1 ᠳ᠋ᠦ᠍ᠭᠡᠷ ᠰᠠᠷ᠎ᠠ᠎ᠶ᠋ᠢᠨ 27᠎ᠤ ᠡᠳᠦᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠣᠷᠢᠶᠠᠨ᠎ᠤ 《ᠴᠠᠭ᠋ᠠᠨ ᠦᠬᠡᠷ 〈ᠡᠯᠴᠢᠨ ᠰᠠᠢᠳ〉》 ᠭᠡᠬᠦ ᠲᠣᠮᠣ ᠬᠡᠯᠪᠡᠷᠢ᠎ᠶ᠋ᠢᠨ ᠪᠠᠷᠢᠮᠲᠠᠲᠤ ᠺᠢᠨᠣ᠋᠎ᠶᠢ ᠪᠦᠬᠦ᠌ ᠪᠦᠮᠪᠦᠷᠴᠡᠭ᠎ᠦᠨ ᠬᠡᠪᠴᠢᠶᠡᠨ᠎ᠳᠦ ᠨᠡᠪᠲᠡᠷᠡᠭᠦᠯᠵᠦ ᠰᠤᠨᠢᠷᠬᠠᠭᠣᠯᠪᠠ᠃ ᠲᠤᠰ ᠺᠢᠨᠣ᠋᠎ᠶᠢ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠨᠢ ᠰᠢᠯᠢ᠎ᠶ᠋ᠢᠨ ᠭᠤᠣᠯ ᠠᠢᠮᠠᠭ᠎ᠤᠨ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ ᠯᠣᠭᠡ ᠬᠠᠮᠲᠤᠷᠠᠨ ᠦᠢᠯᠡᠳᠴᠦ᠍᠂ ᠥᠪᠥᠷ ᠮᠣᠩᠭᠤᠯ᠎ᠤᠨ ᠣᠳᠣᠨ ᠲᠧᠯᠸᠢᠰ᠎ᠢᠶᠠᠷ ᠠᠩᠬ᠎ᠠ ᠨᠡᠪᠲᠡᠷᠡᠭᠦᠯᠦᠭᠰᠡᠨ᠎ᠦ ᠬᠠᠮᠲᠤ YouTube᠂ TikTok᠂ Facebook ᠵᠡᠷᠭᠡ ᠣᠯᠠᠨ ᠤᠯᠤᠰ᠎ᠤᠨ ᠵᠢᠷᠭᠤᠭᠠᠨ ᠲᠣᠮᠣ ᠲᠠᠪᠴᠠᠩ᠎ᠳᠤ ᠵᠡᠷᠭᠡ᠎ᠳᠦ ᠨᠢ ᠨᠡᠪᠲᠡᠷᠡᠭᠦᠯᠵᠡᠢ᠃
