ᠲᠡᠷᠢᠭᠦᠨ ᠬᠠᠭᠤᠳᠠᠰᠤ   -   ᠥᠨᠥᠳᠥᠷ᠎ᠦᠨ ᠮᠡᠳᠡᠭᠡ
ᠭᠤᠤᠯᠳᠠᠯᠭ᠎ᠠ᠎ᠵᠢᠨ ᠲᠣᠭᠣᠷᠢᠨ᠎ᠳᠤ ᠰᠠᠢᠨ ᠬᠠᠤᠯᠢ ᠲᠤᠭᠳᠠᠭᠠᠵᠤ ᠶᠡᠬᠡ ᠲᠠᠯ᠎ᠠ᠎ᠳᠤ ᠦᠶ᠋ᠯᠡᠴᠢᠯᠡᠨ ᠱᠢᠨ᠎ᠡ ᠬᠠᠭᠤᠳᠠᠰᠤ᠎ᠶ᠋ᠢ ᠪᠢᠴᠢᠭ᠌ᠯᠡᠯ᠎ᠠ
ᠨᠡᠶ᠋ᠢᠲᠡᠯᠡᠭᠰᠡᠨ ᠴᠠᠭ᠄ 2026-01-29

  — 2025 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ   ᠬᠣᠷᠢᠶ᠎ᠠ ᠵᠢᠨ ᠬᠠᠤᠯᠢ ᠲᠣᠭ᠍ᠲᠠᠭᠠᠬᠤ ᠠᠵᠢᠯ ᠤ᠋ᠨ ᠡᠷᠭᠢᠴᠡᠭᠦᠯᠦᠯ 

  ᠬᠠᠤᠯᠢ ᠬᠡᠮᠡᠭᠴᠢ ᠤᠯᠤᠰ᠎ᠢ ᠵᠠᠰᠠᠬᠤ᠎ᠶ᠋ᠢᠨ ᠡᠬᠢᠯᠡᠯᠲᠡ ᠪᠤᠯᠠᠢ᠃

  2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠶ ᠠᠬᠢᠭᠤᠯᠵᠤ᠂ ᠪᠥᠬᠥ᠌ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ 12 ᠲᠣᠭ᠍ᠲᠠᠭᠠᠵᠤ᠂ 25᠎ᠶ᠋ᠢ ᠵᠠᠰᠠᠪᠤᠷᠢ ᠣᠷᠣᠭᠤᠯᠤᠭ᠍ᠰᠠᠨ ᠪᠤᠶᠤ ᠬᠦᠴᠦᠨ ᠥᠬᠡᠶ ᠪᠣᠯᠭᠠᠪᠠ; ᠲᠣᠭᠣᠷᠢᠭ ᠪᠠᠢᠭᠤᠯᠤᠭᠰᠠᠨ ᠬᠣᠲᠠ᠎ᠶ᠋ᠢᠨ ᠮᠡᠳᠡᠭᠦᠯᠦᠨ ᠵᠥᠪᠱᠢᠶᠡᠷᠡᠭᠦᠯᠬᠦ᠌ ᠬᠠᠤᠯᠢ ᠲᠣᠭ᠍ᠲᠠᠭᠠᠯ᠎ᠢ᠋ 57᠂ ᠥᠪᠡᠷᠲᠡᠭᠡᠨ ᠵᠠᠰᠠᠬᠤ ᠬᠣᠱᠢᠭᠤᠨ᠎ᠤ ᠮᠡᠳᠡᠭᠦᠯᠦᠨ ᠵᠥᠪᠱᠢᠶᠡᠷᠡᠭᠦᠯᠬᠦ᠌ ᠥᠪᠡᠷᠲᠡᠭᠡᠨ ᠵᠠᠰᠠᠬᠤ ᠳᠦᠷᠢᠮ᠎ᠢ᠋ 3᠂ ᠲᠤᠰᠭᠠᠶ ᠳᠦᠷᠢᠮ᠎ᠢ᠋ 2 ᠬᠢᠨᠠᠨ ᠪᠠᠢᠴᠠᠭᠠᠵᠤ ᠵᠥᠪᠱᠢᠶᠡᠷᠡᠪᠡ᠃ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠦᠷᠢᠮ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ᠎ᠦ ᠬᠠᠮᠢᠶᠠᠷᠤᠯᠲᠠ᠎ᠶ᠋ᠢᠨ ᠲᠦᠷᠢᠮ ᠵᠡᠷᠭᠡ ᠨᠢᠭᠡ ᠪᠦᠯᠦᠭ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠢᠯᠡᠷᠡᠭᠦᠯᠦᠭ᠌ᠰᠡᠨ᠂ ᠥᠪᠥᠷ ᠮᠣᠩᠭᠣᠯ᠎ᠤᠨ ᠣᠨᠴᠠᠯᠢᠭ᠎ᠲᠠᠶ᠂ ᠡᠯ᠎ᠡ ᠲᠠᠯ᠎ᠠ᠎ᠶ᠋ᠢᠨ ᠬᠡᠷᠡᠭ᠌ᠴᠡᠭᠡ ᠲᠡᠶ ᠵᠣᠯᠭᠠᠭᠤᠯᠤᠭᠰᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠨᠡᠢᠲᠡᠯᠡᠪᠡ᠃ ᠡᠯᠪᠡᠭ ᠪᠠᠶᠠᠯᠢᠭ ᠦᠷ᠎ᠡ ᠪᠦᠲᠦᠭᠡᠯ ᠣᠯᠤᠭ᠍ᠰᠠᠨ ᠬᠠᠤᠯᠢ ᠲᠣᠭ᠍ᠲᠠᠭᠠᠯᠲᠠ᠎ᠶ᠋ᠢᠨ 《ᠬᠢᠷᠢ ᠪᠦᠲᠦᠮᠵᠢ᠎ᠶ᠋ᠢᠨ ᠬᠠᠭᠤᠳᠠᠰᠤ》 ᠨᠢ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠬᠠᠤᠯᠢ ᠪᠡᠷ ᠵᠠᠰᠠᠬᠤ ᠲᠤᠯᠭᠠᠭᠤᠷᠢᠯᠠᠯ ᠬᠠᠩᠭᠠᠪᠠ᠃

  ᠨᠠᠮ᠎ᠤᠨ ᠭᠤᠤᠯᠳᠠᠯᠭ᠎ᠠ ᠲᠠᠢ ᠠᠵᠢᠯ᠎ᠢ ᠬᠠᠮᠢᠭ᠎ᠠ ᠬᠦᠷᠲᠡᠯ᠎ᠡ ᠠᠬᠢᠭᠤᠯᠪᠠᠯ ᠬᠠᠤᠯᠢ ᠲᠣᠭ᠍ᠲᠠᠭᠠᠬᠤ ᠠᠵᠢᠯ᠎ᠢ ᠲᠡᠨᠳᠡ ᠬᠦᠷᠲᠡᠯ᠎ᠡ ᠬᠢᠬᠦ᠌ ᠬᠡᠷᠡᠭ᠌ᠲᠡᠢ᠃

  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠭᠣᠣᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠬᠦ᠌᠂ ᠶᠡᠬᠡ ᠲᠠᠯ᠎ᠠ᠎ᠳᠤ ᠬᠦᠴᠦᠯᠡᠬᠦ᠌᠎ᠶ᠋ᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠤᠳᠤᠯᠭ᠎ᠠ ᠴᠢᠭ᠌ᠯᠡᠯᠲᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠲᠤᠬᠢᠷᠠᠭᠤᠯᠤᠯᠳᠠ᠎ᠲᠠᠶ ᠨᠢᠭ᠍ᠲᠠ ᠤᠶᠠᠯᠳᠤᠭᠤᠯᠤᠨ ᠬᠠᠤᠯᠢ ᠲᠣᠭ᠍ᠲᠠᠭᠠᠬᠤ ᠠᠵᠢᠯ ᠢ᠋ ᠲᠥᠯᠥᠪᠵᠢᠭᠦᠯᠦᠨ ᠠᠬᠢᠭᠤᠯᠵᠤ᠂ ᠨᠠᠮ᠎ᠤᠨ ᠬᠣᠷᠢᠶ᠎ᠠ ᠤᠳᠤᠷᠢᠳᠤᠭ᠍ᠰᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠭᠣᠣᠯᠯᠠᠨ ᠬᠠᠷᠢᠭᠤᠴᠠᠭᠰᠠᠨ᠂ ᠵᠠᠰᠠᠭ᠎ᠤᠨ ᠣᠷᠳᠣᠨ ᠳ᠋ᠤ ᠲᠦᠱᠢᠭ᠌ᠯᠡᠭ᠌ᠰᠡᠨ᠂ ᠡᠯ᠎ᠡ ᠲᠠᠯ᠎ᠠ᠎ᠶ᠋ᠢᠨ ᠬᠢᠨ ᠣᠷᠣᠯᠴᠠᠭ᠍ᠰᠠᠨ ᠬᠠᠤᠯᠢ ᠲᠣᠭ᠍ᠲᠠᠭᠠᠬᠤ ᠠᠵᠢᠯ᠎ᠤᠨ ᠪᠠᠢᠷᠢᠱᠢᠯ᠎ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌  ᠡᠨᠡ ᠬᠦ᠌ ᠵᠠᠩᠭᠢᠯᠠᠭ᠎ᠠ᠎ᠶ᠋ᠢ ᠠᠳᠭᠤᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠵᠤ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠢ ᠰᠠᠢᠲᠤᠷ ᠬᠢᠪᠡ᠃

  ᠰᠠᠢ᠌ᠨ ᠬᠠᠤᠯᠢ ᠪᠣᠯ ᠴᠢᠳᠠᠮᠠᠭᠠᠢ ᠵᠠᠰᠠᠬᠤ᠎ᠶ᠋ᠢᠨ ᠤᠷᠢᠲᠠᠯ ᠮᠥᠨ᠂ ᠨᠡᠩ ᠴᠤ᠌ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ 《ᠲᠦᠷᠭᠡᠳᠭᠡᠭᠦᠷ》 ᠮᠥᠨ᠃

  ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠪᠣᠯ ᠤᠯᠤᠰ ᠠᠷᠠᠳ᠎ᠤᠨ ᠠᠵᠤ ᠠᠬᠤᠶ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠬᠦᠴᠦᠨ ᠮᠥᠨ᠂ ᠲᠡᠷᠡ᠎ᠨᠢ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠠᠵᠢᠯ ᠣᠯᠭᠣᠯᠲᠠ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ᠂ ᠨᠡᠭᠡᠭᠡᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠬᠡᠷᠬᠢᠨ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠬᠠᠤᠯᠢ ᠪᠡᠷ ᠵᠠᠰᠠᠬᠤ ᠬᠠᠮᠠᠭᠠᠯᠠᠯᠲᠠ ᠵᠢᠨ ᠲᠤᠤᠷ᠎ᠡ ᠡᠷᠡᠬᠦᠯ ᠵᠢᠡᠷ ᠪᠤᠢᠵᠢᠭᠤᠯᠬᠤ ᠪᠣᠶ? 2025 ᠣᠨ᠎ᠤ 11 ᠰᠠᠷ᠎ᠠ᠎ᠶ᠋ᠢᠨ 27᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠨ ᠭᠤᠷᠪᠠᠳᠤᠭᠠᠷ ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ》᠎ᠢ᠋ ᠪᠠᠳᠤᠯᠠᠯᠳᠠ ᠬᠢᠵᠤ ᠪᠠᠲᠤᠯᠠᠪᠠ᠃

  ᠬᠠᠤᠯᠢ ᠲᠣᠭ᠍ᠲᠠᠭᠠᠬᠤ ᠶᠠᠪᠤᠴᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠤ᠋ᠨ ᠶᠡᠬᠡ ᠬᠤᠷᠠᠯ᠎ᠤ᠋ᠨ ᠪᠠᠢᠩᠭᠤ᠎ᠶ᠋ᠢᠨ ᠬᠣᠷᠢᠶ᠎ᠠ ᠪᠥᠬᠥ᠌ ᠶᠠᠪᠤᠴᠠ᠎ᠵᠢᠨ   ᠠᠷᠠᠳ᠎ᠤ᠋ᠨ ᠠᠷᠠᠳᠴᠢᠯᠠᠯ᠎ᠢ ᠬᠥᠭ᠌ᠵᠢᠭᠦᠯᠬᠦ᠌᠎ᠶ᠋ᠢ ᠪᠠᠷᠢᠮᠲᠠᠯᠠᠨ᠂ ᠤᠯᠠᠨ ᠠᠷᠭ᠎ᠠ ᠵᠠᠮ᠂ ᠤᠯᠠᠨ   ᠵᠦᠢᠯ ᠤ᠋ᠨ ᠬᠡᠯᠪᠡᠷᠢ ᠪᠡᠷ ᠳᠠᠮᠵᠢᠭᠤᠯᠤᠨ ᠰᠠᠨᠠᠯ ᠰᠠᠨᠠᠭᠤᠯᠭ᠎ᠠ᠎ᠶ᠋ᠢ ᠴᠤᠭ᠍ᠯᠠᠭᠤᠯᠬᠤ᠎ᠶ᠋ᠢᠨ ᠵᠡᠷᠭᠡ ᠪᠡᠷ ᠡᠯ᠎ᠡ ᠲᠠᠯ᠎ᠠ᠎ᠶ᠋ᠢᠨ ᠬᠢᠨ ᠤ᠋ ᠰᠠᠨᠠᠯ ᠢ᠋ ᠬᠢᠨᠠᠮᠠᠭᠠᠢ ᠰᠤᠳᠤᠯᠵᠤ᠂ ᠭᠦᠢᠴᠡᠳ ᠱᠢᠩᠭᠡᠭᠡᠨ ᠠᠪᠴᠠᠢ᠃ ᠬᠠᠤᠯᠢ ᠲᠣᠭ᠍ᠲᠠᠭᠠᠯ᠎ᠨᠢ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤ᠋ᠨ ᠡᠵᠡᠨᠭᠨᠡᠯᠳᠠ᠎ᠵᠢᠨ ᠠᠵᠤ ᠠᠬᠤᠶ᠎ᠶ᠋ᠢ ᠠᠬᠢᠭᠤᠯᠬᠤ ᠬᠠᠤᠯᠢ》᠎ᠵᠢ ᠲᠤᠭᠤᠰᠢᠯᠠᠭᠤᠯᠤᠨ ᠨᠠᠢᠳᠠᠪᠤᠷᠢᠵᠢᠭᠤᠯᠤᠭ᠍ᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤ᠋ᠨ ᠡᠵᠡᠨᠭᠨᠡᠯᠳᠠ᠎ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠳᠤ ᠪᠠᠴᠢᠮ ᠱᠢᠶ᠋ᠳᠪᠦᠷᠢᠯᠡᠬᠦ᠌ ᠴᠢᠬᠤᠯᠠᠲᠠᠶ᠂ ᠬᠠᠤᠯᠢ ᠲᠣᠭ᠍ᠲᠠᠭᠠᠬᠤ᠎ᠪᠠᠷ ᠳᠠᠮᠵᠢᠭᠤᠯᠤᠨ ᠪᠠᠰᠠ ᠰᠠᠢᠲᠤᠷ ᠱᠢᠶ᠋ᠳᠪᠦᠷᠢᠯᠡᠵᠦ᠍ ᠪᠣᠯᠬᠤ ᠠᠰᠠᠭᠤᠳᠠᠯ᠎ᠤᠨ ᠲᠣᠭᠣᠷᠢᠨ᠎ᠳᠤ᠂ ᠴᠢᠭ᠌ᠯᠡᠭᠦᠯᠤᠯᠳᠤ ᠴᠢᠨᠠᠷᠲᠠᠶ᠎ᠪᠠᠷ ᠵᠢᠷᠤᠭ᠍ᠯᠠᠨ ᠲᠥᠯᠥᠪᠯᠡᠵᠦ᠍ ᠪᠣᠳᠠᠲᠠᠶ ᠵᠢᠷᠤᠮᠵᠢᠭᠤᠯᠤᠨ᠂ ᠠᠷᠠᠳ᠎ᠤ᠋ᠨ ᠡᠵᠡᠨᠭᠨᠡᠯᠳᠠ ᠵᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠪᠠ᠃ ᠡᠭᠦᠨ᠎ᠦ ᠵᠡᠷᠭᠡ ᠪᠡᠷ᠂ ᠠᠩᠬᠠᠨ᠎ᠤ ᠪᠠᠢᠭᠤᠯᠤᠯᠲᠠ᠎ᠵᠢᠨ ᠬᠤᠭᠤᠴᠠᠭ᠎ᠠ᠂ ᠥᠨᠳᠥᠷ ᠪᠣᠢᠵᠢᠯᠲᠠ᠎ᠶ᠋ᠢᠨ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠱᠢᠨ᠎ᠡ ᠮᠡᠷᠭᠡᠵᠢᠯ᠂ ᠱᠢᠨ᠎ᠡ ᠠᠵᠤ ᠦᠶ᠋ᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠬᠡᠪ ᠵᠠᠭ᠍ᠪᠤᠷ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠢ ᠵᠣᠷᠢᠭ᠍ᠵᠢᠭᠤᠯᠵᠤ ᠪᠠᠢᠭᠠᠳ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠳᠤ ᠬᠡᠮᠵᠢᠭᠦᠷᠯᠢᠭ ᠲᠥᠬᠥᠭᠡᠷᠦᠮᠵᠢ᠂ ᠲᠤᠷᠱᠢᠯᠲᠠ᠎ᠶ᠋ᠢᠨ ᠲᠠᠯᠠᠪᠤᠷ ᠭᠠᠵᠠᠷ ᠵᠡᠷᠭᠡ ᠡᠬᠢ ᠪᠠᠶᠠᠯᠢᠭ᠎ᠢ ᠨᠡᠭᠡᠭᠡᠯᠭᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠰᠤᠳᠤᠯᠤᠨ ᠨᠡᠭᠡᠭᠡᠬᠦ᠌ ᠡᠷᠴᠢᠮ᠎ᠢᠶᠡᠨ ᠴᠢᠩᠭᠠᠷᠠᠭᠤᠯᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠥᠪᠥᠷ ᠮᠣᠩᠭᠣᠯ᠎ᠤᠨ ᠣᠨᠴᠠᠯᠢᠭ ᠪᠦᠬᠦᠢ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ᠎ᠳᠤ ᠬᠦᠴᠦᠨ ᠨᠡᠮᠡᠷᠢᠯᠡᠪᠠ᠃

  ᠬᠠᠤᠯᠢ ᠲᠣᠭ᠍ᠲᠠᠭᠠᠬᠤ᠎ᠳᠠᠭᠠᠨ ᠬᠠᠢᠷ᠎ᠠ ᠰᠡᠳᠭᠢᠯᠭᠡ᠎ᠲᠡᠶ ᠪᠠᠢᠵᠤ᠂ ᠠᠷᠠᠳ᠎ᠤᠨ ᠠᠮᠢᠳᠤᠷᠠᠯ ᠢ᠋ ᠬᠠᠯᠠᠮᠵᠢᠯᠠᠬᠰᠠᠭᠠᠷ ᠢᠷᠠᠪᠠ᠃

  ᠬᠦᠯᠤᠰᠤᠨ ᠲᠠᠷᠢᠶᠠᠴᠢᠳ ᠤ᠋ᠨ ᠴᠠᠯᠢᠩ᠎ᠢ ᠥᠷᠢᠲᠦᠵᠦ᠍ ᠪᠠᠢᠭ᠎ᠠ ᠠᠰᠠᠭᠤᠳᠠᠯ ᠪᠣᠯ ᠣᠯᠠᠨ ᠲᠦᠮᠡᠨ᠎ᠦ ᠲᠤᠰ ᠪᠡᠶ᠎ᠡ᠎ᠶ᠋ᠢᠨ ᠠᠱᠢᠭ ᠲᠤᠰᠠ᠎ᠲᠠᠶ ᠬᠣᠯᠪᠣᠭ᠍ᠳᠠᠵᠤ᠂ ᠨᠠᠮ᠎ᠤᠨ ᠲᠥᠪ ᠬᠣᠷᠢᠶ᠎ᠠ᠎ᠡᠴᠡ ᠳᠡᠭᠡᠳᠦ ᠬᠡᠮᠵᠢᠶ᠎ᠡ᠎ᠪᠡᠷ ᠠᠩᠬᠠᠷᠴᠤ᠌ ᠪᠠᠢᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠣᠯᠠᠨᠲᠠ ᠴᠢᠬᠤᠯᠠᠴᠢᠯᠠᠵᠤ ᠱᠢᠶ᠋ᠳᠪᠦᠷᠢᠯᠡᠭ᠌ᠰᠡᠨ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ ᠪᠣᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ》᠎ᠢ᠋ ᠲᠣᠭ᠍ᠲᠠᠭᠠᠭ᠍ᠰᠠᠨ᠎ᠨᠢ ᠶᠠᠭ ᠰᠠᠢᠬᠠᠨ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠴᠠᠯᠢᠩ ᠥᠷᠢᠲᠦᠬᠦ᠌᠎ᠶ᠋ᠢ ᠵᠠᠰᠠᠬᠤ ᠠᠵᠢᠯ᠎ᠤᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠠᠤᠯᠢ ᠶᠣᠰᠣᠭᠠᠷ ᠠᠬᠢᠭᠤᠯᠤᠬᠰᠡᠨ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃

  《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ》 ᠨᠢ ᠪᠥᠬᠥ᠌ ᠤᠯᠤᠰ᠎ᠤᠨ ᠠᠩᠬᠠᠳᠠᠭ᠍ᠴᠢ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠣᠯᠤᠭ᠍ᠰᠠᠨ᠎ᠤ ᠬᠤᠪᠢ᠎ᠳᠤ᠂ ᠨᠡᠯᠢᠶᠡᠳ ᠴᠢᠩᠭ᠎ᠠ ᠪᠦᠲᠦᠭᠡᠯᠴᠢ ᠴᠢᠨᠠᠷᠲᠠᠶ᠂ ᠰᠦᠪᠡᠭ᠌ᠴᠢᠯᠡᠯ᠎ᠦᠨ ᠴᠢᠨᠠᠷᠲᠠᠶ ᠣᠨᠴᠠᠯᠢᠭ᠎ᠲᠠᠶ ᠪᠠᠢᠵᠤ᠂ ᠬᠥᠯᠥᠰᠥᠨ ᠲᠠᠷᠢᠶᠠᠴᠢᠨ᠎ᠤ ᠴᠠᠯᠢᠩ᠎ᠢ ᠥᠷᠢᠲᠦᠵᠦ᠍ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠦᠴᠦᠲᠡᠶ ᠬᠠᠤᠯᠢ ᠴᠠᠭᠠᠵᠠ᠎ᠶ᠋ᠢᠨ ᠵᠡᠪᠰᠡᠭ ᠬᠠᠩᠭᠠᠭ᠍ᠰᠠᠨ ᠪᠠᠢᠨ᠎ᠠ᠃ ᠬᠠᠤᠯᠢ ᠲᠣᠭ᠍ᠲᠠᠭᠠᠯ᠎ᠳ᠋ᠤ ᠣᠷᠴᠢᠮ᠎ᠤᠨ ᠵᠢᠯ᠎ᠦᠨ ᠴᠠᠯᠢᠩ ᠥᠷᠢᠲᠦᠬᠦ᠌᠎ᠶ᠋ᠢ ᠦᠨᠳᠦᠰᠦᠨ᠎ᠡᠴᠡ ᠨᠢ ᠵᠠᠰᠠᠬᠤ ᠠᠵᠢᠯ᠎ᠤᠨ ᠬᠤᠷᠠᠮᠳᠤᠭᠤᠯᠤᠭ᠍ᠰᠠᠨ ᠰᠠᠢᠨ ᠲᠤᠷᠱᠢᠯᠭ᠎ᠠ ᠰᠠᠢᠨ ᠠᠷᠭ᠎ᠠ᠎ᠶ᠋ᠢ ᠳ᠋ᠦᠩᠨᠡᠨ ᠪᠡᠬᠢᠵᠢᠭᠦᠯᠪᠡ; 《ᠠᠵᠢᠯ ᠲᠥᠷᠥᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠪᠠᠯᠠ ᠮᠥᠩᠭᠥ᠎ᠶ᠋ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠲᠥᠷᠥᠯ ᠵᠦᠶ᠋ᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ》 ᠱᠠᠭᠠᠷᠳᠠᠯᠭ᠎ᠠ᠎ᠶ᠋ᠢ ᠬᠠᠤᠯᠢ ᠲᠣᠭ᠍ᠲᠠᠭᠠᠯ᠎ᠳᠤ ᠪᠢᠴᠢᠨ ᠣᠷᠣᠭᠤᠯᠪᠠ ᠁ ᠬᠠᠤᠯᠢ ᠲᠣᠭ᠍ᠲᠠᠭᠠᠬᠤ ᠬᠡᠯᠪᠡᠷᠢ᠎ᠪᠡᠷ ᠳᠠᠮᠵᠢᠭᠤᠯᠤᠨ ᠴᠠᠯᠢᠩ ᠥᠷᠢᠲᠦᠬᠦ᠌ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠬᠠᠤᠯᠢ᠎ᠪᠠᠷ ᠵᠠᠰᠠᠬᠤ ᠵᠠᠮ᠎ᠳᠤ ᠤᠯᠠᠮ ᠨᠢᠭᠡ ᠠᠯᠬᠤᠮ ᠣᠷᠣᠭᠤᠯᠵᠤ᠂ ᠬᠥᠳᠡᠯᠮᠦᠷᠢᠴᠢᠨ ᠠᠵᠤ ᠠᠬᠤᠢᠯᠠᠯ ᠬᠣᠶᠠᠷ ᠲᠠᠯ᠎ᠠ᠎ᠶ᠋ᠢᠨ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌ ᠤᠬᠠᠮᠰᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠥᠯᠥᠰᠥᠨ ᠲᠠᠷᠢᠶᠠᠴᠢᠨ᠎ᠤ 《ᠴᠠᠯᠢᠩ》 ᠤᠯᠬᠤ᠎ᠵᠢ ᠨᠠᠩ ᠰᠠᠨᠠᠭ᠎ᠠ ᠠᠮᠤᠷ ᠪᠣᠯᠭᠠᠪᠠ᠃

  ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠠᠯᠢ ᠤᠯᠠᠨ ᠬᠠᠤᠯᠢ ᠲᠣᠭ᠍ᠲᠠᠭᠠᠯ᠎ᠢ ᠲᠣᠭ᠍ᠲᠠᠭᠠᠵᠤ ᠲᠡᠭᠦᠯᠳᠡᠷᠵᠢᠭᠦᠯᠦᠭ᠌ᠰᠡᠨ ᠨᠢ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠪᠣᠳᠠᠲᠠᠢ ᠦᠢᠯᠡᠳᠦᠯᠭᠡ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠠᠷᠠᠳ ᠤᠯᠠᠨ᠎ᠤ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠦᠨ ᠲᠤᠬᠠᠢ ᠢᠳᠡᠪᠬᠢᠲᠡᠢ ᠬᠠᠷᠢᠭᠤᠯᠲᠠ ᠪᠣᠯᠬᠤ ᠶᠤᠮ᠃

  ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠤᠷᠤᠨ》᠎ᠢ᠋ ᠰᠤᠨᠳᠠᠯᠠᠵᠤ᠂ ᠪᠦᠬᠦ᠌ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠭᠣᠣᠯ ᠲᠠᠢ᠌ᠯᠠᠯᠳᠤᠭᠠᠨ᠎ᠦ ᠲᠠᠯᠠᠪᠤᠷ ᠪᠣᠯᠤᠨ᠎ᠠ᠂ 《ᠤᠮᠠᠷᠠᠲᠤ᠎ᠶᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ᠎ᠤ 《ᠬᠣᠶᠠᠷ ᠬᠠᠭᠠᠰ》 ᠨᠢ ᠮᠠᠨ᠎ᠤ ᠣᠷᠣᠨ᠎ᠳᠤ ᠪᠤᠢ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠵᠢᠯ᠎ᠢ ᠰᠠᠢᠲᠤᠷ ᠠᠳᠭᠤᠬᠤ ᠪᠣᠯ 《ᠤᠯᠤᠰ᠎ᠤᠨ ᠶᠡᠬᠡ ᠶᠠᠪᠤᠳᠠᠯ》 ᠪᠣᠯᠬᠤ ᠪᠥᠭᠡᠳ ᠪᠠᠰᠠ ᠴᠤ᠌ ᠬᠥᠭ᠌ᠵᠢᠯᠲᠡ᠎ᠶ᠋ᠢᠨ ᠬᠡᠷᠡᠭ᠌ᠴᠡᠭᠡ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯᠤᠨ᠎ᠠ᠃

  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠬᠠᠤᠯᠢ ᠲᠣᠭ᠍ᠲᠠᠭᠠᠬᠤ ᠭᠤᠤᠯ ᠤᠳᠤᠷᠢᠳᠤᠮᠵᠢ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠲᠦᠷᠢᠮ》 ᠢ᠋ ᠲᠣᠭ᠍ᠲᠠᠭᠠᠨ ᠨᠡᠢᠲᠡᠯᠡᠪᠡ᠃ ᠬᠠᠤᠯᠢ ᠲᠣᠭ᠍ᠲᠠᠭᠠᠯ ᠨᠢ ᠥᠪᠥᠷ ᠮᠣᠩᠭᠣᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠵᠢᠯ᠎ᠤᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠬᠦ᠌ ᠳᠤᠮᠳᠠᠬᠢ ᠪᠠᠢᠷᠢ ᠰᠠᠭᠤᠷᠢ ᠦᠶ᠋ᠯᠡᠳᠦᠯ᠎ᠢ ᠡᠵᠡᠮᠳᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠨ᠂ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠬᠦ᠌᠎ᠳᠦ ᠬᠠᠤᠯᠢ ᠲᠣᠭ᠍ᠲᠠᠭᠠᠬᠤ ᠪᠠᠲᠤᠯᠠᠭ᠎ᠠ ᠬᠠᠩᠭᠠᠬᠤ᠎ᠶ᠋ᠢ ᠳᠣᠪᠣᠢᠯᠭᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ᠂ ᠬᠡᠷᠡᠭ᠌ᠵᠢᠭᠦᠯᠬᠦ᠌᠂ ᠪᠠᠢᠴᠠᠭᠠᠬᠤ᠂ ᠦᠨᠡᠯᠡᠨ ᠵᠢᠱ᠌ᠢᠬᠦ᠌ ᠡᠯ᠎ᠡ ᠭᠣᠭ᠍ᠴᠣᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠬ᠍ᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠭᠤᠷ ᠠᠮᠢᠰᠭᠤᠯ᠂ ᠭᠠᠵᠠᠷ᠎ᠤᠨ ᠪᠠᠢᠴᠠ᠂ ᠤᠰᠤᠨ ᠵᠦᠢ ᠵᠡᠷᠭᠡ ᠣᠨᠴᠠᠯᠢᠭ᠎ᠲᠠᠶ ᠤᠶᠠᠯᠳᠤᠭᠤᠯᠤᠨ᠂ ᠬᠢᠨᠠᠨ ᠬᠡᠮᠵᠢᠬᠦ᠌᠂ ᠤᠷᠢᠳᠴᠢᠯᠠᠨ ᠰᠡᠷᠭᠡᠢᠯᠡᠬᠦ᠌᠂ ᠬᠠᠮᠠᠭᠠᠯᠠᠬᠤ᠂ ᠵᠠᠰᠠᠬᠤ ᠠᠷᠭ᠎ᠠ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠪᠦᠲᠦᠮᠵᠢᠲᠡᠶ ᠲᠣᠭ᠍ᠲᠠᠭᠠᠵᠤ᠂ ᠵᠦᠢ ᠵᠣᠬᠢᠰᠲᠠᠶ ᠠᠱᠢᠭ᠍ᠯᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠡᠯᠡᠰᠦ᠎ᠵᠢ ᠵᠠᠰᠠᠭ᠍ᠰᠠᠨ ᠦᠷ᠎ᠡ ᠪᠦᠲᠦᠭᠡᠯ᠎ᠢᠶᠡᠨ ᠬᠠᠤᠯᠢ ᠶᠣᠰᠣᠭᠠᠷ ᠪᠡᠬᠢᠵᠢᠭᠦᠯᠪᠡ᠃

  ᠠᠷᠠᠳ ᠲᠦᠮᠡᠨ᠎ᠦ ᠲᠥᠯᠥᠭᠡ ᠬᠠᠤᠯᠢ ᠲᠣᠭ᠍ᠲᠠᠭᠠᠵᠤ᠂ ᠬᠠᠤᠯᠢ ᠲᠣᠭ᠍ᠲᠠᠭᠠᠬᠤ᠎ᠳᠤ ᠠᠷᠠᠳ ᠲᠦᠮᠡᠨ᠎ᠢ ᠲᠦᠱᠢᠭ᠌ᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠢᠮᠠᠭ᠍ᠲᠠ ᠡᠭᠦᠳᠡ᠎ᠪᠡᠨ ᠨᠡᠭᠡᠭᠡᠵᠦ᠍ ᠬᠠᠤᠯᠢ ᠲᠣᠭ᠍ᠲᠠᠭᠠᠵᠤ᠂ ᠤᠶᠤᠨ ᠤᠬᠠᠭᠠᠨ ᠬᠦᠴᠦᠨ ᠴᠢᠳᠠᠯ᠎ᠢᠶᠠᠨ ᠲᠥᠪᠯᠡᠷᠡᠭᠦᠯᠬᠦ᠌᠎ᠶ᠋ᠢ ᠪᠠᠷᠢᠮᠲᠠᠯᠠᠪᠠ᠃ ᠬᠠᠤᠯᠢ ᠲᠣᠭ᠍ᠲᠠᠭᠠᠯ᠎ᠤᠨ ᠲᠥᠰᠦᠯ ᠨᠢᠭᠡᠪᠦᠷᠢ ᠨᠢ ᠰᠦᠯᠵᠢᠶ᠎ᠡ᠂ ᠵᠠᠭᠤᠴᠢᠯᠠᠭᠤᠷ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠨᠡᠢᠭᠡᠮ ᠨᠡᠢᠲᠡ᠎ᠡᠴᠡ ᠥᠷᠭᠡᠨ᠎ᠢᠶᠡᠷ ᠰᠠᠨᠠᠯ ᠰᠠᠨᠠᠭᠤᠯᠭ᠎ᠠ ᠬᠤᠷᠢᠶᠠᠵᠠᠢ᠃ ᠲᠥᠯᠥᠭᠡᠯᠡᠭ᠌ᠴᠢᠳ᠎ᠢ ᠢᠳᠡᠪᠬᠢᠲᠡᠢ ᠵᠣᠬᠢᠶᠠᠨ ᠪᠠᠢᠭᠤᠯᠵᠦ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠂ ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠬᠤ᠂ ᠬᠢᠨᠠᠨ ᠵᠦᠪᠯᠡᠬᠦ ᠵᠡᠷᠭᠡ ᠠᠵᠢᠯ᠎ᠳᠤ ᠣᠷᠣᠯᠴᠠᠭᠤᠯᠵᠤ᠂ ᠲᠥᠯᠥᠭᠡᠯᠡᠭ᠌ᠴᠢᠳ᠎ᠦᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠢ ᠰᠤᠳᠤᠯᠵᠤ᠂ ᠬᠦᠯᠢᠶᠡᠨ ᠠᠪᠴᠤ᠌ ᠬᠡᠷᠡᠭ᠌ᠯᠡᠪᠡ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠦᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠲᠤᠰᠭᠠᠶ ᠮᠡᠷᠭᠡᠵᠢᠯᠲᠡᠨ᠎ᠦ ᠣᠶᠤᠨ᠎ᠤ ᠬᠥᠮᠥᠷᠭᠡ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠠᠷᠠᠳᠴᠢᠯᠠᠯ᠎ᠤᠨ ᠣᠶᠤᠨ ᠤᠬᠠᠭᠠᠨ᠎ᠢ ᠬᠠᠤᠯᠢ ᠲᠣᠭ᠍ᠲᠠᠭᠠᠬᠤ ᠠᠬᠢᠴᠠ ᠳᠤᠮᠳᠠ ᠦᠷᠭᠦᠯᠵᠢᠯᠡᠨ 《ᠬᠡᠷᠡᠯ ᠭᠢᠯᠪᠠᠭ᠎ᠠ᠎ᠲᠠᠶ》 ᠪᠣᠯᠭᠠᠵᠤ᠂ ᠬᠠᠤᠯᠢ ᠲᠣᠭ᠍ᠲᠠᠭᠠᠯ ᠨᠢᠭᠡᠪᠦᠷᠢ᠎ᠶ᠋ᠢ ᠴᠥᠮ ᠠᠷᠠᠳ᠎ᠤᠨ ᠰᠠᠨᠠᠭᠠᠨ᠎ᠳᠤ ᠨᠡᠢᠴᠡᠭᠦᠯᠦᠨ᠂ ᠠᠷᠠᠳ᠎ᠤᠨ ᠠᠮᠢᠳᠤᠷᠠᠯ᠎ᠳᠤ ᠣᠢᠷᠠᠲᠤᠭᠤᠯᠵᠤ᠂ ᠠᠷᠠᠳ᠎ᠤᠨ ᠰᠡᠳᠭᠢᠯ᠎ᠳᠦ ᠨᠡᠢᠴᠡᠭᠦᠯᠪᠡ᠃

  ᠰᠠᠢᠨ ᠬᠠᠤᠯᠢ ᠠᠶᠠᠯᠠᠯ᠎ᠢ ᠬᠠᠮᠠᠭᠠᠯᠠᠵᠤ᠂ ᠰᠠᠢᠨ ᠵᠠᠰᠠᠯᠲᠠ ᠭᠡᠷᠡᠯ ᠬᠢᠯᠪᠠᠭ᠎ᠠ ᠨᠡᠮᠡᠷᠢᠯᠡᠨ᠎ᠡ᠃ 2026 ᠣᠨ᠎ᠤ 1 ᠰᠠᠷ᠎ᠠ᠎ᠶ᠋ᠢᠨ 20᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠤᠯᠢ ᠪᠡᠷ ᠵᠠᠰᠠᠬᠤ ᠬᠡᠷᠡᠭ ᠶᠠᠪᠤᠳᠠᠯ᠂ ᠬᠠᠤᠯᠢ ᠪᠡᠷ ᠵᠠᠰᠠᠬᠤ ᠬᠥᠮᠦᠨ᠎ᠢ ᠱᠢᠯᠭᠠᠷᠠᠭᠤᠯᠬᠤ ᠠᠵᠢᠯᠯᠠᠭ᠎ᠠ᠎ᠶ᠋ᠢ ᠨᠡᠢᠲᠡᠯᠡᠬᠦ᠌ ᠵᠢᠴᠢ ᠱᠠᠩᠨᠠᠯ ᠣᠯᠭᠣᠬᠤ ᠶᠣᠰᠣᠯᠠᠯ ᠬᠥᠬᠡᠬᠣᠲᠠ᠎ᠳᠤ ᠶᠠᠪᠤᠭ᠍ᠳᠠᠪᠠ᠃ 《ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ᠎ᠶ᠋ᠢ ᠪᠠᠢᠭᠤᠯᠵᠤ ᠪᠥᠬᠥ᠌ ᠲᠠᠯ᠎ᠠ᠎ᠶ᠋ᠢᠨ ᠬᠠᠤᠯᠢ ᠪᠡᠷ ᠵᠠᠰᠠᠬᠤ ᠡᠬᠢ ᠪᠠᠶᠠᠯᠢᠭ᠎ᠤᠨ ᠱᠢᠰᠲ᠋ᠧᠮ᠎ᠢ ᠪᠠᠢᠭᠤᠯᠬᠤ》 ᠵᠡᠷᠭᠡ 10 ᠬᠠᠤᠯᠢᠵᠢᠯ᠎ᠤᠨ ᠬᠡᠷᠡᠭ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠬᠠᠤᠯᠢ ᠪᠡᠷ ᠵᠠᠰᠠᠬᠤ ᠬᠡᠷᠡᠭ ᠶᠠᠪᠤᠳᠠᠯ᠎ᠢᠶᠠᠷ ᠦᠨᠡᠯᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠪᠠᠷ ᠭᠤᠤᠯᠯᠠᠭᠤᠯᠵᠤ᠂ ᠨᠢᠭᠡᠳᠦᠯᠲᠡᠶ ᠲᠦᠯᠦᠪᠵᠢᠭᠦᠯᠦᠨ ᠪᠠᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ᠎ᠤ ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ᠎ᠨᠢ ᠪᠥᠬᠥ᠌ ᠣᠷᠣᠨ᠎ᠤ ᠳᠥᠷᠪᠡᠨ ᠱᠠᠲᠤᠨ᠎ᠤ ᠲᠠᠪᠤᠨ ᠶᠡᠬᠡ ᠱᠢᠰᠲ᠋ᠧᠮ᠎ᠦᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 《ᠨᠢᠭᠡ ᠰᠦᠯᠵᠢᠶᠡᠨ᠎ᠳᠦ ᠲᠦᠪᠯᠡᠷᠡᠭᠦᠯᠬᠦ》 ᠵᠢ ᠠᠩᠬ᠎ᠠ ᠤᠳᠠᠭ᠎ᠠ ᠪᠡᠶᠡᠯᠡᠭᠦᠯᠵᠦ᠍᠂  《ᠵᠢᠷᠤᠮᠵᠢᠭᠤᠯᠵᠦ ᠴᠤᠭ᠍ᠯᠠᠭᠤᠯᠤᠨ ᠬᠠᠳᠠᠭᠠᠯᠠᠵᠤ᠂ ᠲᠦᠭᠦᠮ ᠲᠦᠳᠡ ᠪᠠᠢᠴᠠᠭᠠᠨ ᠯᠠᠪᠯᠠᠬᠤ》 ᠶ᠋ᠢ ᠪᠡᠶᠡᠯᠡᠭᠦᠯᠵᠦ᠍᠂ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠡᠬᠢ ᠪᠠᠶᠠᠯᠢᠭ᠎ᠤᠨ ᠱᠢᠰᠲ᠋ᠧᠮ᠎ᠢ ᠪᠠᠢᠭᠤᠯᠵᠤ᠂ ᠨᠡᠢᠭᠡᠮ ᠨᠡᠢᠲᠡ᠎ᠳᠦ ᠪᠥᠬᠥ᠌ ᠲᠠᠯ᠎ᠠ᠎ᠶ᠋ᠢᠨ᠂ ᠡᠷᠬᠡ ᠰᠦᠷ᠎ᠲᠡᠶ᠂ ᠱᠢᠰᠲ᠋ᠧᠮ᠎ᠲᠡᠶ᠂ ᠰᠦᠶ᠋ᠳᠭᠡᠯ ᠬᠤᠷᠢᠶᠠᠬᠤ ᠥᠬᠡᠶ ᠬᠠᠤᠯᠢ ᠲᠣᠭ᠍ᠲᠠᠭᠠᠯ ᠪᠢᠴᠢᠭ ᠮᠠᠲ᠋ᠧᠷᠢᠶᠠᠯ᠎ᠤᠨ ᠡᠬᠢ ᠪᠠᠶᠠᠯᠢᠭ᠎ᠢ ᠬᠠᠩᠭᠠᠭ᠍ᠰᠠᠨ ᠪᠠᠢᠨ᠎ᠠ᠃

  ᠭᠤᠤᠯᠳᠠᠯᠭ᠎ᠠ᠎ᠶ᠋ᠢᠨ ᠲᠣᠭᠣᠷᠢᠨ᠎ᠳᠤ ᠰᠠᠢᠨ ᠬᠠᠤᠯᠢ᠎ᠶ᠋ᠢ ᠲᠣᠭ᠍ᠲᠠᠭᠠᠵᠤ᠂ ᠶᠡᠬᠡ ᠲᠠᠯ᠎ᠠ᠎ᠳᠤ ᠦᠶ᠋ᠯᠡᠴᠢᠯᠡᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠎ᠦᠨ ᠱᠢᠨ᠎ᠡ ᠲᠡᠦᠬᠡ ᠵᠢᠨ ᠭᠠᠷᠤᠭ᠎ᠠ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠭᠤᠤᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠭᠤᠤᠯ ᠱᠢᠵᠢᠮ᠎ᠢ ᠲᠤᠭᠤᠰᠢᠯᠠᠭᠤᠯᠤᠨ᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠨ᠂ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠢᠳᠡᠪᠬᠢᠲᠡᠶ ᠵᠢᠳᠬᠦᠯ ᠴᠢᠷᠮᠠᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠭᠦᠯᠵᠦ᠂ ᠠᠨᠭᠬᠠᠨ᠎ᠤ ᠠᠯᠬᠤᠭ᠎ᠠ ᠵᠢ ᠰᠠᠢᠳᠤᠷ ᠠᠯᠬᠤᠬᠤ᠎ᠳ᠋ᠦ᠍ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ᠎ᠪᠠᠷ ᠵᠠᠰᠠᠬᠤ ᠬᠦᠴᠦᠨ ᠴᠢᠳᠠᠯ᠎ᠢᠶᠠᠨ ᠡᠷᠭᠦᠬᠦ᠌ ᠪᠣᠯᠤᠨ᠎ᠠ᠃

ᠢᠷᠡᠯᠲᠡ᠄    