡᠷᠦᠩᠬᠡᠢᠯᠡᠭ᠌ᠰᠡᠨ ᠦᠢᠯᠡᠳᠦᠯ ᠴᠢᠳᠠᠪᠤᠷᠢ᠎ᠶ᠋ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠳᠡᠢ᠃ ᠢᠯᠵᠢᠷᠠᠬᠦ᠎ᠠᠴᠠ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠲᠠᠯ᠎ᠠ᠎ᠪᠠᠷ ᠨᠡᠩ ᠶᠡᠬᠡ ᠬᠦᠴᠦ᠍ ᠣᠷᠣᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠷᠭᠦᠯᠵᠢᠯᠡᠨ ᠴᠡᠪᠡᠷᠱᠢᠭᠦᠯᠬᠦ᠌ ᠬᠡᠷᠡᠭ᠌ᠲᠡᠢ᠃ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ ᠬᠡᠷᠡᠭ᠌ᠵᠢᠭᠦᠯᠬᠦ᠌᠎ᠲᠡᠶ ᠤᠶᠠᠯᠳᠤᠭᠤᠯᠤᠨ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠨᠠᠩ ᠣᠯᠠᠨ ᠨᠢᠳᠤᠨ᠎ᠳᠦ ᠦᠵᠡᠭᠳᠡᠵᠦ ᠭᠠᠷ᠎ᠲᠤ ᠪᠠᠷᠢᠭᠳᠠᠬᠤ ᠦᠷ᠎ᠡ ᠪᠦᠲᠦᠭᠡᠯ᠎ᠢᠶᠠᠷ ᠣᠯᠠᠨ ᠲᠦᠮᠡᠨ᠎ᠦ ᠢᠲᠡᠭᠡᠯ᠎ᠢ ᠣᠯᠬᠤ ᠬᠡᠷᠡᠭᠳᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠠᠵᠢᠯᠯᠠᠭ᠎ᠠ᠎ᠲᠠᠶ ᠡᠷᠡᠰ ᠲᠡᠮᠡᠴᠡᠬᠦ᠌ ᠬᠡᠷᠡᠭ᠌ᠲᠡᠢ᠃ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭ᠌ᠵᠢᠭᠦᠯᠬᠦ᠌ ᠬᠠᠤᠯᠢ ᠬᠡᠷᠡᠭ᠌ᠵᠢᠭᠦᠯᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ ᠪᠥᠭᠡᠳ ᠴᠢᠳᠠᠮᠠᠭᠠᠢ ᠲᠡᠮᠡᠴᠡᠬᠦ᠌ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠯᠢᠦ ᠱᠤᠸᠠᠩ ᠬᠤᠷᠠᠯ᠎ᠢ ᠡᠷᠬᠢᠯᠡᠬᠦ᠌᠎ᠳᠡᠭᠡᠨ᠂ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠪᠣᠯᠤᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠷᠢᠯᠠᠭᠤᠯᠤᠯᠲᠠ ᠪᠣᠯᠤᠨ ᠸᠠᠩ ᠸᠧᠢ ᠵᠦᠩ ᠨᠥᠬᠥᠷ᠎ᠦᠨ ᠶᠠᠷᠢᠶᠠᠨ᠎ᠤ ᠱᠠᠭᠠᠷᠳᠠᠯᠭ᠎ᠠ ᠶᠣᠰᠣᠭᠠᠷ᠂ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠡᠷᠡᠰ ᠭᠤᠢᠪᠢᠰᠢ ᠦᠭᠡᠢ᠎ᠪᠡᠷ ᠭᠦᠨᠵᠡᠭᠡᠢᠷᠡᠭᠦᠯᠦᠨ ᠠᠬᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭ᠍ᠰᠠᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ 《ᠲᠡᠯᠭᠡᠴᠡ᠎ᠵᠢᠨ ᠠᠷᠤ᠎ᠳᠡᠬᠢ ᠰᠡᠷᠡᠮᠵᠢᠯᠡᠭᠦᠯᠦᠯ (ᠬᠣᠶᠠᠷ)》᠎ᠢ ᠬᠠᠮᠳᠤᠪᠡᠷ ᠦᠵᠡᠪᠡ᠃ ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ᠂ ᠡᠯ᠎ᠡ ᠠᠢᠮᠠᠭ ᠬᠤᠳᠠ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠵᠠᠢ᠃