(2026 ᠣᠨ ᠤ 1 ᠰᠠᠷ᠎ᠠ᠎ᠶ᠋ᠢᠨ 28 ᠤ᠋ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠵᠢᠷᠭᠤᠳᠤᠭᠠᠷ ᠪᠥᠬᠥᠳᠡ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠵᠢᠷᠭᠤᠳᠤᠭᠠᠷ ᠪᠦᠬᠦᠳᠡ ᠬᠤᠷᠠᠯ 2026 ᠣᠨ᠎ᠤ 1 ᠰᠠᠷ᠎ᠠ᠎ᠶ᠋ᠢᠨ 27᠎ᠡᠴᠡ 28᠎ᠦ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠪᠠ᠃ ᠡᠨᠡ ᠤᠳᠠᠭ᠎ᠠ᠎ᠶᠢᠨ ᠪᠦᠭᠦᠳᠡ ᠬᠤᠷᠠᠯ᠎ᠳᠦ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠭᠡᠱᠢᠭᠦᠨ 42 ᠬᠥᠮᠦᠨ ᠣᠷᠣᠯᠴᠠᠵᠤ᠂ 145 ᠬᠥᠮᠦᠨ ᠰᠤᠯᠠ ᠣᠷᠣᠯᠴᠠᠪᠠ᠃
ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭ᠌ᠴᠢ ᠸᠠᠩ ᠸᠧᠶ ᠵᠥᠩ ᠬᠤᠷᠠᠯ᠎ᠳᠦ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠍᠎ᠶᠢᠨ ᠵᠥᠪᠯᠡᠯᠭᠡᠨ ᠦ ᠤᠳᠤᠷᠢᠳᠭᠤ ᠨᠥᠬᠥᠳ ᠵᠢᠴᠢ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠳᠠᠷᠤᠭ᠎ᠠ᠂ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠵᠠᠢ᠃
ᠪᠥᠬᠥᠳᠡ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ ᠡᠷᠭᠢᠯᠡᠪᠡ᠃ ᠪᠥᠬᠥᠳᠡ ᠬᠤᠷᠠᠯ ᠡᠴᠡ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠂ ᠠᠷᠪᠠᠨ ᠨᠢᠭᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 2025 ᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠳ᠋ᠦᠩᠨᠡᠵᠤ᠂ 2026 ᠣᠨ᠎ᠤ ᠡᠭᠦᠷᠭᠡ᠎ᠶᠢ ᠪᠠᠢᠷᠢᠯᠠᠭᠤᠯᠪᠠ᠂ ᠯᠢᠦ ᠱᠤᠸᠠᠩ ᠨᠥᠬᠥᠷ᠎ᠦᠨ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠡᠮᠦᠨ᠎ᠠ ᠡᠴᠡ ᠬᠢᠭ᠌ᠰᠡᠨ 《ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠤ᠂ ᠥᠪᠥᠷ ᠮᠣᠩᠭᠣᠯ᠎ᠤᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ》 ᠭᠡᠬᠦ ᠠᠵᠢᠯ᠎ᠤᠨ ᠮᠡᠳᠡᠭᠦᠯᠦᠯᠲᠡ᠎ᠶᠢ ᠬᠢᠨᠡᠨ ᠵᠦᠪᠯᠡᠨ ᠪᠠᠳᠤᠯᠠᠵᠤ᠂ ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ᠎ᠢ ᠬᠠᠮᠳᠤᠪᠡᠷ ᠦᠵᠡᠪᠡ᠃
ᠪᠦᠬᠦᠳᠡ ᠬᠤᠷᠠᠯ᠎ᠡᠴᠡ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠡᠵᠡᠮᠰᠢᠪᠡ᠃ ᠤᠯᠠᠨ᠎ᠢᠶᠡᠷ᠎ᠢᠶᠡᠨ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠨᠢ ᠥᠩᠭᠡᠷᠡᠭ᠌ᠰᠡᠨ ᠨᠢᠭᠡ ᠵᠢᠯ᠎ᠦᠨ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠣᠯᠤᠭ᠍ᠰᠠᠨ ᠢᠯᠡᠳᠲᠡ ᠦᠷ᠎ᠡ ᠪᠦᠲᠦᠮᠵᠢ᠎ᠶ᠋ᠢ ᠭᠦᠢᠴᠡᠳ ᠨᠤᠲᠠᠯᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠬᠤ᠎ᠳᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ᠎ᠤᠨ ᠡᠩᠨᠡᠭᠡ᠎ᠳᠦ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠯᠢ ᠰᠢ ᠨᠥᠬᠥᠷ᠎ᠦᠨ ᠬᠢᠭ᠌ᠰᠡᠨ ᠠᠵᠢᠯ᠎ᠤᠨ ᠮᠡᠳᠡᠭᠦᠯᠦᠯᠲᠡ᠎ᠨᠢ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠪᠥᠬᠥ᠌ ᠶᠠᠪᠤᠴᠠ᠎ᠳᠤ ᠲᠤᠭᠤᠱᠢᠯᠠᠭᠤᠯᠵᠤ᠂ 2026 ᠣᠨ᠎ᠤ ᠠᠵᠢᠯ᠎ᠤᠨ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨᠦ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠬᠤ᠎ᠳᠤ ᠡᠭᠦᠷᠭᠡ᠎ᠶ᠋ᠢᠨ ᠪᠢᠴᠢᠭ ᠪᠠ ᠪᠠᠷᠢᠯᠭ᠎ᠠ᠎ᠶ᠋ᠢᠨ ᠵᠢᠷᠤᠭ ᠬᠠᠩᠭᠠᠪᠠ᠃ ᠸᠠᠩ ᠸᠧᠢ ᠵᠦᠩ ᠨᠥᠬᠥᠷ᠎ᠦᠨ ᠶᠠᠷᠢᠶ᠎ᠠ ᠨᠢ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠪᠦᠬᠦ᠌ ᠣᠷᠣᠨ᠎ᠤ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ ᠲᠤᠬᠠᠢ ᠲᠤᠬᠢᠷᠠᠭᠤᠯᠤᠯᠳᠠ ᠪᠠᠢᠷᠢᠯᠠᠭᠤᠯᠤᠯᠲᠠ ᠬᠢᠵᠡᠢ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠬᠢᠨ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠤ ᠦᠵᠡᠪᠡ᠃
ᠪᠥᠬᠥᠳᠡ ᠬᠤᠷᠠᠯ᠎ᠡᠴᠡ᠂ 2025 ᠣᠨ᠎ᠳᠦ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠪᠣᠯᠤᠨ ᠪᠦᠬᠦ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶᠢᠨ ᠬᠢᠨ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠵᠢᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠤ᠂ ᠤᠯᠤᠰ ᠲᠥᠷᠥ᠎ᠶ᠋ᠢᠨ ᠬᠢᠨᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠴᠢᠩᠭᠠᠳᠬᠠᠵᠤ᠂ ᠪᠦᠬᠦ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠵᠠᠢ ᠭᠡᠵᠦ ᠵᠢᠭᠠᠵᠦ ᠭᠠᠷᠭᠠᠪᠠ᠃ ᠡᠭᠦᠨ᠎ᠦ ᠬᠠᠮᠲᠤ᠂ ᠪᠦᠬᠦ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ ᠪᠣᠯᠤᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠳᠤ ᠣᠷᠣᠱᠢᠵᠤ ᠪᠠᠢᠭ᠎ᠠ ᠠᠰᠠᠭᠤᠳᠠᠯ᠎ᠢ ᠦᠨᠡᠨ ᠪᠣᠳᠠᠲᠠᠢ ᠵᠠᠳᠠᠯᠵᠤ᠂ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠨᠠᠷᠢᠨ ᠬᠢᠨᠠᠮᠠᠭᠠᠢ ᠱᠢᠢᠳᠪᠦᠷᠢᠯᠡᠬᠦ᠌᠎ᠶ᠋ᠢ ᠱᠠᠭᠠᠷᠳᠠᠵᠠᠢ᠃
ᠪᠦᠬᠦᠳᠡ ᠬᠤᠷᠠᠯ᠎ᠡᠴᠡ᠂ 2026 ᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠬᠦ ᠳ᠋ᠤ᠂ ᠰᠢ᠎ᠵᠢᠨ᠎ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠂ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠰᠡᠨ》᠎ᠤ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠪᠡᠶᠡᠯᠡᠭᠦᠯᠵᠤ᠂ ᠬᠣᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ᠎ᠶᠢᠨ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠠᠬᠢᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠤ᠂ ᠢᠯᠵᠢᠷᠠᠬᠦ ᠡᠴᠡ ᠵᠢᠷᠦᠬᠡᠱᠢᠶᠡᠬᠦ᠂ ᠢᠯᠵᠠᠷᠠᠵᠤ ᠪᠣᠯᠬᠤ ᠦᠭᠡᠢ᠂ ᠢᠯᠵᠢᠷᠡᠬᠦ᠎ᠶᠢ ᠪᠤᠳᠤᠬᠤ ᠦᠭᠡᠢ ᠪᠠᠢᠬᠤ᠎ᠶᠢ ᠨᠢᠭᠡ ᠴᠤᠬᠴᠠᠵᠢᠭᠤᠯᠤᠨ ᠠᠬᠢᠭᠤᠯᠬᠤ ᠲᠠᠯ᠎ᠡ᠎ᠪᠡᠷ ᠬᠦᠴᠤᠯᠠᠨ᠂ ᠢᠯᠵᠢᠷᠠᠯ᠎ᠤᠨ ᠡᠭᠦᠰᠦᠨ ᠳᠡᠯᠭᠡᠷᠡᠬᠦ᠌ ᠬᠥᠷᠥᠰᠥ᠍ ᠱᠢᠷᠣᠶ ᠪᠠ ᠨᠥᠬᠥᠴᠡᠯ᠎ᠢ ᠨᠠᠩ ᠬᠦᠴᠦᠲᠡᠶ ᠪᠥᠭᠡᠳ ᠪᠦᠲᠦᠮᠵᠢᠲᠡᠶ᠎ᠪᠡᠷ ᠠᠷᠢᠯᠭᠠᠵᠤ᠂ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢ᠎ᠪᠡᠷ ᠵᠠᠰᠠᠬᠤ ᠵᠢᠩᠬᠢᠨᠢᠴᠢᠯᠡᠬᠦ ᠪᠠᠢᠭᠤᠯᠤᠯᠲᠠ᠎ᠶ᠋ᠢᠨ ᠣᠨ》᠎ᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠤ᠂ ᠪᠦᠬᠦ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃
ᠨᠢᠭᠡᠳᠦᠭᠡᠷ᠎ᠲᠦ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠴᠢᠬᠤᠯᠠ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠢᠮᠠᠭ᠍ᠲᠠ ᠶᠡᠷᠦᠩᠬᠡᠢ ᠱᠦᠵᠢ ᠰᠢ᠎ᠵᠢᠨ᠎ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠤᠷᠤᠭ᠍ᠰᠢᠯᠠᠬᠤ ᠬᠡᠷᠡᠭ᠌ᠲᠡᠢ᠃ ᠶᠡᠷᠦᠩᠬᠡᠶ ᠱᠦᠵᠢ ᠰᠢ᠎ᠵᠢᠨ᠎ᠫᠢᠩ᠎ᠦᠨ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠠᠬᠢ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ᠳ᠋ᠤ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤᠲᠤᠬᠠᠢ ᠳᠤᠷᠠᠳᠤᠭ᠍ᠰᠠᠨ ᠨᠡᠩ ᠥᠨᠳᠥᠷ ᠱᠠᠭᠠᠷᠳᠠᠯᠭ᠎ᠠ᠂ ᠡᠷᠬᠡ᠎ᠶ᠋ᠢ ᠳᠦᠷᠢᠮ᠎ᠦᠨ ᠱᠢᠩᠭᠡᠯᠢᠭ᠎ᠲᠦ ᠬᠣᠷᠢᠬᠤᠲᠤᠬᠠᠢ ᠳᠤᠷᠠᠳᠤᠭ᠍ᠰᠠᠨ ᠨᠠᠩ ᠥᠨᠳᠥᠷ ᠱᠠᠭᠠᠷᠳᠠᠯᠭ᠎ᠠ᠂ ᠨᠠᠮ᠎ᠤᠨ ᠲᠡᠷᠢᠭᠦᠨ᠎ᠦ ᠴᠢᠨᠠᠷ ᠴᠡᠪᠡᠷ ᠴᠢᠨᠠᠷ᠎ᠢ ᠪᠠᠲᠤᠯᠠᠬᠤᠲᠤᠬᠠᠢ ᠳᠤᠷᠠᠳᠤᠭ᠍ᠰᠠᠨ ᠨᠠᠩ ᠥᠨᠳᠥᠷ ᠱᠠᠭᠠᠷᠳᠠᠯᠭ᠎ᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠵᠣᠷᠢᠭ᠍ᠵᠢᠭᠤᠯᠬᠤᠲᠤᠬᠠᠢ ᠳᠤᠷᠠᠳᠤᠭ᠍ᠰᠠᠨ ᠨᠠᠩ ᠥᠨᠳᠥᠷ ᠱᠠᠭᠠᠷᠳᠠᠯᠭ᠎ᠠ᠎ᠶᠢ ᠬᠦᠨᠵᠡᠭᠡᠢ ᠡᠵᠡᠮᠳᠡᠵᠤ᠂ ᠲᠥᠪ᠎ᠦᠨ ᠲᠣᠭᠣᠷᠢᠨ ᠪᠠᠢᠴᠠᠭᠠᠯᠳᠠ᠎ᠶᠢᠨ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠳᠭᠤᠬᠤ᠎ᠪᠠᠷ ᠭᠠᠷᠳᠠᠴᠠ ᠪᠣᠯᠭᠠᠵᠤ᠂ ᠡᠭᠦᠷᠭᠡᠲᠦ ᠤᠬᠠᠮᠰᠠᠷ ᠪᠠ ᠲᠡᠮᠡᠴᠡᠯ᠎ᠦᠨ ᠵᠣᠷᠢᠭ᠎ᠢᠶᠠᠨ ᠴᠢᠩᠭᠠᠳᠭᠠᠵᠤ᠂ ᠦᠨᠡᠨᠴᠢ ᠱᠢᠳᠤᠷᠭᠤ᠎ᠪᠠᠷ ᠲᠤᠱᠢᠶᠠᠯ᠎ᠢᠶᠠᠨ ᠭᠦᠢᠴᠡᠳᠭᠡᠬᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠢᠳᠠᠯ᠎ᠤᠨ ᠲᠤᠬᠠᠢ ᠣᠨᠣᠪᠴᠢᠲᠠᠢ ᠮᠠᠭᠠᠳᠯᠠᠯᠲᠠ᠂ ᠡᠭᠦᠷᠭᠡ᠎ᠶ᠋ᠢᠨ ᠱᠢᠨᠵᠢᠯᠡᠬᠦ᠌ ᠤᠬᠠᠭᠠᠨᠴᠢ ᠪᠠᠢᠷᠢᠯᠠᠭᠤᠯᠤᠯᠲᠠ᠎ᠯᠤᠭ᠎ᠠ ᠦᠨᠡᠨ ᠬᠦ᠌ ᠨᠢᠭᠡᠳᠭᠡᠬᠦ ᠭᠡᠷᠡᠭᠳᠠᠢ᠃
ᠬᠣᠶᠠᠳᠤᠭᠠᠷ᠎ᠲᠤ᠂ 《ᠬᠣᠶᠠᠷ᠎ᠢ ᠬᠠᠮᠠᠭᠠᠯᠠᠬᠤ》 ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠵᠠᠷᠴᠢᠮ᠎ᠢ ᠪᠠᠲᠤ ᠡᠵᠡᠮᠳᠡᠵᠦ᠍᠂ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠨᠠᠮ᠎ᠤᠨ ᠱᠢᠨᠡᠡᠬᠦᠳᠤᠯᠳᠠᠶᠢᠨ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠬᠤ᠎ᠶ᠋ᠢ ᠠᠬᠢᠭᠤᠯᠵᠤ᠂ ᠪᠦᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷᠴᠤᠳ᠎ᠢ ᠬᠦᠳᠦᠯᠦᠨ ᠵᠢᠯᠣᠭᠣᠳᠴᠤ᠌ ᠪᠠᠢᠭᠠᠳ ᠪᠠᠲᠤ ᠢᠲᠡᠭᠡᠬᠦ᠌᠂ ᠪᠣᠳᠠᠲᠠᠢ᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠂ ᠥᠪᠡᠷ᠎ᠢ᠎ᠪᠡᠨ ᠱᠠᠭᠠᠷᠳᠠᠬᠤ᠎ᠶ᠋ᠢ ᠪᠡᠶᠡᠯᠡᠭᠦᠯᠵᠦ᠍᠂ ᠵᠠᠰᠠᠭ᠎ᠤᠨ ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠵᠤ᠂ ᠪᠣᠳᠠᠲᠠᠢ ᠠᠵᠢᠯᠯᠠᠵᠦ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠤᠯᠤᠰ ᠲᠥᠷᠥ᠎ᠶ᠋ᠢᠨ ᠰᠠᠬᠢᠯᠭ᠎ᠠ ᠪᠠᠲᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶ᠋ᠢ ᠴᠢᠩᠳᠠᠯᠠᠬᠤ ᠭᠡᠷᠡᠭᠳᠠᠢ᠃ ᠨᠠᠮ᠎ᠤᠨ ᠲᠥᠪ ᠬᠣᠷᠢᠶ᠎ᠠ᠎ᠶ᠋ᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠴᠠᠭ ᠲᠤᠬᠠᠶ᠎ᠳᠤᠨᠢ ᠮᠥᠷᠳᠡᠨ ᠬᠢᠨᠠᠯᠲᠠ ᠲᠠᠯᠪᠢᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ 《ᠠᠷᠪᠡᠨ ᠲᠠᠪᠤᠳᠤᠭᠠᠷ ᠲᠠᠪᠤᠨ ᠵᠢᠯ》᠎ᠦᠨ ᠤᠷᠤᠭ᠍ᠰᠢᠲᠠᠶ ᠡᠬᠢᠯᠡᠬᠦ᠎ᠶᠢ ᠪᠠᠲᠤᠯᠠᠬᠤ ᠭᠡᠷᠡᠭᠳᠠᠢ᠃
ᠭᠤᠷᠪᠠᠳᠤᠭᠠᠷ᠎ᠲᠤ᠂ ᠡᠬᠦᠷᠢᠳᠠ ᠵᠤᠬᠰᠤᠰᠢ ᠦᠭᠡᠢ ᠪᠠᠢᠬᠤ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠦᠨᠭ᠌ᠭᠡᠨ ᠲᠠᠯ᠎ᠠ ᠪᠠ ᠦᠨᠳᠦᠰᠦ᠎ᠡᠴᠡ ᠨᠢ ᠵᠠᠰᠠᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ᠃ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠵᠢᠷᠭᠠᠨ ᠴᠡᠩᠭᠡᠬᠦ᠌ ᠦᠵᠡᠯ᠂ ᠱᠠᠯᠢᠨ ᠪᠦᠷᠢᠯᠭᠡᠬᠦ᠌ ᠰᠤᠷᠲᠠᠯ᠎ᠢ ᠦᠷᠭᠦᠯᠵᠢᠯᠡᠨ ᠴᠢᠩᠭ᠎ᠠ ᠬᠣᠷᠢᠭ᠍ᠯᠠᠨ ᠵᠣᠭ᠍ᠰᠣᠭᠠᠵᠤ᠂ ᠲᠣᠭ᠍ᠲᠠᠭᠠᠯ᠎ᠠᠴᠠ ᠵᠥᠷᠢᠴᠡᠨ ᠢᠳᠡᠵᠦ᠍ ᠤᠤᠭᠤᠬᠤ᠂ ᠲᠣᠭ᠍ᠲᠠᠭᠠᠯ᠎ᠡᠴᠡ ᠵᠥᠷᠢᠴᠡᠨ ᠪᠡᠯᠡᠭ ᠰᠡᠯᠲᠡ ᠪᠡᠯᠡᠭ᠎ᠦᠨ ᠵᠣᠭᠣᠰ ᠬᠤᠷᠢᠶᠠᠨ ᠬᠦᠷᠭᠡᠬᠦ᠌᠂ ᠲᠣᠭ᠍ᠲᠠᠭᠠᠯ᠎ᠡᠴᠡ ᠵᠥᠷᠢᠴᠡᠨ ᠬᠤᠷᠢᠮ ᠪᠡᠯᠪᠡᠰᠦᠷᠡᠯ ᠪᠠᠶᠠᠷ ᠨᠠᠢᠷ ᠬᠢᠬᠦ᠌᠎ᠶ᠋ᠢ ᠡᠷᠬᠢᠯᠡᠬᠦ᠌ ᠵᠠᠪᠱᠢᠶᠠᠨ᠎ᠢ ᠳᠠᠯᠢᠮᠳᠠᠭᠤᠯᠤᠨ ᠡᠳ᠋ ᠠᠱᠢᠭ ᠤᠯᠬᠤ ᠵᠡᠷᠭᠡ ᠠᠮᠠᠷᠬᠠᠨ ᠡᠭᠦᠰᠭᠦ ᠤᠯᠠᠨ ᠡᠭᠦᠰᠭᠦ ᠠᠰᠠᠭᠤᠳᠠᠯ᠎ᠢ ᠭᠦᠨᠵᠡᠭᠡᠢ ᠴᠡᠭ᠌ᠴᠡᠯᠡᠨ ᠵᠠᠰᠠᠬᠤ ᠭᠡᠷᠡᠭᠳᠠᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠬᠤᠭᠤᠴᠠᠭ᠎ᠠ ᠰᠣᠯᠢᠬᠤ᠎ᠳᠤ ᠲᠤᠯᠭᠠᠷᠠᠵᠤ ᠪᠠᠢᠭ᠎ᠠ ᠬᠦᠯᠢᠭᠡᠯᠵᠡᠨ ᠬᠠᠷᠠᠵᠤ ᠦᠯᠦ᠍ ᠬᠢᠬᠦ᠌᠂ ᠬᠤᠭᠤᠴᠠᠭ᠎ᠠ ᠰᠣᠯᠢᠭ᠍ᠰᠠᠨᠤ ᠳᠠᠷᠠᠭ᠎ᠠ ᠠᠪᠤᠨ ᠳᠣᠣᠷ᠎ᠠ᠎ᠪᠠᠨ ᠠᠮᠵᠢᠯᠳᠠ ᠤᠯᠬᠤ᠎ᠶ᠋ᠢ ᠬᠥᠭᠡᠭᠡᠴᠡᠯᠳᠦᠨ 《ᠲᠤᠷ᠎ᠠ᠎ᠪᠠᠷ ᠨᠢ ᠲᠡᠨᠭᠰᠡᠯᠭᠡᠬᠦ》᠂ 《ᠵᠠᠰᠠᠭ᠎ᠤᠨ ᠠᠵᠢᠯ᠎ᠤᠨ ᠪᠦᠳᠦᠮᠵᠢ᠎ᠶᠢᠨ ᠢᠨᠵᠧᠨᠧᠷᠢᠩ》 ᠬᠢᠬᠦ ᠵᠡᠷᠭᠡ ᠳᠤᠪᠤᠢ᠌ᠮ᠎ᠠ ᠠᠰᠠᠭᠤᠳᠠᠯ᠎ᠢ ᠡᠷᠡᠰ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠪᠠᠢᠩᠭᠤ᠎ᠶ᠋ᠢᠨ ᠴᠢᠨᠠᠷᠲᠠᠢ ᠰᠤᠷᠤᠯᠴᠠᠯᠭ᠎ᠠ ᠬᠥᠮᠦᠵᠢᠯ᠎ᠢᠶᠡᠷ ᠰᠠᠭᠤᠷᠢ ᠪᠣᠯᠭᠠᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠬᠤ᠎ᠪᠠᠷ ᠵᠠᠩᠭᠢᠯᠠᠭ᠎ᠠ ᠪᠣᠯᠭᠠᠵᠤ᠂ ᠰᠤᠷᠲᠠᠯ ᠢᠯᠵᠢᠷᠡᠯ᠎ᠢ ᠬᠠᠮᠲᠤ᠎ᠪᠠᠷ ᠪᠠᠢᠴᠠᠭᠠᠵᠤ ᠬᠠᠮᠲᠤ᠎ᠪᠠᠷ ᠵᠠᠰᠠᠬᠤ᠎ᠪᠠᠷ ᠭᠠᠷᠳᠠᠴᠠ ᠪᠣᠯᠭᠠᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ 《ᠢᠯᠵᠢᠷᠠᠬᠦ ᠡᠴᠡ ᠵᠢᠷᠦᠭᠡᠰᠢᠬᠦ᠂ ᠢᠯᠵᠢᠷᠡᠵᠦ ᠪᠤᠯᠬᠤ ᠦᠭᠡᠢ᠂ ᠢᠯᠵᠢᠷᠠᠬᠦ᠎ᠶᠢ ᠪᠤᠳᠤᠬᠤ ᠦᠭᠡᠢ》 ᠪᠠᠢᠬᠤ᠎ᠶᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠲᠠᠯᠠᠵᠤ᠂ ᠢᠯᠵᠢᠷᠠᠯ᠎ᠢ ᠵᠠᠰᠠᠬᠤ ᠶᠡᠷᠦᠩᠬᠡᠢᠯᠡᠭ᠌ᠰᠡᠨ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭᠲᠡᠢ᠃ ᠰᠦᠷ ᠬᠦᠴᠦᠲᠦ ᠪᠠᠢᠳᠠᠯ᠎ᠢ ᠪᠠᠲᠤᠯᠠᠵᠤ ᠢᠯᠵᠢᠷᠠᠬᠦ ᠡᠴᠡ ᠵᠢᠷᠦᠬᠡᠱᠢᠶᠡᠬᠦ᠌᠎ᠶ᠋ᠢ ᠴᠢᠨᠭᠭᠠᠳᠬᠠᠵᠤ᠂ ᠢᠯᠵᠢᠷᠠᠯ ᠪᠠᠢᠪᠠᠯ ᠵᠠᠪᠠᠯ ᠡᠰᠡᠷᠭᠦᠴᠡᠬᠦ᠌᠂ ᠱᠠᠮᠱᠢᠯ ᠪᠠᠢᠪᠠᠯ ᠵᠠᠪᠠᠯ ᠠᠷᠢᠯᠭᠠᠬᠤ᠂ ᠬᠠᠷᠭᠢᠰ ᠬᠦᠴᠦᠨ᠎ᠢ ᠵᠠᠪᠠᠯ ᠠᠷᠢᠯᠭᠠᠬᠤ᠎ᠶ᠋ᠢ ᠪᠠᠷᠢᠮᠲᠠᠯᠠᠵᠤ᠂ ᠮᠥᠩᠭᠥᠨ ᠭᠦᠢᠯᠭᠡᠭᠡᠨ᠂ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠂ ᠡᠨᠧᠷᠭᠢ᠂ ᠰᠤᠷᠭᠠᠨ ᠬᠥᠮᠦᠵᠢᠯ᠂ ᠰᠤᠳᠤᠯᠭᠠᠨ᠎ᠤ ᠨᠡᠢᠭᠡᠮᠯᠢᠭ ᠪᠠ ᠨᠡᠢᠭᠡᠮᠯᠢᠭ᠂ ᠨᠡᠭᠡᠭᠡᠯᠲᠡ᠎ᠶᠢᠨ ᠲᠤᠭᠤᠷᠢᠭ ᠪᠤᠯᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠵᠡᠷᠭᠡ ᠭᠣᠣᠯᠳᠠᠯᠭ᠎ᠠ ᠲᠠᠶ ᠬᠦᠷᠢᠶᠡᠨ᠎ᠳᠡᠬᠢ ᠢᠯᠵᠢᠷᠠᠯ᠎ᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢᠷᠡᠭᠦᠯᠵᠦ᠍᠂ ᠵᠠᠰᠠᠭ᠎ᠤᠨ ᠤᠷᠳᠤᠨ ᠪᠠ ᠬᠤᠳᠠᠯᠳᠤᠭᠠᠴᠢᠨ ᠰᠦᠯᠪᠡᠭᠡᠯᠡᠬᠦ᠌᠂ ᠡᠷᠬᠡ ᠨᠢ ᠬᠦᠷᠦᠨᠭ᠌ᠭᠡ᠎ᠳᠦ ᠬᠠᠮᠠᠭᠠᠯᠠᠯᠲᠠ ᠬᠠᠩᠭᠠᠬᠤ᠂ ᠬᠦᠷᠦᠨᠭ᠌ᠭᠡ ᠨᠢ ᠤᠯᠤᠰ ᠲᠦᠷᠦ᠍᠎ᠶ᠋ᠢᠨ ᠬᠦᠷᠢᠶᠡᠨ᠎ᠳᠦ ᠨᠡᠪᠴᠢᠬᠦ᠌ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠵᠢᠱ᠌ᠢᠭ᠌ᠰᠡᠨ ᠠᠱᠢᠭ ᠣᠷᠣᠯᠭ᠎ᠠ᠂ ᠪᠣᠯᠵᠣᠵᠤ ᠪᠤᠰᠤᠳ᠎ᠢ ᠤᠷᠤᠯᠠᠨ ᠡᠳ᠋ ᠬᠦᠷᠦᠨᠭᠭᠡ᠎ᠵᠢ ᠦᠮᠴᠢᠯᠡᠬᠦ᠂ ᠵᠠᠰᠠᠭᠪᠠ ᠬᠤᠳᠠᠯᠳᠤᠭᠠᠴᠢᠨ᠎ᠤ 《ᠡᠷᠭᠢᠯᠳᠦᠭᠡ ᠡᠭᠦᠳᠡ》 ᠵᠡᠷᠭᠡ ᠱᠢᠨ᠎ᠡ ᠬᠡᠯᠪᠡᠷᠢ᠎ᠶ᠋ᠢᠨ ᠢᠯᠵᠢᠷᠠᠯ ᠪᠠ ᠲᠠᠯᠳᠠ ᠢᠯᠵᠢᠷᠠᠯ᠎ᠢ ᠭᠦᠨ ᠮᠠᠯᠲᠠᠵᠤ ᠨᠠᠷᠢᠯᠢᠭ ᠪᠠᠢᠴᠠᠭᠠᠵᠤ᠂ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》᠂ ᠵᠠᠯᠠᠭᠤ ᠺᠠᠳ᠋ᠷ᠎ᠤᠨ ᠢᠯᠵᠢᠷᠡᠯ᠎ᠢ ᠭᠤᠤᠯᠳᠠᠯᠭ᠎ᠠ ᠲᠠᠢ ᠪᠠᠢᠴᠠᠭᠠᠨ ᠰᠢᠢᠳᠪᠦᠷᠢᠯᠡᠬᠦ ᠬᠡᠷᠡᠭᠲᠡᠢ᠃ ᠬᠢᠨᠠᠯᠲᠠ ᠲᠠᠯᠪᠢᠵᠤ ᠬᠢᠵᠠᠭᠠᠷᠯᠠᠬᠤ᠎ᠶ᠋ᠢ ᠴᠢᠩᠭᠠᠳᠭᠠᠬᠤ᠎ᠪᠠᠷ ᠢᠯᠵᠢᠷᠡᠵᠦ᠍ ᠪᠣᠯᠬᠤ ᠥᠬᠡᠶ᠎ᠶ᠋ᠢ ᠴᠢᠩᠭᠠᠯᠠᠵᠤ᠂ 《ᠨᠢᠭᠡᠳᠦᠭᠡᠷ ᠬᠠᠷᠢᠭᠤᠴᠠᠯᠭᠠᠲᠠᠨ》 ᠪᠣᠯᠤᠨ ᠤᠳᠤᠷᠢᠳᠭᠤ ᠪᠠᠭ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠲᠤᠬᠠᠶ ᠰᠠᠨᠠᠯ᠎ᠢ ᠭᠦᠨᠵᠡᠭᠡᠶ ᠨᠠᠢᠳᠠᠪᠤᠷᠢᠵᠢᠭᠤᠯᠵᠤ᠂ ᠡᠷᠬᠡ ᠣᠯᠭᠣᠬᠤ ᠡᠷᠬᠡ᠎ᠵᠢ ᠬᠡᠷᠡᠭ᠌ᠯᠡᠬᠦ᠌ ᠡᠷᠬᠡ᠎ᠵᠢ ᠬᠢᠵᠠᠭᠠᠷᠯᠠᠬᠤ᠎ᠶ᠋ᠢ ᠨᠢᠭᠡᠲᠦᠯᠲᠡᠢ ᠪᠠᠢᠯᠭᠠᠬᠤ᠂ ᠢᠯᠡ ᠲᠣᠳᠣ ᠮᠥᠷᠳᠡᠵᠦ᠍ ᠪᠣᠯᠬᠤ ᠳᠦᠷᠢᠮ ᠲᠣᠭ᠍ᠲᠠᠴᠠ᠎ᠶ᠋ᠢ ᠪᠦᠷᠢᠨᠱᠢᠭᠦᠯᠬᠦ ᠬᠡᠷᠡᠭᠲᠡᠢ᠃ ᠠᠷᠢᠭᠤᠨ ᠴᠢᠬᠡᠴᠢ᠎ᠶ᠋ᠢᠨ ᠬᠥᠮᠦᠵᠢᠯ᠎ᠢ ᠭᠦᠨᠵᠡᠭᠡᠢᠷᠡᠭᠦᠯᠬᠦ᠌᠎ᠪᠡᠷ ᠢᠯᠵᠢᠷᠡᠬᠦ᠌ᠶ᠋ᠢ ᠪᠤᠳᠤᠬᠤ ᠥᠬᠡᠶ ᠪᠠᠢᠬᠤ᠎ᠵᠢ ᠴᠢᠨᠭᠭᠠᠳᠬᠠᠵᠤ᠂ ᠱᠢᠨ᠎ᠡ ᠴᠠᠭ ᠦᠶ᠎ᠡ᠎ᠶ᠋ᠢᠨ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠠᠷᠢᠭᠤᠨ ᠴᠢᠬᠡᠴᠢ᠎ᠶ᠋ᠢᠨ ᠤᠬᠠᠭᠤᠯᠭ᠎ᠠ ᠬᠥᠮᠦᠵᠢᠯ᠎ᠦᠨ ᠬᠠᠨᠳᠤᠯᠭᠠᠲᠦ ᠴᠢᠨᠠᠷ ᠪᠠ ᠪᠦᠲᠦᠮᠵᠢᠲᠦ ᠴᠢᠨᠠᠷ᠎ᠢ ᠳᠡᠭᠡᠭ᠌ᠰᠢᠯᠡᠭᠦᠯᠬᠦ ᠬᠡᠷᠡᠭᠲᠡᠢ᠃ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠪᠡᠷ ᠨᠢᠭᠡ ᠴᠤᠭ᠍ᠴᠠᠵᠢᠭᠤᠯᠤᠨ ᠠᠬᠢᠭᠤᠯᠬᠤ᠎ᠶ᠋ᠢ ᠠᠬᠢᠭᠤᠯᠵᠤ᠂ ᠨᠠᠮ᠎ᠤᠨ ᠬᠣᠷᠢᠶ᠎ᠠ᠎ᠶᠢᠨ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠢᠯᠵᠢᠷᠡᠯ᠎ᠢ ᠡᠰᠡᠷᠭᠦᠴᠡᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠵᠤ᠂ ᠢᠯᠵᠢᠷᠡᠯ᠎ᠢ ᠡᠰᠡᠷᠭᠦᠴᠡᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠵᠠᠰᠠᠯᠲᠠ᠎ᠶ᠋ᠢ ᠠᠬᠢᠭᠤᠯᠬᠤ᠎ᠶ᠋ᠢ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠣᠯᠭᠣᠬᠤ᠎ᠶ᠋ᠢ ᠴᠢᠬᠤᠯᠠᠴᠢᠯᠠᠵᠤ᠂ ᠲᠣᠭᠠᠴᠢᠯᠠᠭ᠍ᠰᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭᠲᠡᠢ᠃
ᠳᠥᠷᠪᠡᠳᠦᠭᠡᠷ᠎ᠲᠦ᠂ ᠠᠷᠠᠳ ᠲᠦᠮᠡᠨ᠎ᠢ ᠳᠡᠭᠡᠳᠦᠯᠡᠬᠦ᠌᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠭᠣᠣᠯ ᠪᠣᠯᠭᠠᠬᠤ ᠦᠨᠳᠦᠰᠦᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ ᠬᠡᠷᠡᠭᠲᠡᠢ᠃ ᠬᠥᠳᠡᠭᠡ ᠲᠣᠰᠭᠣᠨ᠎ᠤ ᠬᠠᠮᠲᠤ᠎ᠶ᠋ᠢᠨ 《ᠪᠠᠯᠠ ᠮᠥᠩᠭᠥ᠌᠂ ᠡᠳ᠋ ᠬᠥᠷᠥᠩᠭᠡ᠂ ᠡᠬᠢ ᠪᠠᠶᠠᠯᠢᠭ》᠎ᠦᠨ ᠬᠠᠮᠢᠶᠠᠷᠤᠯᠲᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠬᠠᠮᠢᠶᠠᠷᠤᠯᠲᠠ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠡᠷᠭᠡ ᠪᠥᠬᠥ᠌ ᠤᠯᠤᠰ᠎ᠤᠨ ᠴᠢᠨᠠᠷᠲᠠᠶ ᠴᠡᠭ᠌ᠴᠡᠯᠡᠨ ᠵᠠᠰᠠᠬᠤ ᠲᠥᠷᠥᠯ ᠵᠦᠶ᠋ᠯ᠎ᠢ ᠭᠦᠨᠵᠡᠭᠡᠢᠷᠡᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠠᠰᠠᠭᠤᠳᠠᠯ᠎ᠢ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠪᠠᠢᠷᠢᠯᠠᠭᠤᠯᠤᠭ᠍ᠰᠠᠨ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠳᠦ ᠮᠥᠷᠳᠡᠨ ᠬᠢᠨᠠᠯᠲᠠ ᠲᠠᠯᠪᠢᠵᠤ᠂ ᠡᠯ᠎ᠡ ᠭᠠᠵᠠᠷ᠎ᠤᠨ᠎ᠬᠢᠨ᠎ᠢ ᠵᠢᠭᠠᠨ ᠵᠢᠯᠣᠭᠣᠳᠴᠤ᠌ ᠪᠠᠢᠭᠠᠳ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠭᠤᠤᠯᠳᠠᠯᠭ᠎ᠠ᠎ᠲᠠᠶ ᠲᠥᠷᠥᠯ ᠵᠦᠶ᠋ᠯ ᠪᠠ ᠠᠷᠠᠳ᠎ᠤᠨ ᠠᠮᠢᠳᠤᠷᠠᠯ᠎ᠳᠤ ᠠᠰᠢᠬᠳᠠᠢ ᠪᠣᠳᠠᠲᠤ ᠶᠠᠪᠤᠳᠠᠯ᠎ᠢ ᠴᠡᠭ᠌ᠴᠡᠯᠡᠨ ᠵᠠᠰᠠᠬᠤ᠎ᠶᠢ ᠰᠠᠢᠲᠤᠷ ᠠᠳᠭᠤᠵᠤ᠂ ᠲᠣᠭ᠍ᠲᠠᠭᠠᠯ᠎ᠡᠴᠡ ᠵᠥᠷᠢᠴᠡᠨ ᠤᠨᠳᠤᠤ ᠭᠠᠵᠠᠷ᠎ᠲᠤ ᠬᠠᠤᠯᠢ ᠬᠡᠷᠡᠭ᠌ᠵᠢᠭᠦᠯᠬᠦ᠌᠂ ᠠᠱᠢᠭ ᠬᠠᠷᠠᠬᠤ ᠴᠢᠨᠠᠷᠲᠠᠶ ᠬᠠᠤᠯᠢ ᠬᠡᠷᠡᠭ᠌ᠵᠢᠭᠦᠯᠦᠯᠲᠡ᠎ᠶ᠋ᠢ ᠭᠦᠨᠵᠡᠭᠡᠶ ᠴᠡᠭ᠌ᠴᠡᠯᠡᠨ ᠵᠠᠰᠠᠬᠤ ᠬᠡᠷᠡᠭᠲᠡᠢ᠃ ᠱᠢᠶᠠᠨ᠎ᠤ ᠱᠠᠲᠤᠨ᠎ᠤ ᠭᠤᠤᠯ ᠲᠡᠢᠯᠠᠯᠳᠤᠭᠠᠨ᠎ᠦ ᠲᠠᠯᠠᠪᠤᠷ᠎ᠢ ᠴᠡᠭ᠌ᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠣᠯᠠᠨ ᠲᠦᠮᠡᠨ᠎ᠦ ᠬᠢᠨᠠᠯᠲᠠ ᠲᠠᠯᠪᠢᠬᠤ ᠦᠶ᠋ᠯᠡᠳᠦᠯ᠎ᠢ ᠪᠠᠳᠠᠷᠠᠭᠤᠯᠤᠨ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠲᠡᠢ᠃
ᠲᠠᠪᠤᠳᠤᠭᠠᠷ᠎ᠲᠤ᠂ ᠲᠣᠭᠣᠷᠢᠨ ᠪᠠᠢᠴᠠᠭᠠᠬᠤ ᠠᠵᠢᠯ᠎ᠤᠨ ᠴᠢᠭ᠌ᠯᠡᠯᠲᠡ᠎ᠶ᠋ᠢ ᠪᠠᠲᠤ ᠡᠵᠡᠮᠳᠡᠵᠦ᠍᠂ ᠲᠣᠭᠣᠷᠢᠨ ᠪᠠᠢᠴᠠᠭᠠᠬᠤ ᠬᠤᠷᠴᠠ ᠰᠡᠯᠡᠮ᠎ᠡ᠎ᠶ᠋ᠢᠨ ᠦᠢᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭᠲᠡᠢ᠃ ᠲᠥᠪ᠎ᠦᠨ ᠲᠣᠭᠣᠷᠢᠨ ᠪᠠᠢᠴᠠᠭᠠᠬᠤ ᠠᠵᠢᠯ᠎ᠤᠨ ᠲᠤᠰᠭᠠᠢ ᠪᠠᠢᠴᠠᠭᠠᠯᠲᠠ᠎ᠶ᠋ᠢᠨ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠭᠤᠵᠤ᠂ ᠠᠷᠪᠠᠳᠤᠭᠠᠷ ᠡᠭᠡᠯᠵᠢ᠎ᠶ᠋ᠢᠨ ᠲᠣᠭᠣᠷᠢᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠦ ᠬᠡᠷᠡᠭ᠌ᠵᠢᠭᠦᠯᠤᠨ᠂ ᠠᠷᠪᠠᠨ ᠨᠢᠭᠡᠳᠦᠭᠡᠷ ᠬᠤᠭᠤᠴᠠᠭᠠᠨ᠎ᠤ ᠨᠠᠮ᠎ᠤᠨ ᠬᠣᠷᠢᠶ᠎ᠠ᠎ᠶᠢᠨ ᠲᠣᠭᠣᠷᠢᠨ ᠪᠠᠢᠴᠠᠭᠠᠯᠲᠠ᠎ᠶ᠋ᠢ ᠨᠡᠢᠳᠡᠮ ᠪᠦᠷᠬᠦᠬᠦᠯᠬᠦ᠌ ᠡᠭᠦᠷᠭᠡ᠎ᠶ᠋ᠢ ᠪᠡᠶᠡᠯᠡᠭᠦᠯᠬᠦ ᠬᠡᠷᠡᠭᠲᠡᠢ᠃ ᠲᠣᠭᠣᠷᠢᠨ ᠦᠵᠡᠵᠦ ᠲᠤᠭᠤᠷᠢᠨ ᠪᠠᠢᠴᠠᠭᠠᠬᠤ᠎ᠶᠢᠨ ᠳᠡᠭᠡᠷ᠎ᠠ ᠲᠤᠤᠷ᠎ᠠ ᠱᠠᠳᠤᠪᠡᠷᠢᠶᠡᠨ ᠬᠤᠯᠪᠤᠭᠠᠯᠠᠨ ᠬᠥᠳᠡᠯᠦᠯᠴᠡᠬᠦ᠌᠎ᠶ᠋ᠢ ᠭᠦᠨᠵᠡᠭᠡᠢᠷᠡᠭᠦᠯᠵᠦ᠍᠂ ᠲᠣᠭᠣᠷᠢᠨ ᠪᠠᠢᠴᠠᠭᠠᠬᠤ ᠠᠵᠢᠯ᠎ᠢ ᠵᠢᠭᠠᠨ ᠵᠢᠯᠣᠭᠣᠳᠴᠤ᠌ ᠬᠢᠨᠠᠨ ᠵᠢᠯᠣᠭᠣᠳᠭᠤ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ᠃ ᠴᠡᠭ᠌ᠴᠡᠯᠡᠨ ᠰᠠᠢᠵᠢᠷᠠᠭᠤᠯᠤᠭᠰᠠᠨ ᠪᠠᠢᠳᠠᠯ᠎ᠢ ᠦᠨᠡᠯᠡᠬᠦ ᠪᠠ ᠬᠠᠷᠢᠭᠤᠴᠠᠯᠭ᠎ᠠ ᠲᠤᠯᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠬᠦ᠌᠎ᠶ᠋ᠢ ᠠᠬᠢᠭᠤᠯᠬᠤ ᠬᠡᠷᠡᠭᠲᠡᠢ᠃
ᠵᠢᠷᠭᠤᠳᠤᠭᠠᠷ᠎ᠲᠤ᠂ 《ᠳᠦᠷᠪᠡᠨ ᠪᠠᠲᠤ ᠴᠢᠩᠭ᠎ᠠ》᠎ᠶᠢᠨ ᠴᠢᠬᠤᠯᠠ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ ᠪᠥᠭᠡᠳ ᠴᠢᠳᠠᠮᠠᠭᠠᠢ ᠲᠡᠮᠡᠴᠡᠬᠦ᠌ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠲᠡᠮᠦᠷ ᠴᠡᠷᠢᠭ᠎ᠢ ᠴᠤᠭᠴᠠᠯᠠᠬᠤ ᠬᠡᠷᠡᠭᠲᠡᠢ᠃ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ 《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ ᠬᠠᠤᠯᠢ᠎ᠪᠠᠷ ᠵᠠᠰᠠᠬᠤ ᠵᠢᠩᠬᠢᠨᠢᠴᠢᠯᠡᠬᠦ᠌ ᠪᠠᠢᠭᠤᠯᠤᠯᠲᠠ᠎ᠶ᠋ᠢᠨ ᠣᠨ》᠎ᠤ ᠠᠵᠢᠯᠯᠠᠭ᠎ᠠ᠎ᠶ᠋ᠢᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ ᠪᠦᠬᠦ᠌ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠭᠦᠨᠵᠡᠭᠡᠢ ᠠᠬᠢᠭᠤᠯᠬᠤ ᠬᠡᠷᠡᠭᠲᠡᠢ᠃ ᠤᠯᠤᠰ ᠲᠦᠷᠦ᠍᠎ᠶᠢᠨ ᠲᠠᠯ᠎ᠠ᠎ᠪᠠᠷ ᠪᠠᠲᠤ ᠴᠢᠩᠭ᠎ᠠ᠂ ᠴᠢᠳᠠᠪᠤᠷᠢ᠎ᠵᠢᠨ ᠲᠠᠯ᠎ᠠ᠎ᠪᠠᠷ ᠤᠷᠤᠢᠯᠠᠬᠰᠠᠨ᠂ ᠣᠪᠣᠷ ᠰᠤᠷᠲᠠᠯ᠎ᠤᠨ ᠲᠠᠯ᠎ᠠ᠎ᠪᠠᠷ ᠪᠠᠲᠤ ᠴᠢᠩᠭ᠎ᠠ᠂ ᠠᠷᠢᠭᠤᠨ ᠴᠢᠬᠡᠴᠢ᠎ᠶᠢᠨ ᠲᠠᠯ᠎ᠠ᠎ᠪᠡᠷ ᠪᠠᠲᠤ ᠴᠢᠨᠭᠭ᠎ᠠ ᠪᠠᠢᠬᠤ ᠱᠠᠭᠠᠷᠳᠠᠯᠭ᠎ᠠ ᠶᠣᠰᠣᠭᠠᠷ᠂ ᠨᠡᠩ ᠡᠷᠡᠰ ᠪᠠᠲᠤ ᠣᠪᠣᠷ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠂ ᠨᠡᠩ ᠬᠦᠴᠦᠲᠡᠢ ᠠᠵᠢᠯᠯᠠᠭ᠎ᠠ᠎ᠪᠠᠷ ᠪᠠᠲᠤ ᠴᠢᠩᠭ᠎ᠠ ᠲᠡᠮᠦᠷ ᠴᠡᠷᠢᠭ᠎ᠢ ᠬᠦᠴᠦᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃
ᠪᠥᠬᠥᠳᠡ ᠬᠤᠷᠠᠯ᠎ᠡᠴᠡ᠂ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ ᠪᠣᠳᠠᠲᠠᠶ ᠠᠵᠢᠯᠯᠠᠨ ᠪᠠᠳᠤ ᠦᠢᠯᠡᠳᠦᠯᠭᠡᠵᠢᠬᠦᠯᠵᠦ ᠬᠠᠷᠢᠭᠤᠴᠠᠯᠭ᠎ᠠ ᠡᠭᠦᠷᠭᠡᠯᠡᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠶ᠎ᠠ! ᠭᠡᠵᠦ᠍ ᠤᠷᠢᠶᠠᠯᠠᠪᠠ᠃