ᠨᠠᠮ᠎ᠤᠨ ᠲᠥᠪ ᠬᠤᠷᠢᠶ᠎ᠠ᠎ᠶᠢᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠲᠤᠬᠢᠷᠠᠭᠤᠯᠤᠯᠳᠠ ᠶᠣᠰᠣᠭᠠᠷ᠂ 1 ᠰᠠᠷ᠎ᠠ᠎ᠶ᠋ᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ 2025 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠲᠤᠰᠭᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠪᠣᠯᠤᠨ ᠶᠡᠷᠦᠩᠬᠡᠶ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠥᠷᠡᠰᠢ ᠦᠭᠡᠢ ᠨᠠᠢᠳᠠᠪᠤᠷᠢᠵᠢᠭᠤᠯᠵᠤ᠂ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠤᠷᠲᠤ ᠬᠤᠭᠤᠴᠠᠭ᠎ᠠ ᠪᠦᠲᠦᠮᠵᠢᠲᠡᠢ ᠪᠣᠯᠭᠠᠬᠤ᠎ᠶ᠋ᠢ ᠠᠬᠢᠭᠤᠯᠵᠤ᠂ ᠲᠥᠪ᠎ᠦᠨ ᠲᠣᠭᠣᠷᠢᠨ ᠪᠠᠢᠴᠠᠭᠠᠯᠳᠠ᠎ᠡᠴᠡ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠠᠬᠢᠭᠤᠯᠵᠤ᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠬᠠᠵᠤ᠂ ᠠᠵᠢᠯ ᠬᠢᠵᠦ᠍ ᠦᠢᠯᠡᠰ ᠪᠦᠲᠦᠭᠡᠬᠦ᠎ᠶᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠦ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠤᠷᠠᠯ᠎ᠢ ᠡᠷᠬᠢᠯᠡᠭ᠌ᠰᠡᠨ ᠪᠥᠭᠡᠳ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠡᠮᠦᠨ᠎ᠡ᠎ᠠᠴᠠ ᠬᠠᠷᠭᠤᠭᠤᠯᠤᠭ᠍ᠰᠠᠨ ᠪᠠᠢᠴᠠᠭᠠᠯᠲᠠ ᠬᠢᠵᠦ᠍᠂ ᠤᠳᠤᠷᠢᠳᠬᠤ ᠪᠠᠭ᠎ᠤᠨ ᠪᠦᠷᠢᠯᠳᠦᠬᠦᠨ ᠨᠢᠭᠡᠳ ᠨᠢᠭᠡ᠎ᠪᠠᠷ ᠬᠤᠪᠢ ᠬᠥᠮᠦᠨ᠎ᠤ ᠬᠠᠷᠭᠤᠭᠤᠯᠤᠭ᠍ᠰᠠᠨ ᠪᠠᠢᠴᠠᠭᠠᠯᠲᠠ ᠬᠢᠬᠦ᠌᠎ᠶᠢᠨ ᠬᠠᠮᠲᠤ ᠬᠠᠷᠢᠯᠴᠠᠨ ᠱᠢᠭᠦᠮᠵᠢᠯᠡᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠦ ᠨᠠᠮ᠎ᠤᠨ ᠬᠤᠷᠢᠶ᠎ᠠ᠎ᠶᠢᠨ ᠭᠤᠷᠪᠠᠳᠤᠭᠠᠷ ᠬᠢᠨᠠᠨ ᠪᠠᠢᠴᠠᠭᠠᠬᠤ ᠳᠤᠭᠤᠢᠯᠠᠩ᠎ᠤᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠣᠷᠣᠯᠴᠠᠨ ᠵᠢᠭᠠᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠢ᠎ᠠ ᠬᠢᠨᠠᠨ ᠪᠠᠢᠴᠠᠭᠠᠬᠤ ᠵᠥᠪᠯᠡᠯ᠂ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠦᠨ ᠬᠣᠯᠪᠣᠭ᠍ᠳᠠᠯ ᠪᠦᠬᠦᠢ ᠨᠥᠬᠥᠳ ᠬᠤᠷᠠᠯ᠎ᠳᠤ ᠰᠤᠯᠠ ᠣᠷᠣᠯᠴᠠᠵᠠᠢ᠃